ᠤᠯᠠᠭᠠᠨᠴᠠᠪ ᠬᠤᠲᠠ ᠮᠣᠩᠭᠤᠯ ᠬᠡᠯᠡ ᠦᠰᠦᠭ ᠪᠢᠴᠢᠭ ᠤᠨ ᠠᠵᠢᠯ ᠢ ᠭᠦᠨᠵᠡᠭᠡᠶ ᠪᠦᠲᠦᠮᠵᠢᠲᠡᠶ ᠠᠬᠢᠭᠤᠯᠵᠤ ᠪᠤᠢ
ᠨᠡᠶᠢᠲᠡᠯᠡᠭᠰᠡᠨ ᠴᠠᠭ᠄
2015/11/12
     2015 ᠣᠨ ᠳᠤ᠂ ᠤᠯᠠᠭᠠᠨᠴᠠᠪ ᠬᠤᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠎ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠥᠩᠭᠡᠨ ᠬᠡᠷᠡᠭᠯᠡᠭᠡᠨ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠬᠦ ᠶᠢ ᠵᠠᠰᠠᠨ ᠴᠡᠭᠴᠡᠯᠡᠬᠦ᠂ ᠮᠣᠩᠭᠤᠯ ᠬᠡᠯᠡᠨ ᠤ ᠡᠯ᠎ᠡ ᠲᠥᠷᠦᠯ ᠤᠨ  ᠪᠣᠯᠪᠠᠰᠤᠷᠠᠭᠤᠯᠤᠯ ᠤᠨ ᠠᠩᠭᠢ ᠶᠢ ᠡᠷᠬᠢᠯᠡᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠭᠦᠨᠵᠡᠭᠡᠶ ᠪᠦᠲᠦᠮᠵᠢᠲᠡᠢ  ᠲᠦᠯᠬᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠠᠶ᠃      ᠨᠢᠭᠡ ᠳᠤ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠭᠰᠡᠨ ᠶᠠᠪᠤᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠪᠠ᠃ 11 ᠬᠤᠰᠢᠭᠤ ᠰᠢᠶᠠᠨ ᠬᠤᠲᠠ ᠲᠣᠭᠤᠷᠢᠭ ᠤᠨ ᠨᠡᠶᠢᠭᠡᠮ ᠤᠨ ᠤᠢᠩᠭᠡᠠ ᠬᠡᠷᠡᠭᠯᠡᠭᠡᠨ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠭᠰᠡᠨ ᠢ ᠬᠢᠨᠠᠵᠤ ᠪᠠᠶᠢᠴᠠᠭᠠᠵᠤ᠂ ᠵᠢᠨᠢᠩ ᠲᠣᠭᠤᠷᠢᠭ ᠤᠨ110 ᠡᠷᠦᠬᠡ ᠵᠠᠷ ᠮᠡᠳᠡᠭᠡ ᠫᠠᠶᠢᠰᠠ ᠢᠯᠡᠷᠬᠡᠶᠢᠯᠡᠯ ᠦᠢᠯᠡᠳᠬᠦ ᠠᠵᠤ ᠠᠬᠤᠶᠢᠯᠠᠯ ᠯᠤᠭ᠎ᠠ ︽ᠤᠯᠠᠭᠠᠨᠴᠠᠪ ᠬᠤᠲᠠ ᠶᠢᠨ ᠨᠡᠶᠢᠭᠡᠮ ᠤᠨ ᠤᠢᠩᠭᠡᠠ ᠬᠡᠷᠡᠭᠯᠡᠭᠡᠨ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠬᠦ ᠬᠠᠮᠢᠶᠠᠷᠤᠯᠲᠠ ᠶᠢᠨ ᠫᠠᠶᠢᠰᠠ ᠢᠯᠡᠷᠬᠡᠶᠢᠯᠡᠯ ᠦᠢᠯᠡᠳᠬᠦ ᠬᠠᠷᠢᠭᠤᠴᠠᠯᠭ᠎ᠠ ᠶᠢᠨ ᠪᠢᠴᠢᠭ︾ ᠲᠣᠭᠲᠠᠵᠤ᠂ ᠬᠤᠳᠠ ᠶᠢᠨ ᠵᠠᠮ ᠲᠡᠭᠡᠭᠡᠪᠦᠷᠢ ᠶᠢᠨ  ᠲᠣᠪᠴᠢᠶ᠎ᠠ ᠲᠠᠢ ᠬᠤᠯᠪᠣᠭᠠᠯᠠᠨ ᠬᠤᠯᠠ ᠵᠠᠮ ᠤᠨ ᠠᠶᠠᠨᠴᠢᠳ ᠤᠨ ᠮᠠᠰᠢᠨ ᠲᠡᠷᠭᠡᠨ ᠤ 11 ᠥᠷᠲᠡᠭᠡ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠭᠰᠡᠨ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠣᠨᠣᠪᠴᠢ ᠦᠭᠡᠢ᠂ ᠪᠠᠷᠢᠮᠵᠢᠶ᠎ᠠ ᠦᠭᠡᠢ᠂ ᠵᠢᠷᠤᠮᠵᠢᠯ ᠦᠭᠡᠢ ᠵᠡᠷᠭᠡ ᠠᠰᠠᠭᠤᠳᠠᠯ ᠢ  ᠬᠤᠭᠤᠴᠠᠭ᠎ᠠ ᠲᠣᠭᠲᠠᠨ ᠴᠡᠭᠴᠡᠯᠡᠨ ᠵᠠᠰᠠᠪᠠ᠃      ᠬᠤᠶᠠᠷ ᠲᠤ ᠨᠠᠮ ᠵᠠᠰᠠᠭ ᠤᠨ ᠪᠠᠶᠢᠭᠤᠯᠭ᠎ᠠ ᠬᠠᠤᠯᠢ ᠶᠣᠰᠣᠭᠠᠷ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠰᠤᠷᠴᠤ ᠬᠡᠷᠡᠭᠯᠡᠬᠦ ᠶᠢ ᠵᠢᠷᠤᠮᠵᠢᠭᠤᠯᠪᠠ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠤᠯᠠᠨ ᠲᠦᠮᠡᠨ ᠤ ᠪᠦᠯᠬᠦᠮ ᠤᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠭᠰᠡᠨ ᠪᠠᠶᠢᠳᠠᠯ ᠢ ᠬᠢᠨᠠᠨ ᠪᠠᠶᠢᠴᠠᠭᠠᠪᠠ᠃ ᠬᠤᠲᠠ᠂ ᠲᠣᠭᠤᠷᠢᠭ ᠤᠨ ᠬᠤᠶᠠᠷ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠰᠦᠯᠵᠢᠶᠡᠨ ᠤ ᠨᠡᠷᠡᠶᠢᠳᠦᠯ ᠳᠤ  ᠴᠦᠮ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠬᠡᠷᠡᠭᠯᠡᠬᠦ ᠶᠢ ᠪᠡᠶᠡᠯᠡᠭᠦᠯᠪᠡ︔ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠵᠡᠷᠭᠡ ᠨᠢᠭᠡᠴᠡ ᠶᠡᠭᠡ ᠬᠤᠷᠠᠯ ᠬᠤᠷᠠᠯᠳᠤᠭᠤᠯᠬᠤ ᠳᠠᠭᠠᠨ ᠬᠤᠶᠠᠷ ᠵᠦᠢᠯ ᠤᠨ ᠦᠰᠦᠭ ᠪᠢᠴᠢᠭ ᠪᠣᠯᠣᠨ ᠦᠭᠡ ᠬᠡᠯᠡ ᠶᠢ ᠲᠦᠷᠦᠭᠦᠯᠡᠨ ᠬᠡᠷᠡᠭᠯᠡᠪᠡ︔ ᠤᠯᠠᠭᠠᠨᠴᠠᠪ ᠡᠳᠦᠷ ᠤᠨ ᠰᠣᠨᠢᠨ ᠤ ᠬᠤᠷᠢᠶ᠎ᠠ ᠮᠣᠩᠭᠤᠯ ᠬᠡᠯᠡᠨ ᠤ ᠶᠠᠷᠢᠯᠴᠠᠭᠠᠨ ᠤ ᠠᠩᠭᠢ ᠡᠷᠬᠢᠯᠡᠵᠦ᠂ ︽ᠤᠯᠠᠭᠠᠨᠴᠠᠪ ᠤᠨ ᠡᠳᠦᠷ ᠤᠨ ᠰᠣᠨᠢᠨ︾ ︵ᠬᠢᠲᠠᠳ ᠬᠡᠪᠯᠡᠯ︶᠎ ᠤ ᠰᠣᠨᠢᠨ ᠤ ᠬᠠᠶᠠᠭ ᠤᠨ ᠮᠣᠩᠭᠤᠯ ᠬᠡᠯᠡᠨ ᠤ ᠪᠠᠶᠢᠷᠢᠯᠠᠯ ᠪᠣᠯᠣᠨ ᠬᠠᠷᠢᠴᠠᠯ ᠢ ᠬᠠᠤᠯᠢ ᠶᠣᠰᠣᠭᠠᠷ ᠲᠣᠬᠢᠷᠠᠭᠤᠯᠤᠭᠠᠳ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠪᠣᠯᠣᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠭᠤᠷᠪᠠ ᠳᠤ ᠮᠣᠩᠭᠤᠯ ᠬᠡᠯᠡ ᠦᠰᠦᠭ ᠪᠢᠴᠢᠭ ᠤᠨ ᠪᠣᠯᠪᠠᠰᠤᠷᠠᠭᠤᠯᠤᠯ ᠡᠷᠬᠢᠯᠡᠪᠡ᠃  ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠤᠶᠠᠳᠡᠬᠢ ᠬᠤᠭᠤᠴᠠᠭᠠᠨ ᠤ ᠮᠣᠩᠭᠤᠯ ᠬᠡᠯᠡᠨ  ᠤ ᠶᠠᠷᠢᠯᠴᠠᠭᠠᠨ ᠤ ᠪᠣᠯᠪᠠᠰᠤᠷᠠᠯ ᠤᠨ ᠠᠩᠭᠢ ᠡᠷᠬᠢᠯᠡᠵᠦ᠂ ᠬᠤᠳᠠ᠂ ᠲᠣᠭᠤᠷᠢᠭ ᠤᠨ ᠪᠠᠶᠢᠭᠤᠯᠭ᠎ᠠ ᠶᠢᠨ 70 ᠰᠢᠬᠠᠮ ᠺᠠᠳ᠋ᠷ ᠪᠣᠯᠪᠠᠰᠤᠷᠠᠭᠤᠯᠤᠯ ᠳᠤ ᠣᠷᠣᠯᠴᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ︽ᠮᠠᠯᠴᠢᠨ ᠠᠶᠢᠯ ᠳᠤ ᠣᠷᠣᠵᠤ ᠮᠣᠩᠭᠤᠯ ᠬᠡᠯᠡ ᠰᠤᠷᠬᠤ︾ ᠲᠤᠬᠠᠶ ᠶᠢᠨ ᠭᠠᠵᠠᠷ ᠲᠤᠨᠢ ᠰᠤᠷᠤᠯᠴᠠᠬᠤ ᠠᠵᠢᠯᠯᠠᠭ᠎ᠠ ᠦᠷᠨᠢᠭᠦᠯᠪᠡ᠃ ᠵᠢᠷᠭᠤᠳᠤᠭᠠᠷ ᠬᠤᠭᠤᠴᠠᠭᠠᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ᠨᠡᠶᠢᠳᠡ 130 ᠭᠠᠷᠤᠢ ᠬᠥᠮᠦᠨ  ᠪᠣᠯᠪᠠᠰᠤᠷᠠᠭᠤᠯᠪᠠ᠃ ᠪᠦᠬᠦ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠺᠣᠮᠫᠢᠦ᠋ᠲ᠋ᠧᠷ ᠤᠨ ᠮᠣᠩᠭᠤᠯ ᠬᠡᠯᠡᠨ ᠤ ᠵᠥᠭᠡᠯᠡᠨ ᠲᠤᠨᠤᠭ ᠢ ᠬᠡᠷᠡᠭᠯᠡᠵᠦ ᠠᠵᠢᠯᠯᠠᠬᠤ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ 30 ᠭᠠᠷᠤᠶ ᠺᠠᠳ᠋ᠷ ᠢ  ᠪᠣᠯᠪᠠᠰᠤᠷᠠᠭᠤᠯᠵᠤ᠂ ᠡᠯ᠎ᠡ ᠱᠠᠲᠤᠨ ᠤ ᠺᠠᠳ᠋ᠷ ᠠᠵᠢᠯᠲᠠᠳ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠲᠠᠢ ᠬᠠᠷᠢᠯᠴᠠᠬᠤ ᠪᠠ ᠦᠢᠯᠡᠴᠢᠯᠡᠬᠦ ᠴᠢᠳᠠᠪᠤᠷᠢ ᠶᠢ ᠨᠢ ᠪᠦᠲᠦᠮᠵᠢᠲᠡᠢ ᠳᠡᠭᠡᠭᠰᠢᠯᠡᠭᠦᠯᠪᠡ᠃      ᠲᠦᠷᠪᠡ ᠳᠤ ᠮᠣᠩᠭᠤᠯ ᠦᠭᠡ ᠬᠡᠯᠡ ᠦᠰᠦᠭ ᠪᠢᠴᠢᠭ ᠢ ᠰᠤᠷᠴᠤ ᠬᠡᠷᠡᠭᠯᠡᠬᠦ ᠠᠵᠢᠯᠯᠠᠭ᠎ᠠ ᠶᠢ ᠦᠷᠨᠢᠭᠦᠯᠪᠡ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠲᠠᠢ ᠬᠠᠮᠲᠤᠷᠠᠨ ᠪᠦᠬᠦ ᠬᠤᠲᠠ ᠶᠢᠨ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠡᠬᠡ ᠬᠡᠯᠡ ᠴᠣᠮᠣ︾ ᠰᠢᠯᠦᠭ ᠤᠨ ᠤᠷᠠᠨ ᠤᠩᠰᠢᠯᠭ᠎ᠠ ᠪᠠ ᠤᠷᠠᠨ ᠪᠢᠴᠢᠯᠭᠡ ᠶᠢᠨ ᠤᠷᠤᠯᠳᠤᠭᠠᠨ ᠡᠷᠬᠢᠯᠡᠵᠦ᠂ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ ᠬᠤᠰᠢᠭᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠎ ᠠᠴᠠ ᠢᠷᠡᠭᠰᠡᠨ 60 ᠭᠠᠷᠤᠶ ᠰᠤᠷᠤᠭᠴᠢᠳ ᠤᠷᠤᠯᠳᠤᠭᠠᠨ ᠳᠤ ᠣᠷᠣᠯᠴᠠᠪᠠ︔  ᠪᠦᠬᠦ ᠤᠯᠤᠰ ᠤᠨ ᠨᠠᠢᠮᠠᠨ ᠮᠤᠵᠢ ᠣᠷᠣᠨ ᠤ ᠵᠢᠷᠭᠤᠳᠤᠭᠠᠷ ᠬᠤᠭᠤᠴᠠᠭᠠᠨ ᠤ ︽ᠡᠬᠡ ᠬᠡᠯᠡ ᠴᠣᠮᠣ︾ ᠮᠣᠩᠭᠤᠯ ᠤᠷᠠᠨ ᠪᠢᠴᠢᠯᠭᠡ ᠶᠢᠨ ᠤᠷᠤᠯᠳᠤᠭᠠᠨ ᠳᠤ᠂ ᠤᠯᠠᠭᠠᠨᠴᠠᠪ ᠬᠤᠲᠠ ᠬᠤᠶᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠲᠤᠰ ᠪᠦᠷᠢ 1 ᠬᠦᠷᠲᠡᠵᠦ᠂ ᠬᠡᠰᠡᠭ ᠪᠦᠲᠦᠭᠡᠯ ᠨᠢ ᠳᠡᠯᠭᠡᠨ ᠦᠵᠡᠭᠦᠯᠦᠯᠭᠡ ᠳᠤ ᠰᠣᠩᠭᠤᠭᠳᠠᠨ ᠤᠷᠤᠭᠰᠠᠨ ᠪᠠᠶᠢᠨ᠎ᠠ᠃ ᠵᠣᠬᠢᠴᠠᠭᠤᠯᠬᠤ ᠪᠠᠷ ᠳᠠᠮᠵᠢᠭᠠᠳ᠂ ᠵᠢᠨᠢᠩ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ ᠎ ᠨᠢ ᠦᠨᠳᠦᠰᠦᠲᠡᠨ ᠤ ᠣᠨᠴᠠᠯᠢᠭ ᠪᠦᠬᠦᠢ  630 ᠥᠷᠲᠡᠭᠡᠨ ᠤ ᠲᠡᠮᠳᠡᠭ ᠢᠯᠡᠷᠬᠡᠶᠢᠯᠡᠯ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠡᠷᠡᠭᠯᠡᠵᠦ᠂ ᠨᠡᠶᠢᠲᠡ ᠶᠢᠨ ᠵᠠᠮ ᠬᠠᠷᠢᠯᠴᠠᠭᠠᠨ ᠤ 26 ᠱᠤᠭᠤᠮ᠂ 500 ᠰᠢᠬᠠᠮ ᠥᠷᠲᠡᠭᠡ ᠳᠤ ᠮᠣᠩᠭᠤᠯ ᠬᠢᠲᠠᠳ ᠬᠤᠣᠰ ᠬᠡᠯᠡ ᠪᠠᠷ ᠥᠷᠲᠡᠭᠡ ᠶᠢᠨ ᠨᠡᠷ᠎ᠡ ᠶᠢ ᠨᠡᠪᠲᠡᠷᠡᠭᠦᠯᠬᠦ ᠪᠣᠯᠪᠠ︔ ᠴᠠᠬᠠᠷ ᠪᠠᠷᠠᠭᠤᠨ ᠭᠠᠷᠤᠨ ᠬᠤᠶᠢᠲᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠢ ᠮᠣᠩᠭᠤᠯ ᠬᠡᠯᠡᠨ ᠤ ᠲᠧᠯᠸᠢᠰ ᠤᠨ ᠫᠷᠤᠭ᠍ᠷᠠᠮ ᠢ ᠨᠡᠭᠡᠭᠡᠨ ᠨᠡᠪᠲᠡᠷᠡᠭᠦᠯᠵᠦ᠂ ᠥᠷᠭᠡᠨ ᠤᠯᠠᠨ ᠮᠣᠩᠭᠤᠯ ᠦᠨᠳᠦᠰᠦᠲᠡᠨ ᠤ ᠤᠯᠠᠨ ᠲᠦᠮᠡᠨ ᠳᠤ ᠳᠥᠭᠦᠮ ᠦᠵᠡᠭᠦᠯᠪᠡ᠃      ᠲᠠᠪᠤ ᠳᠤ ᠦᠨᠳᠦᠰᠦᠲᠡᠨ ᠤ ᠰᠣᠶᠣᠯ ᠤᠨ ᠬᠠᠭᠤᠴᠢᠨ ᠤ ᠪᠢᠴᠢᠭ ᠰᠤᠳᠤᠷ ᠢ ᠬᠠᠮᠠᠭᠠᠯᠠᠵᠤ  ᠡᠮᠬᠢᠳᠬᠡᠪᠡ᠃  ᠴᠠᠬᠠᠷ ᠪᠠᠷᠠᠭᠤᠨ ᠭᠠᠷᠤᠨ ᠬᠤᠶᠢᠲᠤ  ᠬᠤᠰᠢᠭᠤᠨ ᠤ ᠤᠯᠠᠭᠠᠨᠮᠥᠴᠢᠷ ᠤᠨ ᠲᠣᠭᠯᠠᠭᠰᠠᠨ ᠲᠤᠮᠤ ᠬᠡᠯᠪᠡᠷᠢ ᠶᠢᠨ ᠵᠣᠬᠢᠶᠠᠮᠠᠯ ᠮᠣᠩᠭᠤᠯ ᠵᠦᠴᠦᠭᠡ ︽ᠰᠢᠳᠤᠷᠭᠤ ᠳᠠᠶᠢᠴᠢᠨ ᠴᠠᠬᠠᠷ︾᠎ ᠨᠢ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ·᡻ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠳᠡᠭᠡᠷ᠎ᠡ ᠵᠢᠷᠭᠤᠭᠠᠨ ᠲᠣᠮᠤ ᠱᠠᠩᠨᠠᠯ ᠢ ᠬᠦᠷᠲᠡᠪᠡ᠃ ᠦᠨᠳᠦᠰᠦᠲᠡᠨ ᠤ ᠪᠠ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠰᠬᠠᠶ ᠮᠡᠷᠭᠡᠵᠢᠯᠲᠡᠳ ᠤᠨ ᠵᠥᠪᠯᠡᠯᠭᠡ ᠶᠢᠨ ᠺᠣᠮᠢᠰ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠴᠤᠭᠯᠠᠭᠤᠯᠵᠤ ᠡᠮᠬᠢᠳᠬᠡᠭᠰᠡᠨ ︽ ᠵᠢᠷᠤᠬᠠᠢ︾᠂ ︽ᠤᠯᠠᠭᠠᠨᠴᠠᠪ ᠤᠨ ᠣᠪᠣᠭᠠᠨ ᠰᠣᠶᠣᠯ︾᠂ ︽ᠮᠠᠨᠢ ᠶᠢᠨ ᠮᠠᠭᠲᠠᠭᠠᠯ︾᠂ ᠮᠣᠩᠭᠤᠯ ᠬᠢᠴᠢᠶᠡᠩᠭᠦᠶ ᠦᠰᠦᠭ ᠢᠶᠠᠷ ᠪᠢᠴᠢᠭᠳᠡᠭᠰᠡᠨ ︽ᠰᠢᠭᠦᠮᠵᠢᠯᠡᠯᠲᠦ ᠥᠭᠦᠯᠡᠯ︾᠎ ᠢ ᠨᠠᠷᠢᠨ ᠬᠢᠨᠠᠮᠠᠭᠠᠶ ᠦᠨᠡᠯᠡᠨ ᠲᠣᠭᠲᠠᠭᠠᠵᠤ᠂ ᠥᠪᠡᠷ ᠥᠪᠡᠷ ᠤᠨ ᠰᠠᠨᠠᠯ ᠪᠣᠯᠣᠨ ᠰᠠᠨᠠᠭᠤᠯᠭ᠎ᠠ ᠳᠤᠷᠠᠳᠴᠤ᠂ ᠦᠨᠳᠦᠰᠦᠲᠡᠨ ᠤ ᠰᠣᠩᠭᠤᠳᠠᠭ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠪᠠ ᠦᠨᠳᠦᠰᠦᠲᠡᠨ ᠤ ᠬᠠᠭᠤᠴᠢᠨ ᠤ ᠪᠢᠴᠢᠭ ᠰᠤᠳᠤᠷ ᠢ ᠬᠠᠮᠠᠭᠠᠯᠠᠬᠤ ᠳᠤ ᠴᠢᠬᠤᠯᠠ ᠦᠢᠯᠡᠳᠦᠯ  ᠦᠵᠡᠭᠦᠯᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号