ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠭᠦᠭᠵᠢᠭᠦᠯᠬᠦ ᠲᠤᠰᠬᠠᠶ ᠵᠦᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠪᠠᠭᠤᠯᠭᠠᠪᠠ
ᠨᠡᠶᠢᠲᠡᠯᠡᠭᠰᠡᠨ ᠴᠠᠭ᠄
2015/11/13
     ᠬᠡᠰᠡᠭ ᠶᠠᠳᠠᠭᠤ ᠬᠦᠴᠢᠷᠳᠡᠯᠲᠡᠶ ᠭᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠡᠯ᠎ᠡ ᠬᠤᠰᠢᠭᠤ ᠰᠢᠶᠠᠨ ᠤ ᠦᠨᠳᠦᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠦᠭᠵᠢᠭᠦᠯᠬᠦ ᠪᠠ ᠡᠯᠰᠡᠬᠦ ᠪᠠᠶᠢᠳᠠᠯ ᠢ ᠦᠨᠳᠦᠰᠦᠯᠡᠵᠦ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠣᠷᠴᠢᠮᠬᠠᠨ ᠶᠠᠳᠠᠭᠤ ᠬᠦᠴᠢᠷᠳᠡᠯᠲᠡᠶ ᠭᠡᠷ ᠪᠦᠯᠢ ᠪᠣᠯᠤᠨ ᠮᠣᠩᠭᠤᠯ ᠬᠡᠯᠡ ᠪᠠᠷ ᠬᠢᠴᠢᠶᠡᠯᠯᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠮᠢᠳᠤᠷᠠᠯ ᠤᠨ ᠨᠥᠬᠦᠪᠥᠷᠢ ᠪᠣᠯᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠪᠡᠯᠡ ᠮᠥᠩᠭᠦ 821.77 ᠲᠦᠮᠡᠨ ᠲᠥᠭᠦᠷᠢᠭ ᠪᠠᠭᠤᠯᠭᠠᠪᠠ᠃ ᠡᠨᠡ  ᠤᠳᠠᠭ᠎ᠠ ᠪᠠᠭᠤᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠲᠤᠰᠠᠯᠠᠮᠵᠢ ᠶᠢᠨ ᠮᠥᠩᠭᠦ ᠳᠤ ᠠᠷᠠᠳ ᠤᠨ ᠠᠮᠢᠳᠤᠷᠠᠯ ᠤᠨ ᠰᠠᠶᠢᠨ ᠳᠤᠷᠠᠴᠤᠳ ᠤᠨ ᠨᠥᠬᠦᠪᠥᠷᠢ ᠶᠢᠨ ᠪᠠᠷᠢᠮᠵᠢᠶ᠎ᠠ ᠢᠶᠠᠷ ᠯᠠᠪᠯᠠᠯᠲᠠ ᠪᠤᠯᠭᠠᠨ᠎ᠠ᠂ ᠠᠮᠢᠳᠤᠷᠠᠯ ᠤᠨ ᠨᠥᠬᠦᠪᠥᠷᠢ ᠪᠣᠯᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠲᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ 70 %᠎ ᠪᠠᠷ  ᠨᠦᠬᠦᠪᠦᠷᠢᠯᠡᠵᠦ ᠦᠭᠭᠦᠨ᠎ᠡ᠃ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠨᠢ ᠡᠯ᠎ᠡ ᠭᠠᠵᠠᠷ ᠤᠨ ᠬᠢᠨ ᠳᠤ ᠡᠷᠬᠡᠪᠰᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠠᠭᠤᠯᠭᠠᠵᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠤᠭᠲᠤ ᠪᠤᠯᠬᠤ ᠦᠭᠡᠢ ᠭᠡᠵᠦ ᠰᠠᠭᠠᠷᠳᠠᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号