ᠳᠠᠶᠢᠭ᠎ᠠ ᠶᠢᠨ ᠨᠠᠭᠤᠷ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠡᠨᠡ ᠵᠢᠯ ᠤᠨ 9 | ᠳ᠋ᠦ᠋ᠭᠡᠷ ᠰᠠᠷ᠎ᠠ ᠳᠤ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠶᠢᠨ ᠲᠣᠣᠷ ᠲᠤ ᠣᠷᠣᠬᠤ ᠪᠠᠷ | ᠵᠢᠩᠬᠢᠨᠢ ᠪᠠᠷ ᠭᠤᠶᠤᠴᠢᠯᠠᠵᠤ᠂ ᠣᠶᠢᠷ᠎ᠠ ᠳᠤ ᠠᠮᠵᠢᠯᠲᠠ ᠲᠠᠢ ᠪᠠᠷ ᠵᠥᠪᠰᠢᠶᠡᠷᠡᠭᠳᠡᠪᠡ᠃ ᠯᠢᠶᠠᠩᠴᠧᠩ ᠰᠢᠶᠠᠨ ᠤ | ᠵᠡᠭᠦᠨ ᠡᠮᠦᠨ᠎ᠡ ᠪᠠᠶᠢᠷᠢᠯᠠᠵᠤ ᠪᠠᠶᠢᠭ᠎ᠠ ᠳᠠᠶᠢᠭ᠎ᠠ ᠶᠢᠨ ᠨᠠᠭᠤᠷ ᠨᠢ ᠵᠡᠭᠦᠨᠰᠢ ᠪᠠᠷᠠᠭᠤᠨᠰᠢ ᠣᠷᠳᠣ ᠪᠠᠷ ᠢᠶᠠᠨ ᠪᠠᠷᠤᠭ 25 | ᠺᠢᠯᠣᠮᠧᠲᠷ᠂ ᠡᠮᠦᠨᠡᠰᠢ ᠤᠮᠠᠷᠠᠰᠢ ᠥᠷᠭᠡᠨ ᠢᠶᠠᠷ ᠢᠶᠠᠨ ᠪᠠᠷᠤᠭ 20 ᠺᠢᠯᠣᠮᠧᠲᠷ᠂ ᠨᠠᠭᠤᠷ ᠤᠨ ᠡᠷᠭᠢ ᠶᠢᠨ | ᠱᠤᠭᠤᠮ ᠤᠨ ᠣᠷᠳᠣ ᠨᠢ 61.56 ᠺᠢᠯᠣᠮᠧᠲᠷ᠂ ᠪᠠᠶᠢᠩᠭᠤ ᠶᠢᠨ ᠬᠡᠷᠡᠭᠯᠡᠭᠡᠨ ᠤ ᠨᠠᠭᠤᠷ ᠴᠥᠭᠦᠷᠥᠮ ᠤᠨ ᠲᠠᠯᠠᠪᠠᠶ ᠨᠢ | 160 ᠲᠡᠭᠰᠢ ᠳᠥᠷᠪᠡᠯᠵᠢᠨ ᠺᠢᠯᠣᠮᠧᠲᠷ᠂ ᠳᠤᠮᠳᠠᠴᠢ ᠤᠰᠤᠨ ᠤ ᠭᠦᠨ ᠨᠢ 9 ᠮᠧᠲᠷ ᠣᠷᠴᠢᠮ᠂ ᠬᠠᠮᠤᠭ ᠶᠡᠭᠡ | ᠭᠦᠨ ᠤ ᠬᠡᠮᠵᠢᠶ᠎ᠡ ᠨᠢ 18 ᠮᠧᠲᠷ᠂ ᠪᠠᠭᠲᠠᠭᠠᠮᠵᠢ ᠨᠢ 9.89 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠪᠠᠶᠢᠳᠠᠭ᠃ ᠳᠠᠶᠢᠭ᠎ᠠ ᠶᠢᠨ ᠨᠠᠭᠤᠷ ᠤᠨ ᠳᠥᠷᠪᠡᠨ ᠲᠠᠯ᠎ᠠ ᠶᠢᠨ ᠨᠤᠭᠤ ᠭᠠᠵᠠᠷ ᠤᠨ ᠣᠷᠴᠢᠨ ᠲᠣᠭᠤᠷᠢᠨ ᠤ | ᠬᠠᠮᠠᠭᠠᠯᠠᠯᠲᠠ ᠨᠢ ᠰᠠᠶᠢᠨ ᠪᠠᠶᠢᠵᠤ᠂ ᠨᠤᠭᠤ ᠭᠠᠵᠠᠷ ᠤᠨ ᠶᠡᠷᠦᠩᠬᠡᠶ ᠲᠠᠯᠠᠪᠠᠶ ᠨᠢ 2.7 ᠲᠦᠮᠡᠨ ᠾᠧᠺᠲ᠋ᠠᠷ᠂ ᠨᠤᠭᠤ | ᠭᠠᠵᠠᠷ ᠤᠨ ᠳᠣᠲᠣᠷ᠎ᠠ ᠤᠰᠤ ᠡᠯᠪᠡᠭ ᠪᠡᠯᠴᠢᠭᠡᠷ ᠰᠢᠮᠡᠯᠢᠭ᠂ ᠨᠠᠭᠤᠷ ᠤᠨ ᠰᠠᠶᠢᠷᠭᠠᠯ ᠤᠨ ᠨᠤᠲᠤᠭ ᠪᠡᠯᠴᠢᠭᠡᠷ ᠥᠷᠭᠡᠨ | ᠠᠭᠤᠳᠠᠮ᠂ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ 56 ᠵᠦᠢᠯ ᠤᠨ ᠨᠤᠭᠤ ᠭᠠᠵᠠᠷ ᠤᠨ ᠵᠦᠯᠭᠡᠷᠭᠡᠭ ᠤᠷᠭᠤᠮᠠᠯ᠂ | 5 ᠲᠦᠮᠡᠨ ᠮᠥ ᠵᠡᠭᠡᠰᠦ ᠪᠠᠶᠢᠵᠤ᠂ 2009 ᠣᠨ ᠳᠤ ᠤᠯᠤᠰ ᠤᠨ 4A ᠲᠠᠰ ᠤᠨ ᠦᠵᠡᠮᠵᠢᠲᠦ ᠣᠷᠣᠨ ᠢᠶᠠᠷ | ᠵᠢᠩᠬᠢᠨᠢ ᠪᠠᠷ ᠦᠨᠡᠯᠡᠭᠳᠡᠪᠡ᠃ ᠬᠠᠲᠤᠨ ᠭᠤᠣᠯ ᠤᠨ ᠰᠠᠪᠠ ᠭᠠᠵᠠᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ | ᠲᠣᠣᠷ ᠨᠢ 2014 ᠣᠨ ᠤ 10 ᠳ᠋ᠤᠭᠠᠷ ᠰᠠᠷ᠎ᠠ ᠶᠢᠨ 21 ᠤ ᠡᠳᠦᠷ ᠪᠠᠶᠢᠭᠤᠯᠤᠭᠳᠠᠵᠤ᠂ ᠬᠠᠲᠤᠨ ᠭᠤᠣᠯ ᠤᠨ | ᠰᠠᠪᠠ ᠭᠠᠵᠠᠷ ᠤᠨ 9 ᠮᠤᠵᠢ ︵ᠣᠷᠣᠨ︶ ᠶᠢᠨ ᠨᠤᠭᠤ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠨᠤᠭᠤ | ᠭᠠᠵᠠᠷ ᠤᠨ ᠬᠠᠮᠠᠭᠠᠯᠠᠯᠲᠠ ᠶᠢᠨ ᠣᠷᠣᠨ᠂ ᠴᠢᠭᠢᠭᠯᠢᠭ ᠨᠤᠭᠤ ᠭᠠᠵᠠᠷ ᠤᠨ ᠴᠡᠴᠡᠷᠯᠢᠭ᠂ ᠨᠤᠭᠤ ᠭᠠᠵᠠᠷ ᠤᠨ | ᠰᠤᠳᠤᠯᠭᠠᠨ ᠤ ᠨᠢᠭᠡᠴᠡ᠂ ᠨᠤᠭᠤ ᠭᠠᠵᠠᠷ ᠢ ᠬᠠᠮᠠᠭᠠᠯᠠᠬᠤ ᠨᠡᠶᠢᠭᠡᠮ ᠤᠨ ᠪᠦᠯᠬᠦᠮ ᠵᠡᠷᠭᠡ ᠪᠠᠷ ᠪᠦᠷᠢᠯᠳᠦᠪᠡ᠃ | ᠪᠠᠶᠢᠭᠤᠯᠤᠭᠳᠠᠭᠰᠠᠨ ᠠᠴᠠ ᠪᠠᠨ ᠨᠠᠰᠢ᠂ ᠲᠤᠰ ᠲᠣᠣᠷ ᠨᠢ ᠬᠠᠲᠤᠨ ᠭᠤᠣᠯ ᠤᠨ ᠰᠠᠪᠠ ᠭᠠᠵᠠᠷ ᠳᠠᠬᠢ ᠴᠢᠭᠢᠭᠯᠢᠭ | ᠭᠠᠵᠠᠷ ᠤᠨ ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠰᠠᠪᠠ ᠭᠠᠵᠠᠷ ᠤᠨ ᠨᠤᠭᠤ ᠭᠠᠵᠠᠷ ᠢ ᠬᠠᠮᠠᠭᠠᠯᠠᠨ ᠬᠠᠮᠢᠶᠠᠷᠬᠤ | ᠬᠢᠷᠢ ᠲᠥᠪᠰᠢᠨ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠨᠤᠭᠤ ᠭᠠᠵᠠᠷ ᠤᠨ | ᠬᠠᠮᠠᠭᠠᠯᠠᠯᠲᠠ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠪᠣᠯᠣᠨ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠨᠤᠭᠤ ᠭᠠᠵᠠᠷ ᠤᠨ ᠡᠬᠢ | ᠪᠠᠶᠠᠯᠢᠭ ᠢ ᠵᠣᠬᠢᠰᠲᠠᠶ ᠠᠰᠢᠭᠯᠠᠬᠤ ᠪᠠ ᠦᠷᠭᠦᠯᠵᠢᠯᠡᠨ ᠬᠦᠭᠵᠢᠭᠦᠯᠬᠦ ᠶᠢ ᠠᠬᠢᠭᠤᠯᠬᠤ ᠳᠤ ᠢᠳᠡᠪᠬᠢᠲᠡᠶ ᠦᠢᠯᠡᠳᠦᠯ | ᠦᠵᠡᠭᠦᠯᠦᠭᠰᠡᠨ ᠪᠠᠶᠢᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠨᠤᠭᠤ ᠭᠠᠵᠠᠷ ᠤᠨ ᠲᠣᠣᠷ ᠤᠨ ᠪᠦᠷᠢᠯᠳᠦᠬᠦᠨ | ᠪᠣᠯᠣᠭᠰᠠᠨ ᠤ ᠰᠡᠭᠦᠯᠡᠷ᠂ ᠳᠠᠶᠢᠭ᠎ᠠ ᠶᠢᠨ ᠨᠠᠭᠤᠷ ᠤᠨ ᠨᠤᠭᠤ ᠭᠠᠵᠠᠷ ᠨᠢ ᠨᠤᠭᠤ ᠭᠠᠵᠠᠷ ᠢ ᠬᠠᠮᠠᠭᠠᠯᠠᠬᠤ | ᠮᠡᠷᠭᠡᠵᠢᠯ ᠤᠨ ᠵᠥᠪᠯᠡᠯᠭᠡ᠂ ᠮᠡᠳᠡᠭᠡ ᠵᠠᠩᠭᠢ ᠶᠢᠨ ᠰᠣᠯᠢᠯᠴᠠᠭ᠎ᠠ᠂ ᠠᠵᠢᠯᠳᠠᠨ ᠤ ᠪᠣᠯᠪᠠᠰᠤᠷᠠᠭᠤᠯᠤᠯ ᠪᠣᠯᠣᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠡᠷᠭᠡ ᠲᠠᠯ᠎ᠠ ᠪᠠᠷ ᠰᠢᠨ᠎ᠡ ᠳᠡᠭᠲᠡᠷ ᠲᠤ ᠭᠠᠷᠬᠤ ᠪᠣᠯᠣᠮᠵᠢ | ᠲᠠᠢ ᠪᠣᠯᠪᠠ ᠃ |