| | | ᠰᠣᠷᠪᠤᠯᠵᠢᠯᠠᠭᠰᠠᠨ ᠴᠠᠭ᠄ | 2015 ᠣᠨ ᠤ 11 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ | ᠰᠣᠷᠪᠤᠯᠵᠢᠯᠠᠭᠰᠠᠨ ᠵᠣᠴᠢᠨ᠄ | ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠠᠷᠠᠳ ᠤᠯᠠᠨ ᠤ ᠠᠮᠢ ᠨᠠᠰᠤᠨ ᠤ ᠡᠷᠡᠭᠦᠯ ᠮᠡᠨᠳᠦ ᠪᠠ ᠡᠳ᠋ | ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠣᠭᠲᠠᠭᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2015﹈ 79 ᠳ᠋ᠤᠭᠠᠷ ᠲᠣᠭᠠᠲᠤ᠂ ᠳᠣᠷᠤᠭᠰᠢ ﹇ᠲᠣᠭᠲᠠᠭᠠᠯ﹈ ᠭᠡᠵᠦ | ᠲᠣᠪᠴᠢᠯᠠᠨ᠎ᠠ︶ ᠢ ᠲᠣᠭᠲᠠᠭᠠᠨ ᠨᠡᠶᠢᠲᠡᠯᠡᠪᠡ᠃ ︽ᠲᠣᠭᠲᠠᠭᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠨᠡᠶᠢᠭᠡᠮ ᠨᠡᠶᠢᠲᠡ ᠳᠤ ᠤᠯᠠᠮ ᠨᠢᠭᠡ ᠠᠯᠬᠤᠮ ᠭᠦᠨᠵᠡᠭᠡᠢ | ᠤᠶᠢᠯᠭᠠᠭᠤᠯᠬᠤ ᠶᠢᠨ ᠲᠤᠰᠠᠳᠠ᠂ ᠤᠶᠢᠷ᠎ᠠ ᠳᠤ ᠪᠢᠳᠡ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠧᠩ ᠢ ᠤᠷᠢᠵᠤ ︽ᠳᠤᠮᠳᠠᠳᠤ ᠤᠯᠤᠰ᠂ ᠦᠪᠦᠷ | ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠶᠠᠷᠢᠯᠴᠠᠭᠤᠯᠬᠤ ᠪᠠᠷ ᠪᠠᠶᠢᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ ᠤᠷᠤᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ︕ | | ﹇ᠬᠦᠲᠦᠯᠦᠭᠴᠢ﹈᠄ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ ᠦᠪᠦᠷ ᠮᠣᠩᠭᠤᠯ︾ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠦᠪᠡᠷᠲᠡᠭᠡᠨ ᠵᠠᠰᠠᠬᠤ ᠤᠷᠤᠨ ᠤ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ | ᠵᠢᠶᠦ᠋ᠨ ᠹᠧᠩ ᠢ ᠤᠷᠢᠨ᠂ ᠰᠦᠯᠵᠢᠶᠡᠨ ᠳᠡᠭᠡᠷ᠎ᠡ ︽ᠲᠣᠭᠲᠠᠭᠠᠯ︾ ᠤᠨ ᠲᠠᠶᠢᠯᠤᠮᠵᠢi ᠬᠢᠯᠭᠡᠬᠦ ᠪᠠᠷ ᠪᠣᠯᠤᠯ᠎ᠠ᠂ ᠲᠠ ᠪᠦᠬᠦᠨ ᠤ ᠢᠳᠡᠪᠬᠢᠲᠠᠢ ᠤᠷᠤᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ ᠸᠠᠩ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠸᠠᠩ ᠵᠢᠶᠦ᠋ᠨ ᠹᠧᠩ﹈᠄ | ᠬᠥᠲᠥᠯᠥᠭᠴᠢ ᠲᠠ ᠰᠠᠶᠢᠨ ᠪᠠᠶᠢᠨᠠᠤ᠂ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨ᠎ᠠ ᠦᠦ︕ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ | ᠦᠢᠯᠡᠳᠪᠦᠷᠢᠯᠡᠯ ᠤᠨ ᠠᠵᠢᠯ ᠲᠠᠯ᠎ᠠ ᠪᠠᠷ ᠲᠠ ᠪᠥᠬᠦᠨ ᠲᠠᠢ ᠵᠣᠭᠤᠭᠳᠠᠬᠤ ᠳᠣᠬᠢᠶᠠᠯ ᠲᠠᠢ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ | ﹇ᠬᠦᠲᠦᠯᠦᠭᠴᠢ﹈᠄ | ᠸᠠᠩ ᠲᠣᠪᠴᠢᠶᠠᠨ ᠳᠠᠷᠤᠭ᠎ᠠ ᠡ᠂ ᠡᠩ ᠲᠡᠷᠢᠭᠦᠨ ᠳᠤ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠨᠡᠶᠢᠲᠡᠯᠡᠭᠰᠡᠨ ᠠᠬᠤᠢ | ᠪᠠᠶᠢᠳᠠᠯ ᠢ ᠮᠠᠨ ᠳᠤ ᠲᠠᠨᠢᠯᠴᠠᠭᠤᠯᠤᠭᠠᠳ ᠥᠭᠭᠦᠨᠡᠦ︖ | ﹇ᠸᠠᠩ ᠵᠢᠶᠦ᠋ᠨ ᠹᠧᠩ﹈᠄ | ᠵᠠ ᠲᠡᠭᠡᠶ᠎ᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠳᠤᠷᠢᠳᠤᠯᠭ᠎ᠠ ᠪᠣᠯᠤᠨ ᠡᠯ᠎ᠡ ᠭᠠᠵᠠᠷ ᠤᠷᠤᠨ᠂ ᠡᠯ᠎ᠡ | ᠰᠠᠯᠠᠭ᠎ᠠ ᠮᠦᠴᠢᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠵᠤ᠂ ᠤᠶᠢᠷ᠎ᠠ ᠶᠢᠨ ᠵᠢᠯ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠦᠭᠰᠡᠨ ᠲᠤᠭ᠎ᠠ ᠪᠠ ᠦᠭᠦᠭᠰᠡᠨ ᠬᠥᠮᠦᠨ ᠤ ᠲᠤᠭ᠎ᠠ ︽ᠬᠤᠣᠰ | ᠪᠠᠭᠤᠷᠠᠪᠠ︾᠃ ᠭᠡᠪᠡᠴᠦ ᠵᠠᠷᠢᠮ ᠠᠵᠢᠯ ᠲᠦᠷᠦᠯ ᠤᠨ ᠬᠦᠷᠢᠶᠡᠨ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠮᠦᠨ ᠯᠡ ᠪᠠᠶᠢᠨ ᠲᠠᠬᠢᠨ ᠭᠠᠷᠴᠤ ᠪᠠᠶᠢᠨ᠎ᠠ᠂ | ᠡᠭᠦᠨ ᠤ ᠬᠠᠮᠤᠭ ᠤᠨ ᠦᠨᠳᠦᠰᠦᠨ ᠰᠢᠯᠲᠠᠭᠠᠨ ᠨᠢ ᠪᠣᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ | ᠨᠠᠶᠢᠳᠠᠪᠤᠷᠢᠵᠢᠭᠤᠯᠤᠭᠰᠠᠨ ᠦᠭᠡᠢl ᠶᠠᠪᠤᠭᠳᠠ ᠪᠣᠯᠤᠨ᠎ᠠ᠃ ᠪᠢᠳᠡ ᠪᠠᠶᠢᠴᠠᠭᠠᠬᠤ ᠳᠤᠮᠳᠠ ᠣᠯᠵᠤ ᠮᠡᠳᠡᠭᠰᠡᠨ ᠢᠶᠠᠷ ᠪᠣᠯ᠂ ᠠᠶᠤᠯ ᠦᠭᠡᠢ ᠦᠢᠯᠡᠳᠪᠦᠷᠢᠯᠡᠯ ᠤᠨ | ᠠᠵᠢᠯ ᠤᠨ ᠲᠠᠯ᠎ᠠ ᠪᠠᠷ ᠵᠠᠰᠠᠭ ᠤᠨ ᠤᠷᠳᠤᠨ ᠴᠢᠬᠤᠯᠴᠢᠯᠠᠵᠤ ᠠᠵᠤ ᠠᠬᠤᠶᠢᠯᠠᠯ ᠴᠢᠬᠤᠯᠴᠢᠯᠠᠬᠤ ᠦᠭᠡᠢ ᠪᠠᠶᠢᠵᠤ᠂ ᠵᠠᠷᠢᠮ ᠠᠵᠤ ᠠᠬᠤᠶᠢᠯᠠᠯ ᠨᠢ ᠠᠰᠢᠭ ᠲᠤᠰᠠ ᠶᠢᠨ | ᠬᠤᠶᠢᠨ᠎ᠠ ᠠᠴᠠ ᠬᠦᠭᠡᠴᠡᠯᠳᠦᠨ᠂ ᠨᠢᠳᠦᠨ ᠡᠮᠦᠨᠡᠬᠢ ᠪᠠᠨ ᠯᠡ ᠴᠢᠬᠤᠯᠴᠢᠯᠠᠵᠤ᠂ ᠠᠯᠤᠰ ᠬᠤᠯᠠ ᠶᠢ ᠬᠦᠩᠭᠡᠪᠴᠢᠯᠡᠵᠦ᠂ ᠦᠷ᠎ᠡ ᠠᠰᠢᠭ ᠢ ᠴᠢᠬᠤᠯᠴᠢᠯᠠᠵᠤ᠂ ᠠᠮᠤᠷ | ᠲᠦᠪᠰᠢᠨ ᠢ ᠬᠦᠩᠭᠡᠪᠴᠢᠯᠡᠵᠦ᠂ ᠦᠢᠯᠡᠳᠪᠦᠷᠢᠯᠡᠯ ᠢ ᠴᠢᠬᠤᠯᠴᠢᠯᠠᠨ᠂ ᠬᠠᠮᠢᠶᠠᠷᠤᠯᠲᠠ ᠶᠢ ᠬᠦᠩᠭᠡᠪᠴᠢᠯᠡᠭᠡᠳ᠂ ᠠᠶᠤᠯ ᠦᠭᠡᠢ ᠶᠢᠨ ᠤᠷᠤᠭᠤᠯᠤᠯᠲᠠ ᠪᠠᠷ ᠳᠤᠲᠠᠮᠠᠭ᠂ | ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠤᠭᠰᠠᠨ ᠢᠶᠠᠷ ᠬᠦᠷᠦᠯᠴᠡᠬᠦ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠠᠯ ᠳᠦᠷᠢᠮ ᠢ | ᠨᠠᠶᠢᠳᠠᠪᠤᠷᠢᠵᠢᠭᠤᠯᠬᠤ ᠦᠭᠡᠢ᠂ ᠠᠶᠤᠯ ᠦᠭᠡᠢ ᠶᠢᠨ ᠬᠦᠮᠦᠵᠢᠯ ᠪᠣᠯᠪᠠᠰᠤᠷᠠᠭᠤᠯᠤᠯ ᠢ ᠪᠣᠳᠠᠲᠠᠢ ᠬᠢᠭᠰᠡᠨ ᠦᠭᠡᠢ ᠵᠡᠷᠭᠡ ᠠᠰᠠᠭᠤᠳᠠᠯ ᠣᠷᠤᠰᠢᠵᠤ ᠪᠠᠶᠢᠨ᠎ᠠ᠂ ᠡᠳᠡᠭᠡᠷ | ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠠᠷᠭ᠎ᠠ ᠬᠡᠮᠵᠢᠶ᠎ᠡ ᠪᠣᠯ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ ︽ᠲᠣᠭᠲᠠᠭᠠᠯ︾ ᠢ ᠡᠨᠡᠬᠦ ᠬᠡᠷᠡᠭᠴᠡᠭᠡ ᠳᠤ ᠶᠠᠭ ᠵᠣᠬᠢᠴᠠᠭᠤᠯᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠠᠶᠤᠯ ᠦᠭᠡᠢ ᠦᠢᠯᠡᠳᠪᠦᠷᠢᠯᠡᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠤᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ | ᠦᠪᠡᠷᠲᠡᠭᠡᠨ ᠵᠠᠰᠠᠬᠤ ᠤᠷᠤᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠤᠯᠠᠨ ᠵᠢᠯ ᠤᠨ ᠠᠵᠢᠯ ᠤᠨ ᠦᠢᠯᠡᠳᠦᠯᠭᠡ ᠳᠤᠮᠳᠠᠬᠢ ᠪᠦᠲᠦᠮᠵᠢᠲᠡᠢ ᠲᠤᠷᠰᠢᠯᠭ᠎ᠠ ᠪᠠ | ᠠᠷᠭ᠎ᠠ ᠶᠢ ᠳ᠋ᠦᠩᠨᠡᠨ ᠬᠤᠷᠢᠶᠠᠩᠭᠤᠶᠢᠯᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠠᠨᠠᠯ ᠢ ᠬᠤᠷᠢᠶᠠᠭᠰᠠᠨ ᠤ | ᠳᠠᠷᠠᠭ᠎ᠠ ᠲᠣᠭᠲᠠᠭᠠᠨ ᠨᠡᠶᠢᠲᠡᠯᠡᠪᠡ᠃ | ﹇ᠬᠦᠲᠦᠯᠦᠭᠴᠢ﹈᠄ | ︽ᠲᠣᠭᠲᠠᠭᠠᠯ︾ ᠳᠤ ᠳᠤᠷᠠᠳᠤᠭᠰᠠᠨ ᠵᠠᠩᠭᠢᠯᠭ᠎ᠠ ᠶᠢᠨ ᠦᠭᠡ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ | ᠪᠡᠶᠡᠴᠢ ᠴᠣᠭᠴᠠ ᠶᠢᠨ ᠬᠠᠷᠢᠭᠤᠴᠠᠯᠭ᠎ᠠ︾ ᠭᠡᠳᠡᠭ ᠨᠢ ᠪᠣᠳᠠᠲᠠᠢ ᠶᠠᠭᠤ ᠶᠢ ᠵᠢᠭᠠᠵᠤ ᠪᠠᠶᠢᠬᠤ ᠪᠣᠢ︖ ᠡᠨᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠭᠦᠢᠴᠡᠳᠭᠡᠬᠦ | ᠤᠢᠭᠡᠢ ᠪᠣᠯ ᠪᠠᠰᠠ ᠶᠠᠮᠠᠷ ᠦᠷ᠎ᠡ ᠳ᠋ᠦᠩ ᠲᠠᠢ ᠪᠣᠯᠬᠤ ᠪᠣᠢ︖ | ﹇ᠸᠠᠩ ᠵᠢᠶᠦ᠋ᠨ ᠹᠧᠩ﹈᠄ | ᠪᠣᠳᠠᠲᠠᠢ ᠪᠠᠷ ᠬᠡᠯᠡᠪᠡᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠠᠶᠤᠯ ᠦᠭᠡᠢ ᠦᠢᠯᠡᠳᠪᠦᠷᠢᠯᠡᠯ ᠤᠨ ᠪᠠᠲᠤᠯᠠᠭ᠎ᠠ ᠶᠢᠨ ᠲᠠᠯ᠎ᠠ ᠪᠠᠷ ᠤᠯᠤᠰ ᠤᠨ | ᠬᠤᠯᠪᠤᠭᠳᠠᠯ ᠪᠦᠬᠦᠢ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠬᠡᠷᠡᠭᠵᠢᠭᠦᠯᠬᠦ ᠶᠣᠰᠣᠲᠠᠶ ᠬᠤᠯᠪᠣᠭᠳᠠᠯ ᠪᠦᠬᠦᠢ ᠲᠣᠭᠲᠠᠭᠠᠯ᠂ | ᠭᠦᠢᠴᠡᠳᠭᠡᠬᠦ ᠶᠣᠰᠤᠲᠠᠢ ᠠᠵᠢᠯ ᠤᠨ ᠡᠭᠦᠷᠭᠡ ᠬᠠᠷᠢᠭᠤᠴᠠᠯᠭ᠎ᠠ᠂ ᠪᠦᠷᠢᠳᠦᠭᠦᠯᠬᠦ ᠶᠣᠰᠣᠲᠠᠶ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ᠂ ᠬᠡᠷᠡᠭᠵᠢᠭᠦᠯᠬᠦ ᠶᠣᠰᠣᠲᠠᠶ | ᠠᠵᠢᠯ ᠲᠥᠷᠥᠯ ᠤᠨ ᠪᠠᠷᠢᠮᠵᠢᠶ᠎ᠠ᠂ ᠡᠭᠦᠷᠭᠡᠯᠡᠬᠦ ᠶᠣᠰᠣᠲᠠᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃ ᠡᠭᠦᠨ ᠳᠤ ᠲᠠᠪᠤᠨ ᠲᠠᠯ᠎ᠠ ᠶᠢ | ᠳᠣᠪᠤᠶᠢᠯᠭᠠᠬᠤ ᠬᠡᠷᠡᠭᠲᠡᠢ᠄ ᠨᠢᠭᠡᠳᠦᠭᠡᠷ ᠲᠤ᠂ ᠭᠤᠣᠯ ᠬᠠᠷᠢᠭᠤᠴᠠᠯᠭᠠᠲᠠᠨ ᠢ ᠠᠳᠬᠤᠬᠤ᠃ ᠭᠤᠣᠯ ᠬᠠᠷᠢᠭᠤᠴᠠᠯᠭᠠᠲᠠᠨ ᠨᠢ ᠡᠷᠬᠡᠪᠰᠢ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ᠂ ᠪᠣᠳᠠᠲᠠᠶ ᠪᠡᠯᠡ ᠣᠷᠣᠭᠤᠯᠤᠭᠴᠢ ᠪᠠᠶᠢᠬᠤ ᠬᠡᠷᠡᠭᠲᠡᠢ᠃ | ᠬᠤᠶᠠᠳᠤᠭᠠᠷ ᠲᠤ᠂ ᠬᠠᠷᠢᠭᠤᠴᠠᠯᠭ᠎ᠠ ᠶᠢᠨ ᠳᠦᠷᠢᠮ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠤᠳᠤᠷᠢᠳᠬᠤ ᠺᠠᠳ᠋ᠷ ᠵᠢᠴᠢ ᠡᠯ᠎ᠡ ᠳᠡᠰ | ᠳᠠᠪᠬᠤᠷᠭ᠎ᠠ᠂ ᠡᠯ᠎ᠡ ᠲᠦᠷᠦᠯ ᠤᠨ ᠠᠵᠢᠯᠲᠠᠳ ᠤᠨ ᠡᠯ᠎ᠡ ᠠᠵᠢᠯ ᠤᠨ ᠪᠠᠶᠢᠷᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠢ᠃ ᠭᠤᠷᠪᠠᠳᠤᠭᠠᠷ ᠲᠤ᠂ ᠵᠣᠬᠢᠶᠠᠨ ᠪᠠᠶᠢᠭᠤᠯᠬᠤ ᠪᠠᠶᠢᠭᠤᠯᠤᠮᠵᠢ ᠪᠠ ᠠᠵᠢᠯᠲᠠᠨ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠦᠬᠦᠨ | ᠡᠷᠬᠡᠪᠰᠢ ᠠᠶᠤᠯ ᠦᠭᠡᠢ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠶᠢ ᠬᠠᠤᠯᠢ ᠶᠣᠰᠤᠭᠠᠷ ᠪᠠᠶᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠲᠤᠰᠬᠠᠢ ᠲᠤᠰᠢᠶᠠᠯᠲᠠᠨ ᠢ ᠲᠣᠬᠢᠷᠠᠭᠤᠯᠵᠤ᠂ ᠴᠢᠬᠤᠯᠠ ᠠᠵᠢᠯ ᠤᠨ ᠪᠠᠶᠢᠷᠢ᠂ ᠵᠠᠩᠭᠢᠯᠭ᠎ᠠ ᠶᠢᠨ ᠭᠤᠭᠴᠤᠭ᠎ᠠ ᠳᠤ ᠡᠯᠪᠡᠭ ᠪᠠᠶᠠᠯᠢᠭ ᠲᠤᠰᠬᠠᠶ ᠮᠡᠷᠭᠡᠵᠢᠯ ᠤᠨ ᠮᠡᠳᠡᠯᠭᠡ ᠪᠠ | ᠬᠠᠮᠢᠶᠠᠷᠤᠯᠲᠠ ᠶᠢᠨ ᠲᠤᠷᠰᠢᠯᠭ᠎ᠠ ᠲᠠᠢ ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠬᠤ ᠬᠡᠷᠡᠭᠲᠡᠢ᠃ ᠳᠥᠷᠪᠡᠳᠦᠭᠡᠷ ᠲᠤ᠂ ᠣᠷᠤᠭᠤᠯᠤᠯᠲᠠ ᠶᠢ ᠠᠳᠬᠤᠬᠤ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠬᠡᠷᠡᠭᠴᠡᠭᠡ ᠪᠦᠬᠦᠢ ᠪᠡᠯᠠ ᠮᠦᠩᠭᠦᠨ ᠤ ᠣᠷᠣᠭᠤᠯᠤᠯᠲᠠ ᠶᠢ | ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠵᠠᠷᠤᠳᠠᠯ ᠢ ᠬᠠᠤᠯᠢ ᠶᠣᠰᠣᠭᠠᠷ ᠭᠦᠢᠴᠡᠳ ᠲᠤᠭ᠎ᠠ ᠪᠠᠷ ᠭᠠᠷᠭᠠᠵᠤ ᠠᠪᠤᠨ ᠰᠠᠶᠢᠲᠤᠷ ᠬᠡᠷᠡᠭᠯᠡᠬᠦ ᠬᠡᠷᠡᠭᠲᠡᠢ᠃ | ᠲᠠᠪᠤᠳᠤᠭᠠᠷ ᠲᠤ᠂ ᠳᠦᠷᠢᠮ ᠲᠣᠭᠲᠠᠭᠠᠯ ᠪᠠ ᠠᠵᠢᠯᠯᠠᠬᠤ ᠳᠦᠷᠢᠮ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ | ᠦᠢᠯᠡᠳᠪᠦᠷᠢᠯᠡᠯ ᠤᠨ ᠦᠨᠳᠦᠰᠦᠨ ᠳᠦᠷᠢᠮ ᠪᠠ ᠠᠶᠤᠯ ᠦᠭᠡᠢ ᠠᠵᠢᠯᠯᠠᠬᠤ ᠳᠦᠷᠢᠮ ᠢ ᠨᠠᠶᠢᠳᠠᠪᠤᠷᠢᠵᠢᠭᠤᠯᠵᠤ᠂ ᠳᠠᠯᠳᠠ ᠭᠡᠮ ᠢ ᠴᠢᠩᠭ᠎ᠠ ᠪᠠᠶᠢᠴᠠᠭᠠᠵᠤ ᠵᠠᠰᠠᠬᠤ᠂ | ᠠᠶᠤᠯ ᠦᠭᠡᠢ ᠶᠢᠨ ᠰᠤᠷᠭᠠᠨ ᠬᠦᠮᠦᠵᠢᠯ ᠤᠨ ᠪᠣᠯᠪᠠᠰᠤᠷᠠᠭᠤᠯᠤᠯ᠂ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠳᠦᠷᠢᠮ | ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠳᠡᠭᠡᠷ ᠠᠭᠤᠯᠭ᠎ᠠ ᠨᠢ ᠮᠠᠰᠢ ᠴᠢᠩᠭ᠎ᠠ ᠴᠢᠭᠯᠡᠭᠦᠯᠬᠦ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ | ᠪᠣᠯᠬᠤᠶᠢᠴᠠ ᠴᠢᠨᠠᠷ ᠲᠠᠢ ᠪᠠᠶᠢᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ | ᠳᠤ ᠴᠢᠬᠤᠯᠠ ᠦᠢᠯᠡᠳᠦᠯ ᠲᠠᠢ ᠶᠤᠮ᠃ ᠬᠡᠷᠪᠡ ᠳᠡᠭᠡᠷ᠎ᠡ ᠳᠤᠷᠠᠳᠤᠭᠰᠠᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠪᠤᠷᠢᠵᠢᠭᠤᠯᠬᠤ ᠦᠭᠡᠢ ᠪᠣᠯ ᠠᠶᠤᠯ ᠦᠭᠡᠢ | ᠦᠢᠯᠡᠳᠪᠦᠷᠢᠯᠡᠯ ᠢ ᠪᠠᠲᠤᠯᠠᠵᠤ ᠴᠢᠳᠠᠬᠤ ᠦᠭᠡᠢ ᠪᠦᠭᠡᠳ ᠳᠠᠷᠤᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠴᠦ᠂ ᠳᠠᠷᠤᠢ ᠠᠷᠠᠳ ᠤᠯᠠᠨ ᠤ ᠠᠮᠢ ᠨᠠᠰᠤ | ᠡᠳ᠋ ᠬᠦᠷᠦᠩᠭᠡ ᠳᠤ ᠬᠤᠬᠢᠷᠠᠯ ᠤᠴᠠᠷᠠᠭᠤᠯᠬᠤ ᠪᠣᠯᠤᠨ᠎ᠠ᠃ | ﹇ᠸᠠᠩ ᠵᠢᠶᠦ᠋ᠨ ᠹᠧᠩ﹈᠄ | ︽ᠲᠣᠭᠲᠠᠭᠠᠯ︾ ᠳᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠥᠯᠦ ᠭᠦᠢᠴᠡᠳᠬᠡᠭᠰᠡᠨ ᠦᠭᠡᠢ ᠭᠤᠣᠯ ᠦᠢᠯᠡ ᠪᠠᠶᠢᠳᠠᠯ ᠳᠤ ᠴᠢᠩᠭ᠎ᠠ ᠰᠢᠳᠬᠡᠬᠦ ᠠᠷᠭ᠎ᠠ ᠬᠡᠮᠵᠢᠶ᠎ᠡ ᠲᠣᠭᠲᠠᠭᠠᠵᠠᠢ᠂ ᠵᠢᠱᠢᠶᠡᠯᠡᠪᠡᠯ᠂ ᠠᠳᠡᠯ ᠠᠴᠠ ᠭᠦᠨᠵᠡᠭᠡᠢ | ᠰᠤᠷᠭᠠᠮᠵᠢ ᠠᠪᠤᠭᠰᠠᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠵᠦ᠂ ᠠᠵᠢᠯ | ᠦᠢᠯᠡᠳᠪᠦᠷᠢᠯᠡᠯ ᠢ ᠨᠢ ᠵᠣᠭᠰᠤᠭᠠᠵᠤ ᠴᠡᠭᠴᠡᠯᠡᠭᠦᠯᠦᠭᠡᠳ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢ ᠮᠥᠨ ᠬᠦ ᠪᠦᠷᠢᠳᠦᠭᠦᠯᠵᠦ ᠳᠡᠶᠢᠯᠦᠭᠰᠡᠨ ᠤᠢᠭᠡᠢ ᠪᠣᠯ᠂ | ᠬᠠᠷᠢᠶᠠᠯᠠᠯ ᠤᠨ ᠡᠷᠬᠡ ᠪᠥᠬᠦᠢ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠭᠡᠳ ᠬᠠᠤᠯᠢ ᠶᠣᠰᠣᠭᠠᠷ ᠬᠠᠭᠠᠵᠤ ᠵᠣᠭᠰᠤᠭᠠᠨ᠎ᠠ᠂ ᠶᠠᠯ᠎ᠠ ᠬᠢᠭᠰᠡᠨ ᠳᠤ ᠬᠦᠷᠦᠭᠰᠡᠨ | ᠪᠣᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠠᠭᠴᠠᠯᠠᠭᠠᠳ ᠬᠡᠯᠡᠪᠡᠯ᠂ ᠠᠵᠤ | ᠠᠬᠤᠶᠢᠯᠠᠯ ᠤᠳ ᠬᠠᠮᠢᠶ᠎ᠡ ᠪᠦᠬᠦᠢ ᠬᠠᠷᠢᠭᠤᠴᠠᠯᠭ᠎ᠠ ᠪᠠᠨ ᠭᠦᠢᠴᠡᠳᠬᠡᠬᠦ ᠤᠢᠭᠡᠢ ᠯᠠ ᠶᠤᠮ ᠪᠣᠯ᠂ ᠯᠠᠪᠲᠠᠶ ᠴᠢᠩᠭ᠎ᠠ ᠰᠢᠳᠬᠡᠯ ᠣᠯᠵᠤ᠂ ᠬᠠᠤᠯᠢ ᠠᠴᠠ ᠵᠦᠷᠢᠴᠡᠭᠰᠡᠨ ᠨᠢ | ᠶᠡᠭᠡ ᠥᠷᠲᠡᠭ ᠭᠠᠷᠭᠠᠬᠤ ᠪᠣᠯᠭᠠᠵᠤ᠂ ᠡᠭᠦᠨ ᠤ ᠤᠯᠠᠮ ᠢᠶᠠᠷ ᠲᠤᠰ ᠪᠡᠶ᠎ᠡ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯᠯᠠᠭ᠎ᠠ ᠪᠠᠨ ᠤᠬᠠᠮᠰᠠᠷ ᠠᠴᠠ ᠪᠠᠨ | ᠲᠣᠬᠢᠷᠠᠭᠤᠯᠤᠨ ᠵᠢᠷᠤᠮᠵᠢᠭᠤᠯᠵᠤ᠂ ᠠᠶᠤᠯ ᠦᠭᠡᠢ ᠦᠢᠯᠡᠳᠪᠦᠷᠢᠯᠡᠯ ᠢ ᠪᠡᠶᠡᠯᠡᠭᠦᠯᠬᠦ ᠪᠣᠯᠭᠠᠨ᠎ᠠ᠃ | ﹇ᠬᠦᠲᠦᠯᠦᠭᠴᠢ﹈᠄ | ︽ᠲᠣᠭᠲᠠᠭᠠᠯ︾ ᠳᠤ ᠦᠢᠯᠡᠳᠪᠦᠷᠢᠯᠡᠯ ᠡᠵᠡᠩᠨᠡᠭᠴᠢ ᠶᠢ ᠬᠢᠵᠠᠭᠠᠷᠯᠠᠭᠰᠠᠨ ᠠᠴᠠ ᠭᠠᠳᠠᠨ᠎ᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠪᠣᠳᠠᠲᠠᠶ ᠲᠣᠭᠲᠠᠭᠠᠯ | ᠪᠠᠶᠢᠨ᠎ᠠ ᠦᠦ︖ | ﹇ᠸᠠᠩ ᠵᠢᠶᠦ᠋ᠨ ᠹᠧᠩ﹈᠄ | ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠨᠢ ᠪᠦᠲᠦᠮᠵᠢᠲᠡᠶ ᠬᠢᠨᠠᠯᠲᠠ ᠲᠠᠯᠪᠢᠬᠤ ᠠᠴᠠ ᠰᠠᠯᠵᠤ ᠴᠢᠳᠠᠬᠤ | ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠠᠬᠤᠶ ᠶᠢ ᠤᠯᠠᠨ ᠰᠠᠯᠠᠭ᠎ᠠ ᠮᠥᠴᠢᠷ ᠤᠨ ᠬᠠᠮᠲᠤᠪᠠᠷ ᠪᠣᠢ ᠪᠣᠯᠭᠠᠬᠤ ᠬᠡᠷᠡᠭᠴᠡᠭᠡ ᠲᠠᠢ ᠶᠤᠮ | ᠃ ᠶᠡᠷᠦᠩᠬᠡᠶ ᠱᠦᠵᠢ ᠰᠢ ᠶᠢᠨ ᠫᠢᠩ ︽11.22︾ ᠤᠨ ᠳᠤᠮᠳᠠᠳᠤ ᠤᠯᠤᠰ ᠤᠨ ᠴᠢᠯᠠᠭᠤᠨ ᠳᠣᠰᠣᠠ ᠤ ᠳ᠋ᠥᠡᠭᠶ᠋ᠢᠩ ᠠᠴᠠ ᠬᠤᠸᠠᠩᠳᠤᠤ ᠬᠦᠷᠬᠦ ᠳᠤᠰᠤ | ᠳᠠᠮᠵᠢᠭᠤᠯᠬᠤ ᠬᠤᠭᠤᠯᠠᠶ ᠭᠤᠭᠤᠵᠢᠵᠤ ᠳᠡᠯᠪᠡᠷᠡᠭᠰᠡᠨ ᠣᠨᠴᠠ ᠶᠡᠭᠡ ᠠᠳᠡᠯ ᠤᠨ ᠠᠶᠤᠯ ᠠᠴᠠ ᠠᠪᠤᠷᠠᠵᠤ ᠪᠠᠶᠢᠭ᠎ᠠ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠳᠤ | ᠴᠢᠬᠤᠯᠠᠴᠢᠯᠠᠭᠰᠠᠨ ᠨᠢ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ | ᠦᠭᠡᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ ᠬᠡᠪᠡ᠃ ︽ | ᠲᠣᠭᠲᠠᠭᠠᠯ︾ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠬᠠᠤᠯᠢ ᠶᠣᠰᠣᠭᠠᠷ | ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ ᠭᠡᠵᠦ ᠲᠣᠳᠣᠷᠬᠠᠶ ᠳᠤᠷᠠᠳᠤᠪᠠ᠃ ᠡᠭᠦᠨ ᠳᠤ᠂ ᠠᠷᠪᠠᠳᠤᠭᠠᠷ ᠵᠦᠢᠯ ᠳᠤ ᠡᠯ᠎ᠡ ᠱᠠᠲᠤᠨ ᠤ ᠵᠠᠰᠠᠭ ᠤᠨ | ᠣᠷᠳᠣᠨ ᠨᠤᠭᠤᠳ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠤ ᠠᠵᠤ ᠠᠬᠤᠶ ᠶᠢᠨ ᠲᠦᠷᠦ ᠶᠢᠨ ᠪᠤᠳᠤᠯᠭ᠎ᠠ ᠠᠴᠠ ᠦᠵᠡᠭᠦᠯᠬᠦ ᠤᠳᠤᠷᠢᠳᠤᠮᠵᠢ ᠶᠢᠨ ᠦᠢᠯᠡᠳᠦᠯ ᠶᠢ ᠨᠢ ᠴᠢᠩᠭᠠᠳᠬᠠᠬᠬᠤ ᠬᠡᠷᠡᠭᠲᠡᠢ ᠭᠡᠵᠦ | ᠲᠣᠭᠲᠠᠭᠠᠪᠠ︔ ᠠᠷᠪᠠᠨ ᠨᠢᠭᠡᠳᠦᠭᠡᠷ ᠵᠦᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠠᠶᠤᠯ ᠦᠭᠡᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢ ᠳᠡᠮᠵᠢᠬᠦ ᠪᠠ ᠰᠢᠮᠳᠠᠭᠤᠯᠵᠤ ᠪᠠᠶᠢᠭᠠᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠢ ᠦᠨᠡᠨ ᠬᠦ ᠭᠦᠢᠴᠡᠳᠬᠡᠯᠭᠡᠬᠦ ᠬᠡᠷᠡᠭᠲᠡᠢ᠂ | ᠠᠶᠤᠯ ᠥᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠶᠠᠮᠠᠷᠪᠠ ᠰᠢᠯᠲᠠᠭ ᠢᠶᠠᠷ ᠰᠢᠭᠤᠳ ᠪᠤᠶᠤ ᠬᠡᠯᠪᠡᠷᠢ ᠶᠢ ᠨᠢ ᠥᠭᠡᠷᠡᠲᠡᠭᠦᠯᠦᠨ | ᠬᠢᠵᠠᠭᠠᠷᠯᠠᠬᠤ ᠨᠥᠬᠦᠴᠡᠯ ᠪᠣᠯᠣᠨ ᠬᠠᠷᠰᠢ ᠰᠠᠭᠠᠳ ᠲᠣᠬᠢᠷᠠᠭᠤᠯᠵᠤ ᠪᠣᠯᠬᠤ ᠦᠭᠡᠢ ᠭᠡᠵᠦ ᠲᠣᠭᠲᠠᠭᠠᠪᠠ︔ ᠠᠷᠪᠠᠨ ᠬᠤᠶᠠᠳᠤᠭᠠᠷ ᠵᠦᠢᠯ ᠳᠤ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠴᠢᠩᠭ᠎ᠠ ᠬᠢᠨᠠᠨ ᠬᠠᠮᠢᠶᠠᠷᠬᠤ ᠪᠠ ᠪᠣᠯᠣᠨ | ᠪᠦᠲᠦᠮᠵᠢᠲᠡᠶ ᠵᠢᠯᠤᠭᠤᠳᠴᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠲᠣᠭᠲᠠᠭᠠᠵᠠᠢ᠃ | ﹇ᠬᠦᠲᠦᠯᠦᠭᠴᠢ﹈᠄ | ︽ᠲᠣᠭᠲᠠᠭᠠᠯ︾ ᠢ ᠤᠬᠠᠭᠤᠯᠤᠨ ᠲᠤᠤᠱᠯᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ﹇ᠸᠠᠩ ᠵᠢᠶᠦ᠋ᠨ ᠹᠧᠩ﹈᠄ | ᠤᠬᠠᠭᠤᠯᠤᠨ ᠲᠤᠤᠱᠯᠠᠭᠤᠯᠬᠤ ᠲᠥᠰᠥᠯ ᠢ ᠪᠢᠳᠡ ᠨᠢᠭᠡᠨᠲᠡ ᠲᠣᠭᠲᠠᠭᠠᠨ ᠲᠠᠷᠬᠠᠭᠠᠳ᠂ ᠣᠳᠣ ᠶᠠᠭ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠶᠢ ᠶᠠᠭ | ᠢᠳᠡᠪᠬᠢᠲᠡᠶ ᠥᠷᠨᠢᠭᠦᠯᠵᠦ ᠪᠠᠶᠢᠨ᠎ᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠺᠣᠮᠢᠰ ᠤᠨ ᠬᠤᠯᠪᠣᠭᠳᠠᠯ ᠪᠥᠬᠦᠢ | ᠪᠦᠷᠢᠯᠳᠦᠬᠦᠨ ᠨᠢᠭᠡᠴᠡ ᠳᠤ ᠲᠤᠰ ᠠᠵᠢᠯ ᠲᠥᠷᠥᠯ ᠤᠨ ᠬᠦᠷᠢᠶᠡᠨ ᠤ ᠣᠨᠴᠠᠯᠢᠭ ᠢᠶᠠᠨ ᠦᠨᠳᠦᠰᠦᠯᠡᠨ ᠲᠤᠰᠬᠠᠶ ᠠᠵᠢᠯ ᠤᠨ ᠲᠥᠰᠦᠯ ᠲᠣᠭᠲᠠᠭᠠᠵᠤ᠂ ︽ᠲᠣᠭᠲᠠᠭᠠᠯ︾ | ᠢ ᠤᠬᠠᠭᠤᠯᠤᠨ ᠲᠤᠤᠱᠯᠠᠭᠤᠯᠬᠤ ᠠᠵᠢᠯ ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠡᠯ᠎ᠡ ᠠᠶᠢᠮᠠᠭ ᠬᠤᠳᠠ ᠴᠤ ᠥᠪᠡᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠲᠤᠰ ᠭᠠᠵᠠᠷ ᠣᠷᠣᠨ ᠤ ᠪᠠᠨ ᠤᠬᠠᠭᠤᠯᠤᠨ ᠲᠤᠤᠱᠯᠠᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠬᠤ ᠶᠢ | ᠱᠠᠭᠠᠷᠳᠠᠪᠠ᠃ ᠬᠤᠶᠠᠷ ᠲᠤ ᠤᠯᠠᠨ ᠵᠦᠢᠯ ᠤᠨ ᠬᠡᠯᠪᠡᠷᠢ ᠪᠠᠷ ︽ᠲᠣᠭᠲᠠᠭᠠᠯ︾ ᠢ ᠰᠤᠷᠤᠯᠴᠠᠨ ᠣᠬᠠᠭᠤᠯᠪᠠ᠃ ᠯᠧᠺᠼᠢ ᠡᠷᠬᠢᠯᠡᠬᠦ᠂ ᠪᠣᠯᠪᠠᠰᠤᠷᠠᠭᠤᠯᠤᠯ ᠡᠷᠬᠢᠯᠡᠬᠦ᠂ | ᠤᠷᠢᠶ᠎ᠠ ᠯᠣᠽᠦ᠋ᠩ ᠨᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠲᠣᠭᠲᠠᠭᠠᠯ︾ ᠢ ᠣᠶᠢᠯᠠᠭᠠᠭᠤᠯᠬᠤ ᠨᠤᠷᠮ᠎ᠠ ᠶᠢ ᠥᠷᠭᠡᠳᠬᠡᠵᠦ᠂ ᠥᠷᠭᠡᠨ ᠤᠯᠠᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠢ ᠨᠢ ᠳᠡᠭᠡᠭᠰᠢᠯᠡᠭᠦᠯᠪᠡ᠃ ᠭᠤᠷᠪᠠ ᠳᠤ ᠬᠠᠮᠢᠶ᠎ᠡ ᠪᠦᠬᠦᠢ | ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ᠃ ᠰᠢᠨ᠎ᠡ ︽ᠠᠶᠤᠯ ᠦᠭᠡᠢ ᠦᠢᠯᠡᠳᠪᠦᠷᠢᠯᠡᠯ ᠤᠨ ᠬᠠᠤᠯᠢ︾ ᠶᠢ ᠤᠬᠠᠭᠤᠯᠤᠨ ᠲᠤᠤᠱᠯᠠᠭᠤᠯᠬᠤ ᠠᠵᠢᠯ ᠲᠠᠢ | ᠤᠶᠠᠯᠳᠤᠭᠤᠯᠤᠨ᠂ ︽ᠲᠣᠭᠲᠠᠭᠠᠯ︾ ᠤᠨ ᠬᠤᠯᠪᠣᠭᠳᠠᠯ ᠪᠦᠬᠦᠢ ᠠᠭᠤᠯᠭ᠎ᠠ ᠶᠢ ᠺᠠᠳ᠋ᠷᠴᠤᠳ ᠢ ᠪᠣᠯᠪᠠᠰᠤᠷᠠᠭᠤᠯᠬᠤ ᠲᠥᠯᠥᠪᠯᠡᠭᠡ ᠳᠤ ᠣᠷᠤᠭᠤᠯᠪᠠ︔ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ︽ᠲᠣᠭᠲᠠᠭᠠᠯ︾ ᠤᠨ ᠰᠤᠷᠤᠯᠴᠠᠯᠭ᠎ᠠ ᠶᠢ ᠭᠤᠣᠯ ᠬᠠᠷᠢᠭᠤᠴᠠᠯᠭᠠᠲᠠᠨ᠂ ᠠᠶᠤᠯ ᠥᠭᠡᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠳᠠᠨ ᠪᠣᠯᠤᠨ ᠠᠵᠢᠯᠯᠠᠵᠤ ᠪᠠᠶᠢᠭ᠎ᠠ ᠬᠥᠮᠦᠰ ᠤᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠤᠭᠤᠯᠪᠠ᠃ ᠡᠳᠦᠷ ᠲᠤᠳᠤᠮ ᠤᠨ ᠬᠠᠤᠯᠢ ᠶᠢᠨ | ᠬᠡᠷᠡᠭᠵᠢᠭᠦᠯᠦᠯᠲᠡ ᠪᠠᠶᠢᠴᠠᠭᠠᠯᠲᠠ ᠳᠤᠮᠳᠠ ᠰᠢᠨ᠎ᠡ ︽ᠠᠶᠤᠯ ᠦᠭᠡᠢ ᠦᠢᠯᠡᠳᠪᠦᠷᠢᠯᠡᠯ ᠤᠨ ᠬᠠᠤᠯᠢ︾ ᠪᠣᠯᠣᠨ ︽ᠲᠣᠭᠲᠠᠭᠠᠯ︾ ᠢ ᠲᠥᠭᠡᠮᠡᠯᠵᠢᠭᠦᠯᠬᠦ ᠪᠠ | ᠤᠬᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠲᠤ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠠᠭᠤᠯᠭ᠎ᠠ ᠶᠢ ᠣᠶᠢᠯᠠᠭᠠᠨ ᠡᠵᠡᠮᠰᠢᠭᠦᠯᠪᠡ᠃ ᠡᠭᠦᠨ ᠤ ᠵᠡᠷᠭᠡᠴᠡᠪᠡᠷ᠂ ︽ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠤᠭᠤᠯᠪᠠ᠃ | ᠳᠠᠷᠠᠭᠠᠴᠢ ᠶᠢᠨ ᠠᠯᠬᠤᠮ ᠳᠤ ᠪᠢᠳᠡ ︽ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠ ᠬᠡᠷᠡᠭᠵᠢᠭᠦᠯᠦᠭᠰᠡᠨ ᠢ ᠦᠨᠳᠦᠰᠦᠯᠡᠨ᠂ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠤᠭᠤᠯᠤᠨ ᠲᠡᠭᠦᠯᠳᠡᠷᠵᠢᠭᠦᠯᠵᠦ᠂ ᠰᠠᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠢ ᠶᠠᠭ | ᠵᠠᠰᠠᠪᠤᠷᠢ ᠣᠷᠤᠭᠤᠯᠵᠤ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠲᠥᠷᠢᠮ︾ ᠳᠤ ᠣᠷᠤᠭᠤᠯᠵᠤ᠂ | ᠬᠠᠤᠯᠢ ᠲᠣᠭᠲᠠᠭᠠᠯ ᠤᠨ ᠬᠡᠯᠪᠡᠷᠢ ᠪᠠᠷ ᠲᠣᠭᠲᠠᠪᠤᠷᠢᠵᠢᠭᠤᠯᠬᠤ ᠪᠠᠷ ᠪᠠᠶᠢᠨ᠎ᠠ᠃ | ﹇ᠬᠦᠲᠦᠯᠦᠭᠴᠢ﹈᠄ | ᠵᠠ ᠰᠠᠶᠢᠨ ᠪᠤᠯᠤᠯ᠎ᠠ᠂ ᠸᠠᠩ ᠲᠣᠪᠴᠢᠶᠠᠨ ᠳᠠᠷᠤᠭ᠎ᠠ ᠶᠢᠨ ᠨᠠᠷᠢᠨ ᠨᠢᠮᠪᠠᠢ ᠲᠠᠶᠢᠯᠪᠤᠷᠢᠯᠠᠯᠳᠠ ᠳᠤ ᠲᠠᠯᠠᠷᠬᠠᠵᠦ ᠪᠠᠶᠢᠨ᠎ᠠ᠂ ᠮᠠᠨ ᠤ ᠣᠷᠣᠨ ᠤ ᠠᠶᠤᠯ ᠥᠭᠡᠢ | ᠦᠢᠯᠡᠳᠪᠦᠷᠢᠯᠡᠯ ᠤᠨ ᠠᠵᠢᠯ ᠰᠢᠨ᠎ᠡ ᠨᠢᠭᠡᠨ ᠳᠡᠭᠲᠡᠷ ᠲᠤ ᠭᠠᠷᠬᠤ ᠶᠢ ᠠᠳᠡ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠰᠦᠯᠵᠢᠶᠡᠨ ᠠᠨᠳᠠ ᠨᠠᠷ ᠤᠨ ᠬᠦᠯᠢᠶᠡᠨ | ᠠᠪᠴᠤ ᠦᠵᠡᠭᠰᠡᠨ ᠳᠤ ᠲᠠᠯᠠᠷᠬᠠᠵᠦ ᠪᠠᠶᠢᠨ᠎ᠠ᠂ ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯᠠ᠂ ᠲᠠᠷᠠᠭᠠᠴᠢ ᠶᠢᠨ ᠫᠷᠦᠭᠷᠡᠮ ᠳᠤ | ᠪᠠᠶᠠᠷᠲᠠᠢ ᠵᠤᠯᠭᠠᠶ᠎ᠠ ︕ | | |