ᠬᠥᠬᠡᠬᠤᠲᠠ ︽ᠠᠷᠪᠠ ᠶᠢ ᠪᠦᠷᠢᠨ ᠪᠦᠷᠬᠦᠭᠦᠯᠬᠦ︾᠎ ᠪᠠᠷ ᠲᠣᠬᠢᠶᠠᠯ ᠪᠣᠯᠭᠠᠨ ᠮᠣᠩᠭᠤᠯ ᠬᠢᠲᠠᠳ ᠬᠡᠯᠡᠨ ᠤ ᠫᠠᠶᠢᠰᠠ ᠢᠯᠡᠷᠬᠡᠶᠢᠯᠡᠯ ᠢ ᠴᠡᠭᠴᠡᠯᠡᠨ ᠵᠠᠰᠠᠬᠤ ᠠᠵᠢᠯ ᠶᠢ ᠲᠦᠷᠭᠡᠳᠬᠡᠪᠠ
ᠨᠡᠶᠢᠲᠡᠯᠡᠭᠰᠡᠨ ᠴᠠᠭ᠄
2015/11/16
     ᠡᠨᠡ ᠵᠢᠯ ᠠᠴᠠ ᠨᠠᠰᠢ᠂ ᠬᠥᠬᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠡᠯᠡᠨ ᠤ ᠫᠠᠶᠢᠰᠠ ᠢᠯᠡᠷᠬᠡᠶᠢᠯᠡᠯ ᠢ ᠵᠡᠷᠭᠡ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠬᠦ ᠪᠠᠷ ᠲᠣᠬᠢᠶᠠᠯ ᠪᠣᠯᠭᠠᠨ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠤ ᠵᠡᠭᠡᠯᠢ ᠭᠤᠳᠤᠮ ᠢ ᠬᠠᠲᠠᠭᠤᠷᠠᠭᠤᠯᠬᠤ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠢᠨᠵᠧᠨᠧᠷᠢᠩ ᠢ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠡᠯᠡᠨ ᠤ ᠫᠠᠶᠢᠰᠠ ᠢᠯᠡᠷᠬᠡᠶᠢᠯᠡᠯ ᠢ ᠴᠡᠭᠴᠡᠯᠡᠨ ᠵᠠᠰᠠᠬᠤ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠨᠢᠭᠡᠳᠦᠯᠲᠡᠶ ᠲᠥᠯᠥᠪᠵᠢᠭᠦᠯᠦᠨ᠂ ᠦᠵᠡᠮᠵᠢ ᠎ ᠲᠠᠢ᠂ ᠪᠠᠷᠢᠮᠵᠢᠶ᠎ᠠ ᠲᠠᠢ ᠨᠢᠭᠡ ᠪᠦᠯᠦᠭ ᠭᠤᠣᠯᠳᠠᠯᠭ᠎ᠠ ᠲᠠᠢ ᠮᠤᠩᠭᠤᠯ ᠬᠢᠳᠠᠳ ᠬᠡᠯᠡ ᠶᠢ ᠵᠡᠷᠭᠡ ᠳᠤᠨᠢ ᠬᠡᠷᠡᠭᠯᠡᠭᠰᠡᠨ ᠫᠠᠶᠢᠰᠠ ᠢᠯᠡᠷᠬᠡᠶᠢᠯᠡᠯ ᠢ ᠪᠤᠢ ᠪᠤᠯᠭᠠᠪᠠ᠃10 ᠳ᠋ᠤᠭᠠᠷ ᠰᠠᠷ᠎ᠠ ᠶᠢᠨ ᠡᠴᠦᠰ ᠪᠤᠯᠬᠤ ᠳᠤ᠂ 28 ᠰᠢᠶᠠᠩ ᠪᠠᠯᠭᠠᠰᠤ ᠨᠡᠶᠢᠲᠡ 5000 ᠭᠠᠷᠤᠶ ᠫᠠᠶᠢᠰᠠ ᠢᠯᠡᠷᠬᠡᠶᠢᠯᠡᠯ ᠢ ᠪᠠᠭᠤᠯᠭᠠᠨ ᠰᠤᠯᠢᠵᠤ᠂ ᠪᠦᠬᠦ ᠬᠤᠲᠠ ᠶᠢᠨ ᠨᠡᠶᠢᠭᠡᠮ ᠤᠨ ᠦᠩᠭᠡᠨ ᠬᠡᠷᠡᠭᠯᠡᠭᠡᠨ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠠᠵᠢᠯ ᠥᠷᠨᠢᠭᠦᠯᠬᠦ ᠶᠢ ᠪᠦᠲᠦᠮᠵᠢᠲᠡᠶ ᠠᠬᠢᠭᠤᠯᠤᠭᠰᠠᠨ ᠤ ᠬᠠᠮᠲᠤ  ᠪᠠᠰᠠ ᠬᠥᠳᠡᠭᠡ ᠲᠣᠰᠬᠤᠨ ᠤ ᠣᠷᠴᠢᠨ ᠲᠣᠭᠤᠷᠢᠨ ᠶᠢ ᠭᠤᠶᠤᠯᠠᠬᠤ ᠳᠤ ᠰᠢᠨ᠎ᠡ ᠡᠯᠧᠮᠧᠨ᠋ᠲ ᠨᠡᠮᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号