9 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠡᠯ᠎ᠡ ᠱᠠᠲᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ 1012 ᠲᠦᠮᠡᠨ ᠲᠥᠭᠦᠷᠢᠭ ᠤᠨ ᠵᠣᠭᠤᠰ ᠪᠠ ᠪᠤᠳᠠᠰ ᠴᠤᠭᠯᠠᠭᠤᠯᠵᠤ᠂ ᠡᠭᠦᠨ ᠳᠤ ︽ | ᠲᠦᠭᠡᠮᠡᠯ ᠬᠠᠶᠢᠷ᠎ᠠ ᠤᠨ ᠨᠢᠭᠡ ᠡᠳᠦᠷ ᠤᠨ ᠬᠠᠨᠳᠢᠪᠯᠠᠯ︾ ︽ᠬᠠᠶᠢᠷ᠎ᠠ ᠬᠠᠯᠠᠮᠵᠢ ᠶᠢᠨ ᠬᠤᠣᠰ ᠲᠤᠰᠠᠯᠠᠮᠵᠢ︾ ᠨᠢ | 708.6 ᠲᠦᠮᠡᠨ ᠲᠥᠭᠦᠷᠢᠭ ᠤᠨ ᠲᠤᠰᠠᠯᠠᠮᠵᠢ ᠶᠢᠨ ᠵᠣᠭᠤᠰ ᠴᠤᠭᠯᠠᠭᠤᠯᠵᠤ᠂ ᠲᠥᠷᠥᠯ ᠵᠦᠢᠯ ᠢᠶᠠᠷ ᠪᠠ | ᠬᠠᠨᠳᠤᠯᠭ᠎ᠠ ᠲᠠᠢ ᠪᠠᠷ 274.1 ᠲᠦᠮᠡᠨ ᠲᠥᠭᠦᠷᠢᠭ ᠴᠤᠭᠯᠠᠭᠤᠯᠵᠤ᠂ ᠴᠤᠭᠯᠠᠭᠤᠯᠤᠭᠰᠠᠨ ᠵᠣᠭᠤᠰ ᠪᠠ ᠪᠤᠳᠠᠰ ᠢ | ᠨᠤᠭᠤᠯᠵᠤ ᠪᠣᠳᠤᠪᠠᠯ 20.3 ᠲᠦᠮᠡᠨ ᠲᠥᠭᠦᠷᠢᠭ ᠪᠠᠶᠢᠵᠤ᠂ ᠨᠡᠶᠢᠭᠡᠮᠯᠢᠭ ᠤᠨ ᠰᠦᠢᠳᠬᠡᠯ 9 ᠲᠦᠮᠡᠨ ᠲᠥᠭᠦᠷᠢᠭ | ᠬᠤᠷᠢᠶᠠᠪᠠ᠃ | ᠨᠢᠭᠡ ᠳᠤ ︽ᠲᠦᠭᠡᠮᠡᠯ ᠬᠠᠶᠢᠷ᠎ᠠ ᠤᠨ ᠨᠢᠭᠡ ᠡᠳᠦᠷ ᠤᠨ ᠬᠠᠨᠳᠢᠪᠯᠠᠯ︾ ᠪᠣᠯᠣᠨ ︽ᠬᠠᠶᠢᠷ᠎ᠠ ᠬᠠᠯᠠᠮᠵᠢ ᠶᠢᠨ | ᠬᠤᠣᠰ ᠲᠤᠰᠠᠯᠠᠮᠵᠢ︾ ᠶᠢᠨ ᠴᠤᠭᠯᠠᠭᠤᠯᠤᠭᠰᠠᠨ ᠵᠣᠭᠤᠰ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠲᠠᠢ | ᠦᠨᠳᠦᠰᠦᠨ ᠳᠡᠭᠡᠨ ᠲᠡᠩᠴᠡᠬᠦᠦ ᠪᠠᠶᠢᠪᠠ᠃ ᠰᠢᠯᠢ ᠶᠢᠨ ᠭᠤᠣᠯ ᠠᠶᠢᠮᠠᠭ ᠤᠨ 13 ᠬᠤᠰᠢᠭᠤ ᠰᠢᠶᠠᠨ ᠬᠤᠲᠠ ︵ | ᠲᠣᠭᠤᠷᠢᠭ︶ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠳ ︽ᠲᠦᠭᠡᠮᠡᠯ ᠬᠠᠶᠢᠷ᠎ᠠ ᠤᠨ ᠨᠢᠭᠡ ᠡᠳᠦᠷ ᠤᠨ | ᠬᠠᠨᠳᠢᠪᠯᠠᠯ︾ ᠪᠣᠯᠣᠨ ︽ᠬᠠᠶᠢᠷ᠎ᠠ ᠬᠠᠯᠠᠮᠵᠢ ᠶᠢᠨ ᠬᠤᠣᠰ ᠲᠤᠰᠠᠯᠠᠮᠵᠢ︾ ᠶᠢᠨ ᠵᠣᠭᠤᠰ ᠴᠤᠭᠯᠠᠭᠤᠯᠬᠤ ᠠᠵᠢᠯ ᠤᠨ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠱᠠᠭᠠᠷᠳᠠᠯᠭ᠎ᠠ ᠶᠣᠰᠣᠭᠠᠷ ᠪᠦᠬᠦᠨ ᠢᠶᠠᠷ ᠢᠶᠠᠨ ᠵᠣᠭᠤᠰ | ᠴᠤᠭᠯᠠᠭᠤᠯᠬᠤ ᠠᠵᠢᠯ ᠢ ᠡᠬᠢᠯᠡᠭᠦᠯᠵᠦ᠂ ᠴᠤᠭᠯᠠᠭᠤᠯᠤᠭᠰᠠᠨ ᠵᠣᠭᠤᠰ ᠤᠨ ᠲᠤᠭ᠎ᠠ ᠨᠢ ᠠᠳᠠᠯᠢ ᠬᠤᠭᠤᠴᠠᠭᠠᠨ ᠤ | ᠬᠢ ᠠᠴᠠ 1% ᠪᠠᠷ ᠨᠡᠮᠡᠭᠳᠡᠪᠡ᠃ ᠡᠭᠦᠨ ᠳᠤ᠄ ᠰᠢᠯᠢ ᠶᠢᠨ ᠬᠤᠲᠠ 150.9 ᠲᠦᠮᠡᠨ ᠲᠥᠭᠦᠷᠢᠭ ᠂ | ᠲᠤᠯᠤᠨᠨᠤᠤᠷ ᠰᠢᠶᠠᠨ 96.4 ᠲᠦᠮᠡᠨ ᠲᠥᠭᠦᠷᠢᠭ᠂ ᠲᠠᠶᠢᠫᠤᠰᠧ ᠬᠤᠰᠢᠭᠤ 91 ᠲᠦᠮᠡᠨ ᠲᠥᠭᠦᠷᠢᠭ᠂ ᠪᠠᠷᠠᠭᠤᠨ | ᠦᠵᠦᠮᠦᠴᠢᠨ ᠬᠤᠰᠢᠭᠤ 84.8 ᠲᠦᠮᠡᠨ ᠲᠥᠭᠦᠷᠢᠭ᠂ ᠵᠡᠭᠦᠨ ᠦᠵᠦᠮᠦᠴᠢᠨ ᠬᠤᠰᠢᠭᠤ 50.4 ᠲᠦᠮᠡᠨ | ᠲᠥᠭᠦᠷᠢᠭ᠂ ᠬᠥᠪᠡᠭᠡᠲᠦ ᠰᠢᠷ᠎ᠠ ᠬᠤᠰᠢᠭᠤ 40.9 ᠲᠦᠮᠡᠨ ᠲᠥᠭᠦᠷᠢᠭ᠂ ᠠᠪᠠᠭ᠎ᠠ ᠬᠤᠰᠢᠭᠤ 36.1 ᠲᠦᠮᠡᠨ | ᠲᠥᠭᠦᠷᠢᠭ᠂ ᠰᠢᠯᠤᠭᠤᠨ ᠬᠥᠬᠡ ᠬᠤᠰᠢᠭᠤ 33.9 ᠲᠦᠮᠡᠨ ᠲᠥᠭᠦᠷᠢᠭ᠂ ᠰᠢᠯᠤᠭᠤᠨ ᠬᠦᠪᠡᠭᠡᠳᠦ ᠴᠠᠭᠠᠨ | ᠬᠤᠰᠢᠭᠤ 31 ᠲᠦᠮᠡᠨ ᠲᠥᠭᠦᠷᠢᠭ᠂ ᠡᠷᠢᠶᠡᠨ ᠬᠤᠲᠠ 25.6 ᠲᠦᠮᠡᠨ ᠲᠥᠭᠦᠷᠢᠭ᠂ ᠤᠯᠠᠭᠠᠶ ᠬᠠᠮᠢᠶᠠᠷᠤᠯᠲᠠ ᠶᠢᠨ | ᠣᠷᠣᠨ 20.8 ᠲᠦᠮᠡᠨ ᠲᠥᠭᠦᠷᠢᠭ᠂ ᠰᠥᠨᠢᠳ ᠪᠠᠷᠠᠭᠤᠨ ᠬᠤᠰᠢᠭᠤ 16.7 ᠲᠦᠮᠡᠨ ᠲᠥᠭᠦᠷᠢᠭ᠂ ᠰᠦᠨᠢᠳ | ᠵᠡᠭᠦᠨ ᠬᠤᠰᠢᠭᠤ 6.5 ᠲᠦᠮᠡᠨ ᠲᠥᠭᠦᠷᠢᠭ ᠴᠤᠭᠯᠠᠭᠤᠯᠪᠠ᠃ | ᠬᠤᠶᠠᠷ ᠲᠤ ᠵᠦᠢᠯ ᠳᠤ ᠬᠠᠨᠳᠤᠭᠤᠯᠤᠨ ᠪᠡᠯᠡ ᠮᠥᠩᠭᠦ ᠴᠤᠭᠯᠠᠭᠤᠯᠬᠤ ᠳᠤ ᠵᠢᠷᠤᠮᠵᠢᠯ ᠪᠣᠯᠤᠨ | ᠬᠠᠮᠢᠶᠠᠷᠤᠯᠲᠠ ᠶᠢ ᠴᠢᠬᠤᠯᠠᠴᠢᠯᠠᠪᠠ᠃ ᠵᠦᠢᠯ ᠳᠤ ᠬᠠᠨᠳᠤᠭᠤᠯᠤᠨ ᠴᠤᠭᠯᠠᠭᠤᠯᠤᠭᠰᠠᠨ ᠵᠤᠭᠤᠰ ᠤᠨ ᠲᠤᠭ᠎ᠠ 250. | 1 ᠲᠦᠮᠡᠨ ᠲᠥᠭᠦᠷᠢᠭ ᠪᠣᠯᠤᠨ᠎ᠠ᠃ ᠡᠭᠦᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤ ᠶᠢᠨ | ᠨᠤᠲᠤᠭ ᠪᠡᠯᠴᠢᠭᠡᠷ ᠤᠨ ᠭᠠᠯ ᠤᠨ ᠭᠠᠮᠰᠢᠭ ᠲᠤ 193.05 ᠲᠦᠮᠡᠨ ᠲᠥᠭᠦᠷᠢᠭ ᠤᠨ ᠵᠤᠭᠤᠰ ᠴᠤᠭᠯᠠᠭᠤᠯᠵᠤ | ᠲᠤᠰᠠᠯᠠᠪᠠ᠃ ᠰᠥᠨᠢᠳ ᠪᠠᠷᠠᠭᠤᠨ ᠬᠤᠰᠢᠭᠤᠨ ᠤ ᠶᠢᠨ ᠰᠢ ᠠᠭᠤᠷᠬᠠᠶ ᠶᠢᠨ ᠦᠢᠯᠡᠰ ᠨᠢ ᠨᠡᠶᠢᠭᠡᠮ ᠤᠨ ᠰᠣᠶᠣᠯ | ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ 