ᠦᠬᠠᠶ ᠬᠤᠳᠠ ᠶᠢᠨ ᠬᠠᠶᠢᠷᠤᠪ ᠤᠨ ᠲᠤᠬᠤᠢ  ᠲᠣᠭᠤᠷᠢᠭ ᠤᠨ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠨᠢ ᠠᠷᠢᠭᠤᠨ ᠴᠢᠬᠡᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2015/11/12
     ᠪᠦᠬᠦ ᠤᠯᠤᠰ ᠤᠨ ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠶᠠᠪᠤᠴᠠ ᠳᠤ᠂ ᠦᠬᠠᠶ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠲᠠᠯ᠎ᠠ ᠪᠠᠷ ︽ᠬᠠᠰᠤᠬᠤ ᠠᠷᠭ᠎ᠠ︾ ᠠᠪᠬᠤ ᠪᠠ ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ ᠶᠠᠰᠤ ᠴᠢᠨᠠᠷ ᠤᠨ ᠲᠠᠯ᠎ᠠ ᠪᠠᠷ ︽ᠨᠡᠮᠡᠬᠦ ᠠᠷᠭ᠎ᠠ︾ ᠠᠪᠬᠤ ᠶᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠶᠢᠨ ᠲᠣᠭᠤᠷᠢᠨ ᠳᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ  ᠪᠣᠯᠣᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠪ ᠭᠤᠣᠯᠴᠢ ᠢᠯᠡ ᠲᠣᠳᠣᠷᠬᠠᠶ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠢ ᠪᠣᠯᠭᠠᠵᠤ᠂ ᠶᠠᠪᠤᠳᠠᠯ ᠤᠴᠢᠷ ᠭᠦᠢᠴᠡᠳᠬᠡᠬᠦ ᠣᠯᠠᠨ ᠲᠦᠮᠡᠨ ᠤ ᠲᠠᠭᠠᠯᠠᠮᠵᠢ ᠶᠢ ᠦᠨᠡᠨ ᠬᠦ ᠳᠡᠭᠡᠭᠰᠢᠯᠡᠭᠦᠯᠪᠡ᠃      ᠦᠬᠠᠶ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ 2010 ᠣᠨ ᠤ 7 ᠳ᠋ᠤᠭᠠᠷ ᠰᠠᠷ᠎ᠠ ᠳᠤ ᠵᠢᠩᠬᠢᠨᠢ ᠪᠠᠷ ᠡᠬᠢᠯᠡᠨ ᠠᠵᠢᠯᠯᠠᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡ᠂ ᠨᠡᠶᠢᠭᠡᠮ ᠤᠨ ᠳᠠᠭᠠᠳᠬᠠᠯ ᠬᠢᠭᠡᠳ ᠡᠮᠨᠡᠯᠭᠡ ᠶᠢᠨ ᠳᠠᠭᠠᠳᠬᠠᠯ ᠵᠡᠷᠭᠡ 5 ᠦᠢᠯᠡᠴᠢᠯᠡᠭᠡᠨ ᠤ ᠶᠡᠭᠡ ᠲᠠᠩᠬᠢᠮ 92 ᠴᠣᠩᠬᠤᠪᠴᠢ ᠲᠣᠬᠢᠷᠠᠭᠤᠯᠤᠨ᠂ 168 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠣᠯᠣᠨ ᠦᠢᠯᠡᠴᠢᠯᠡᠭᠡᠨ ᠤ ᠲᠥᠷᠥᠯ ᠢ ᠬᠠᠩᠭᠠᠵᠤ᠂ ︽ᠨᠢᠭᠡ ᠡᠭᠦᠳᠡ ᠶᠢ ᠲᠦᠯᠬᠢᠭᠡᠳ ᠣᠷᠣᠪᠠᠯ᠂ ᠵᠠᠭᠤᠨ ᠡᠷᠦᠬᠡ ᠶᠢᠨ ᠤᠴᠢᠷ ᠶᠠᠪᠤᠳᠠᠯ ᠢ ᠰᠢᠢᠳᠪᠦᠷᠢᠯᠡᠵᠦ ᠳᠡᠶᠢᠯᠬᠦ︾ ᠦᠢᠯᠡᠴᠢᠯᠡᠭᠡᠨ ᠎ ᠤ ᠤᠨᠤᠯᠵᠢᠬᠤᠨ ᠢ ᠪᠡᠶᠡᠯᠡᠭᠦᠯᠪᠡ᠃ ᠣᠶᠢᠷ᠎ᠠ ᠳᠤ ᠶᠠᠪᠤᠳᠠᠯ ᠤᠴᠢᠷ ᠭᠦᠢᠴᠡᠳᠬᠡᠬᠦ ᠪᠠᠷ ᠢᠷᠡᠭᠰᠡᠨ ᠵᠧᠩ ᠵᠢᠶᠧ ︽ᠤᠳᠤ ᠬᠤᠳᠠ ᠶᠢᠨ ᠠᠷᠠᠳ ᠤᠨ ᠦᠢᠯᠡᠴᠢᠯᠡᠭᠡᠨ ᠤ ᠲᠥᠪ ᠲᠤ ᠮᠠᠰᠢ ᠤᠯᠠᠨ ᠬᠥᠮᠦᠯᠢᠭ ᠪᠡᠯᠡᠳᠬᠡᠮᠵᠢ ᠨᠡᠮᠡᠵᠦ᠂ ᠠᠵᠢᠯᠲᠠᠨ ᠤ ᠦᠢᠯᠡᠴᠢᠯᠡᠬᠦ ᠣᠪᠣᠷ ᠢ ᠨᠢ ᠴᠦ ᠣᠨᠴᠠᠭᠠᠶ ᠰᠡᠶᠢᠠ ᠪᠠᠶᠢᠨ᠎ᠠ᠂ ᠪᠢ ᠲᠤᠩ ᠰᠡᠳᠬᠢᠯ ᠬᠠᠨᠤᠮᠵᠢᠲᠠᠶ ᠪᠠᠶᠢᠨ᠎ᠠ᠃︾ ᠭᠡᠵᠦ  ᠭᠦᠨ ᠳᠦᠷᠦᠭᠳᠡᠯ ᠲᠠᠢ ᠶᠠᠷᠢᠪᠠ᠃      ᠡᠨᠡ ᠵᠢᠯ ᠠᠴᠠ ᠨᠠᠰᠢ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ  ᠪᠣᠢ ᠪᠣᠯᠭᠠᠬᠤ ᠱᠠᠭᠠᠷᠳᠠᠯᠭ᠎ᠠ ᠶᠣᠰᠤᠭᠠᠷ᠂ ᠬᠤᠳᠠ ᠶᠢᠨ ᠠᠷᠠᠳ ᠤᠨ ᠦᠢᠯᠡᠴᠢᠯᠡᠭᠡᠨ ᠤ ᠲᠥᠪ ᠨᠢ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠣᠯᠭᠤᠬᠤ ᠲᠣᠭᠤᠷᠢᠨ ᠳᠤ ᠢᠯᠡ ᠪᠠᠷ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠵᠦ᠂ ᠭᠦᠢᠴᠡᠳᠬᠡᠬᠦ ᠠᠷᠭ᠎ᠠ ᠬᠡᠯᠪᠡᠷᠢ ᠶᠢ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠣᠯᠣᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ  ᠲᠠᠯ᠎ᠠ ᠪᠠᠷ ︽ᠬᠠᠰᠤᠬᠤ ᠠᠷᠭ᠎ᠠ︾ ᠠᠪᠬᠤ ᠭᠡᠳᠡᠭ ᠨᠢ ᠬᠢᠨᠠᠨ ᠵᠥᠪᠰᠢᠶᠡᠷᠡᠬᠦ ᠵᠦᠢᠯᠡᠰ ᠢ ᠳᠦᠭᠦᠮᠴᠢᠯᠡᠬᠦ ᠶᠠᠪᠤᠳᠠᠯ ᠪᠣᠯᠣᠨ᠎ᠠ᠂ ᠣᠳᠣᠬᠠᠨ ᠳᠤ ᠪᠥᠬᠦ ᠲᠣᠭᠤᠷᠢᠭ ᠎ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠨᠢ ᠤᠤᠯ ᠳᠠᠭᠠᠨ 116 ᠵᠦᠢᠯ ᠪᠠᠶᠢᠭᠰᠠᠨ ᠠᠴᠠ ᠪᠠᠨ 85 ᠵᠦᠢᠯ  ᠪᠣᠯᠵᠤ ᠬᠠᠰᠤᠭᠳᠠᠨ᠂ 31%᠎ ᠪᠠᠷ ᠪᠠᠭᠠᠰᠪᠠ︔ ᠶᠠᠪᠤᠳᠠᠯ ᠤᠴᠢᠷ ᠭᠦᠢᠴᠡᠳᠬᠡᠬᠦ ᠲᠡᠰ ᠳᠠᠷᠠᠭᠠᠯᠠᠯ ᠎ ᠢ ᠬᠦᠯᠢᠶᠡᠨ ᠠᠪᠴᠤ ᠭᠦᠢᠴᠡᠳᠬᠡᠬᠦ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠭᠦᠢᠴᠡᠳᠬᠡᠵᠦ ᠳᠠᠭᠤᠰᠬᠤ 4 ᠵᠠᠩᠭᠢᠯᠠᠭ᠎ᠠ ᠪᠣᠯᠭᠠᠨ ᠴᠣᠮᠬᠠᠳᠬᠠᠭᠰᠠᠨ ᠪᠦᠭᠡᠳ ᠠᠳᠠᠯᠢ ᠪᠤᠰᠤ ᠵᠦᠢᠯᠡᠰ ᠢ ᠦᠨᠳᠦᠰᠦᠯᠡᠨ ᠭᠦᠢᠴᠡᠳᠬᠡᠬᠦ ᠴᠠᠭ ᠬᠢᠵᠠᠭᠠᠷ ᠢ ᠨᠢ ᠪᠣᠭᠤᠨᠢᠰᠬᠠᠵᠤ᠂ ᠭᠦᠢᠴᠡᠳᠬᠡᠬᠦ ᠴᠠᠭ ᠬᠢᠵᠠᠭᠠᠷ ᠨᠢ ᠨᠡᠶᠢᠲᠡᠮ ᠳᠡᠭᠡᠨ ᠤᠤᠯ ᠤᠨ ᠬᠢ ᠠᠴᠠ ᠪᠠᠨ 90%᠎ ᠪᠠᠷ ᠪᠣᠭᠤᠨᠢᠰᠪᠠ︔ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠢ ᠤᠤᠯ ᠤᠨ 49 ᠵᠦᠢᠯ ᠠᠴᠠ 13᠎ ᠶᠢ ᠨᠢ ᠦᠯᠡᠳᠡᠭᠡᠵᠦ᠂ 36 ᠵᠦᠢᠯ ᠢ ᠬᠠᠰᠤᠪᠠ᠃ ᠦᠢᠯᠡᠴᠢᠯᠡᠬᠦ ᠲᠠᠯ᠎ᠠ ᠪᠠᠷ ︽ ᠨᠡᠮᠡᠬᠦ ᠠᠷᠭ᠎ᠠ︾᠎ ᠶᠢ ᠠᠪᠬᠤ ᠭᠡᠳᠡᠭ ᠨᠢ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠠᠪᠤᠳᠠᠯ ᠪᠣᠯᠣᠨ᠎ᠠ᠂ ᠬᠠᠶᠢᠷᠤᠪ ᠤᠨ ᠲᠣᠬᠠᠢ ᠲᠣᠭᠤᠷᠢᠭ ᠨᠢ ᠶᠠᠪᠤᠳᠠᠯ ᠤᠴᠢᠷ ᠭᠦᠢᠴᠡᠳᠬᠡᠬᠦ ᠲᠠᠩᠬᠢᠮ ᠢ ᠦᠭᠡᠷᠡᠴᠢᠯᠡᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠭᠠᠷᠭᠠᠵᠤ᠂ ᠰᠠᠶᠢᠨ ᠳᠤᠷᠠᠴᠤᠳ ᠪᠦᠬᠦ ᠶᠠᠪᠤᠴᠠ ᠶᠢ ᠬᠦᠲᠦᠯᠦᠨ ᠵᠢᠯᠣᠭᠤᠣᠬᠤ ᠶᠢᠨ ᠬᠠᠮᠲᠤ ᠠᠯᠪᠠᠯᠠᠬᠤ ᠣᠷᠣᠨ ᠢ ᠡᠮᠬᠢᠯᠡᠨ ᠨᠡᠶᠢᠯᠡᠭᠦᠯᠵᠦ᠂ ᠬᠦᠯᠢᠶᠡᠬᠦ ᠣᠷᠣᠨ ᠢ ᠥᠷᠭᠡᠳᠬᠡᠵᠦ᠂ ᠠᠦ᠋ᠲ᠋ᠤ᠋ ᠦᠢᠯᠡᠴᠢᠯᠡᠬᠦ ᠦᠵᠦᠭᠦᠷ ᠢ ᠨᠡᠮᠡᠭᠳᠡᠭᠦᠯᠵᠦ᠂ ᠲᠠᠭᠠᠯᠠᠮᠵᠢᠲᠠᠶ ᠴᠡᠪᠡᠷ ᠲᠡᠭᠰᠢ᠂ ᠪᠡᠯᠡᠳᠬᠡᠮᠵᠢ ᠨᠢ ᠪᠦᠷᠢᠨ ᠲᠡᠭᠦᠯᠳᠡᠷ᠂ ᠠᠮᠤᠷ ᠲᠦᠪᠰᠢᠨ ᠡᠮᠬᠢ ᠵᠢᠷᠤᠮ ᠲᠠᠢ ᠦᠢᠯᠡᠴᠢᠯᠡᠭᠡᠨ ᠤ ᠣᠷᠴᠢᠨ ᠲᠣᠭᠤᠷᠢᠨ ᠢ ᠪᠦᠬᠦ ᠬᠦᠴᠦ ᠪᠠᠷ ᠢᠶᠠᠨ ᠪᠦᠲᠦᠭᠡᠨ ᠪᠠᠶᠢᠭᠤᠯᠤᠭᠰᠠᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号