2015 ᠣᠨ ᠳᠤ᠂ ᠪᠤᠭᠤᠲᠤ ᠶᠢᠨ ᠲᠤᠨᠤᠭ ᠲᠦᠬᠦᠬᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ | ᠲᠣᠭᠤᠷᠢᠭ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 34 ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠨ | ᠠᠪᠴᠤ᠂ ᠶᠡᠷᠦᠩᠬᠡᠶ ᠪᠡᠯᠡ ᠣᠷᠣᠭᠤᠯᠤᠯᠲᠠ ᠨᠢ 150 ᠳ᠋ᠦᠩᠰᠢᠭᠤᠷ ᠲᠥᠭᠦᠷᠢᠭ ᠲᠤ ᠬᠦᠷᠪᠡ᠃ ᠡᠭᠦᠨ ᠳᠤ᠂ | ᠵᠠᠯᠭᠠᠵᠤ ᠪᠠᠶᠢᠭᠤᠯᠬᠤ ᠲᠦᠷᠦᠯ ᠵᠦᠢᠯ 19 ᠪᠠᠶᠢᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ 15 ᠪᠤᠢ᠃ | ᠤᠳᠤ ᠪᠣᠯᠲᠠᠯ᠎ᠠ᠂ 30 ᠠᠵᠤ ᠦᠢᠯᠡᠳᠪᠦᠷᠢ ᠶᠢᠨ ᠲᠥᠷᠥᠯ ᠵᠦᠢᠯ ᠳᠤ᠂ ᠹᠸᠡᠭ ᠳ᠋ᠠ ᠴᠢᠯᠠᠭᠤᠨ ᠲᠣᠰᠣᠨ ᠤ | ᠮᠧᠬᠠᠨᠢᠭ᠂ ᠵᠦᠡᠭ ᠯᠢ ᠲᠸᠡᠭ ᠾᠦᠢ᠂ ᠪᠡᠭᠡᠵᠢᠩ ᠶᠡᠭᠡ ᠰᠤᠷᠭᠠᠭᠤᠯᠢ ᠶᠢᠨ ᠠᠵᠤ ᠦᠢᠯᠡᠰᠵᠢᠯᠲᠡ᠂ ᠲᠡᠷᠭᠡ ᠬᠥᠰᠬᠡ | ᠤᠭᠰᠠᠷᠠᠭᠤᠯᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ 14 ᠲᠦᠷᠦᠯ ᠵᠦᠢᠯ ᠢ ᠨᠢᠭᠡᠨᠲᠡ ᠪᠠᠶᠢᠭᠤᠯᠵᠤ | ᠳᠠᠭᠤᠰᠬᠠᠨ᠂ ᠪᠢ ᠶᠠ ᠳ᠋ᠢ ᠰᠢᠨ᠎ᠡ ᠡᠨᠧᠷᠭᠢ ᠶᠢᠨ ᠣᠨᠴᠠ ᠲᠡᠷᠭᠡ᠂ ᠱᠠᠨ ᠱᠠᠨ ᠴᠠᠬᠢᠯᠭᠠᠨ ᠬᠥᠳᠡᠯᠭᠡᠭᠦᠷᠲᠦ | ᠠᠶᠠᠨᠴᠢᠳ ᠤᠨ ᠮᠠᠰᠢᠨ ᠲᠡᠷᠭᠡ᠂ ᠳᠤᠮᠳᠠᠲᠤ ᠭᠧᠷᠮᠠᠨ ︵ᠪᠤᠭᠤᠲᠤ︶ ᠤ ᠲᠤᠨᠤᠭ ᠲᠥᠬᠦᠭᠡᠷᠦᠮᠵᠢ ᠦᠢᠯᠡᠳᠬᠦ | ᠬᠠᠮᠲᠤᠷᠠᠨ ᠠᠵᠢᠯᠯᠠᠬᠤ ᠬᠦᠷᠢᠶᠡᠯᠡᠩ ᠵᠡᠷᠭᠡ 16 ᠲᠦᠷᠦᠯ ᠵᠦᠢᠯ ᠢ ᠶᠠᠭ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ ᠪᠤᠢ᠃ 4 ᠢᠵᠢ ᠪᠦᠷᠢᠳᠦᠭᠦᠯᠬᠦ ᠲᠦᠷᠦᠯ ᠵᠦᠢᠯ ᠳᠤ᠂ ᠬᠤᠳᠠ ᠬᠥᠳᠡᠭᠡ ᠶᠢᠨ ᠤᠰᠤ ᠬᠠᠩᠭᠠᠬᠤ 2 | ᠳ᠋ᠤᠭᠠᠷ ᠬᠥᠭᠡᠷᠭᠡ ᠶᠢᠨ ᠦᠷᠲᠡᠭᠡ ᠶᠢᠨ ᠶᠡᠷᠦᠩᠬᠡᠶᠢᠯᠡᠭᠰᠡᠨ ᠠᠰᠠᠷ᠂ ᠨᠢᠭᠡᠳᠦᠭᠡᠷ ᠮᠧᠬᠠᠨᠢᠭ ᠤᠨ ᠠᠵᠤ | ᠦᠢᠯᠡᠳᠪᠦᠷᠢ ᠶᠢᠨ ᠳᠡᠭᠡᠳᠦ ᠲᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ 2 ᠲᠦᠷᠦᠯ ᠵᠦᠢᠯ ᠨᠢ | ᠨᠢᠭᠡᠨᠲᠡ ᠠᠵᠢᠯ ᠢᠶᠠᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠤᠷᠤᠭᠤᠯᠵᠤ᠂ ᠬᠦᠷᠢᠶᠡᠯᠡᠩ ᠲᠣᠭᠤᠷᠢᠭ ᠤᠨ | ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠲᠠ᠂ 220KV ᠬᠦᠴᠣᠲᠠᠯ ᠥᠭᠡᠷᠡᠴᠢᠯᠡᠬᠦ ᠣᠢᠷᠲᠡᠭᠡ ᠶᠢᠨ | 2 ᠲᠦᠷᠦᠯ ᠵᠦᠢᠯ ᠨᠢ ᠶᠠᠭ ᠪᠠᠷᠢᠯᠭ᠎ᠠ ᠶᠢᠨ ᠠᠵᠢᠯ ᠢᠶᠠᠨ ᠱᠠᠯᠠᠪᠳᠠᠨ ᠪᠦᠳᠦᠬᠡᠨ ᠪᠠᠶᠢᠭᠤᠯᠵᠤ ᠪᠤᠢ᠃ | ᠤᠳᠤ ᠪᠣᠯᠲᠠᠯ᠎ᠠ᠂ ᠪᠤᠭᠤᠲᠤ ᠶᠢᠨ ᠲᠤᠨᠤᠭ ᠲᠦᠬᠦᠬᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ | ᠲᠣᠭᠤᠷᠢᠭ ᠨᠢ 146 ᠲᠦᠷᠦᠯ ᠵᠦᠢᠯ ᠢ ᠣᠷᠣᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 500 ᠳ᠋ᠦᠩᠰᠢᠭᠤᠷ | ᠲᠥᠭᠦᠷᠢᠭ ᠲᠤ ᠬᠦᠷᠴᠦ᠂ ᠨᠡᠶᠢᠲᠡ 132 ᠲᠦᠷᠦᠯ ᠵᠦᠢᠯ ᠢ ᠠᠰᠢᠭᠯᠠᠯᠲᠠ ᠳᠤ ᠤᠷᠤᠭᠤᠯᠪᠠ᠃ |