50 ᠲᠦᠮᠡᠨ ᠲᠥᠭᠦᠷᠢᠭ ᠤᠨ ᠵᠣᠭᠤᠰ ᠲᠤᠰᠠᠯᠠᠪᠠ᠃ | ᠰᠢᠯᠢ ᠶᠢᠨ ᠬᠤᠲᠠ᠂ ᠡᠷᠢᠶᠡᠨ ᠬᠤᠲᠠ ᠡᠮᠨᠡᠯᠭᠡ ᠶᠢ ᠲᠤᠰᠠᠯᠠᠬᠤ᠂ ︽ᠵᠡᠭᠦᠨ ᠦᠵᠦᠮᠦᠴᠢᠨ ᠬᠤᠰᠢᠭᠤᠨ ᠤ | ᠠᠩᠬᠠᠳᠤᠭᠠᠷ ᠬᠤᠭᠤᠴᠠᠭᠠᠨ ᠤ ᠣᠶᠣᠲᠠᠳ ᠤᠨ ᠦᠷᠦᠰᠢᠶᠡᠯ ᠲᠤᠰᠠᠯᠠᠮᠵᠢ ᠶᠢᠨ ᠵᠢᠷᠤᠮ ᠤᠨ ᠲᠣᠭᠯᠠᠯᠲᠠ ᠶᠢᠨ | ᠦᠳᠡᠰᠢᠯᠡᠭᠡ ︾ ᠪᠠᠷ ᠰᠤᠷᠤᠯᠭ᠎ᠠ ᠶᠢ ᠲᠡᠳᠬᠦᠬᠦ ᠵᠡᠷᠭᠡ ᠨᠢ ᠵᠦᠢᠯ ᠳᠤ ᠬᠠᠨᠳᠤᠭᠤᠯᠤᠨ 7.05 ᠲᠦᠮᠡᠨ ᠲᠥᠭᠦᠷᠢᠭ | ᠴᠤᠭᠯᠠᠭᠤᠯᠪᠠ᠃ ᠡᠯ᠎ᠡ ᠱᠠᠲᠤᠨ ᠤ ᠤᠯᠠᠭᠠᠨ ᠵᠠᠯᠮᠠᠭᠠᠶᠢᠲᠠᠨ ᠤ ᠨᠡᠶᠢᠭᠡᠮᠯᠢᠭ ᠤᠳ ᠲᠤᠰᠠᠯᠠᠨ ᠬᠦᠷᠭᠡᠭᠰᠡᠳ ᠤᠨ | ᠬᠦᠰᠡᠯ ᠰᠠᠨᠠᠭ᠎ᠠ ᠶᠢ ᠴᠢᠩᠭ᠎ᠠ ᠵᠢᠷᠤᠮᠯᠠᠨ᠂ ᠲᠤᠰᠠᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠦᠯᠢᠶᠡᠨ | ᠠᠪᠬᠤ᠂ ᠵᠠᠷᠤᠴᠠᠭᠤᠯᠬᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠪᠡ᠃ | ᠭᠤᠷᠪᠠ ᠳᠤ ᠲᠥᠷᠥᠯ ᠵᠦᠢᠯ ᠢᠶᠠᠷ ᠪᠡᠯᠡ ᠮᠥᠩᠭᠦ ᠴᠤᠭᠯᠠᠭᠤᠯᠬᠤ ᠶᠢ ᠬᠠᠶᠢᠨ ᠰᠦᠪᠡᠭᠴᠢᠯᠡᠵᠦ ᠲᠦᠯᠬᠢᠨ | ᠠᠬᠢᠭᠤᠯᠪᠠ᠃ ︽ᠬᠠᠶᠢᠷ᠎ᠠ ᠬᠠᠯᠠᠮᠵᠢ ᠪᠠᠨ ᠬᠠᠨᠳᠢᠪᠯᠡᠵᠦ᠂ ᠨᠡᠶᠢᠲᠡ ᠶᠢᠨ ᠠᠰᠠᠷᠠᠮᠵᠢ ᠶᠢᠨ ᠰᠤᠷᠭᠠᠨ ᠬᠦᠮᠦᠵᠢᠯ ᠳᠤ | ᠲᠤᠰᠠᠯᠠᠬᠤ︾ ᠰᠢᠯᠢ ᠶᠢᠨ ᠭᠤᠣᠯ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠳᠤ ᠰᠣᠶᠣᠯ ᠪᠡᠶ᠎ᠡ ᠶᠢᠨ ᠲᠠᠮᠢᠷ ᠤᠨ | ᠪᠠᠭᠠᠵᠢ ᠬᠡᠷᠡᠭᠰᠡᠯ ᠲᠤᠰᠠᠯᠠᠨ ᠬᠦᠷᠭᠡᠬᠦ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠲᠥᠰᠥᠪᠯᠡᠨ ᠭᠠᠷᠭᠠᠵᠤ᠂ | ᠲᠥᠷᠥᠯ ᠵᠦᠢᠯ ᠤᠨ ᠪᠡᠯᠡ ᠮᠥᠩᠭᠦ ᠴᠤᠭᠯᠠᠭᠤᠯᠬᠤ ᠠᠯᠪᠠᠨ ᠭᠡᠷ ᠪᠠᠶᠢᠭᠤᠯᠤᠨ᠂ ᠰᠠᠶᠢᠨ ᠳᠤᠷ᠎ᠠ ᠶᠢᠨ ᠠᠵᠢᠯ ᠤᠨ | ᠪᠦᠯᠬᠦᠮ ᠤᠨ ᠬᠢᠨ ᠢ ᠡᠯᠰᠡᠪᠡ᠃ ᠣᠳᠣᠬᠠᠨ ᠳᠤ 34 ᠲᠦᠮᠡᠨ ᠲᠥᠭᠦᠷᠢᠭ ᠴᠤᠭᠯᠠᠭᠤᠯᠵᠤ᠂ ᠬᠠᠶᠢᠷ᠎ᠠ ᠬᠠᠯᠠᠮᠵᠢ ᠶᠢᠨ | ᠠᠵᠤ ᠠᠬᠤᠶᠢᠯᠠᠯ ᠯᠤᠭ᠎ᠠ 60 ᠲᠦᠮᠡᠨ ᠲᠦᠬᠦᠷᠢᠭ ᠲᠤᠰᠠᠯᠠᠨ ᠬᠦᠷᠭᠡᠬᠦ ᠰᠠᠨᠠᠮᠵᠢ ᠲᠣᠭᠲᠠᠪᠠ᠃ ᠰᠢᠯᠢ ᠶᠢᠨ ᠬᠤᠲᠠ | ᠂ ᠲᠠᠶᠢᠫᠤᠰᠧ ᠬᠤᠰᠢᠭᠤᠨ ᠤ ᠬᠠᠪᠤᠷ ᠤᠨ ᠤᠯᠠᠷᠢᠯ ᠤᠨ ᠵᠡᠭᠡᠯᠢ ᠪᠠᠷ ᠶᠠᠪᠤᠵᠤ ᠳᠡᠯᠭᠡᠭᠦᠷ ᠲᠣᠭᠤᠷᠢᠭᠰᠠᠳ ᠢᠶᠠᠷ | ᠬᠠᠨᠳᠢᠪᠯᠠᠭᠤᠯᠬᠤ ᠲᠥᠷᠥᠯ ᠵᠦᠢᠯ ᠤᠨ ᠴᠤᠭᠯᠠᠭᠤᠯᠤᠭᠰᠠᠨ 10.3 ᠲᠦᠮᠡᠨ ᠲᠥᠭᠦᠷᠢᠭ ᠤᠨ ᠡᠳ᠋ ᠪᠠᠷᠠᠭ᠎ᠠ ᠶᠢ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠭᠰᠠᠨ ᠪᠦᠸᠧ ᠠᠢ ᠬᠡᠳᠦ ᠳᠡᠯᠭᠡᠭᠦᠷ ᠲᠤ ᠨᠦᠬᠦᠪᠦᠷᠢ ᠪᠣᠯᠭᠠᠵᠤ | ᠥᠭᠪᠡ᠃ |