︽ᠪᠣᠬᠢᠷᠲᠤᠯ ᠦᠭᠡᠢ ᠬᠦᠭᠵᠢᠭᠦᠯᠬᠦ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠲᠣᠭᠤᠷᠢᠨ | ᠡᠶ᠎ᠡ ᠨᠠᠶᠢᠷᠠᠮᠳᠠᠭᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ︾ ᠶᠢᠨ ᠱᠠᠭᠠᠷᠳᠠᠯᠭ᠎ᠠ ᠶᠢ ᠲᠤᠤᠱᠠᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠠᠶᠢᠮᠠᠭ ᠵᠠᠯᠠᠶᠢᠳ ᠬᠤᠰᠢᠭᠤᠨ ᠤ ᠪᠣᠥ ᠠᠨ ᠵᠣᠣ ᠲᠠᠷᠢᠶᠠᠯᠠᠩ ᠠᠵᠤ | ᠦᠢᠯᠡᠳᠪᠦᠷᠢ ᠠᠷᠠᠯᠵᠢᠶ᠎ᠠ ᠶᠢᠨ ᠬᠢᠵᠠᠭᠠᠷᠲᠤ ᠺᠣᠮᠫᠠᠨᠢ ᠵᠡᠷᠭᠡ 8 ᠠᠵᠤ ᠠᠬᠤᠶᠢᠯᠠᠯ ᠢᠶᠠᠷ ᠲᠣᠯᠤᠭᠠᠶᠢᠯᠠᠭᠴᠢ ᠪᠣᠯᠭᠠᠨ᠂ | ᠤᠯᠤᠰ ᠤᠨ ᠳᠡᠰ ᠤᠨ ᠠᠩᠬᠠᠳᠤᠭᠠᠷ ᠪᠦᠯᠦᠭ ︽ᠣᠷᠭᠠᠨᠢᠭ ᠪᠦᠲᠦᠭᠡᠭᠳᠡᠬᠦᠨ ᠢ ᠭᠡᠷᠡᠴᠢᠯᠡᠬᠦ ᠵᠢᠱᠢᠶ᠎ᠡ ᠦᠵᠡᠭᠦᠯᠬᠦ | ᠣᠷᠣᠨ︾ ᠢ ᠡᠭᠦᠳᠦᠨ ᠪᠠᠶᠢᠭᠤᠯᠵᠤ᠂ ᠪᠦᠬᠦ ᠠᠶᠢᠮᠠᠭ ᠤᠨ ᠣᠷᠭᠠᠨᠢᠭ ᠠᠵᠤ ᠦᠢᠯᠡᠰ ᠢ ᠳᠡᠪᠰᠢᠭᠦᠯᠬᠦ ᠶᠢ | ᠠᠬᠢᠭᠤᠯᠪᠠ᠃ | ᠣᠳᠣᠬᠠᠨ ᠳᠤ᠂ ᠪᠦᠬᠦ ᠤᠯᠤᠰ ᠲᠤ ᠤᠯᠤᠰ ᠤᠨ ᠳᠡᠰ ᠤᠨ ︽ᠣᠷᠭᠠᠨᠢᠭ ᠪᠦᠲᠦᠭᠡᠭᠳᠡᠬᠦᠨ ᠢ ᠭᠡᠷᠡᠴᠢᠯᠡᠬᠦ | ᠵᠢᠱᠢᠶ᠎ᠡ ᠦᠵᠡᠭᠦᠯᠬᠦ ᠣᠷᠣᠨ︾ ᠬᠤᠰᠢᠭᠤ ᠰᠢᠶᠠᠨ 37 ᠪᠠᠶᠢᠵᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠤᠷᠤᠨ ᠳᠤ ᠬᠠᠷᠠᠬᠠᠨ ᠪᠠᠶᠢᠬᠤ ᠦᠭᠡᠢ ᠪᠦᠭᠡᠳ ᠮᠠᠨ ᠤ ᠠᠶᠢᠮᠠᠭ ᠲᠤ ᠣᠷᠭᠠᠨᠢᠭ ᠪᠦᠲᠦᠭᠡᠭᠳᠡᠬᠦᠨ ᠤ ᠦᠨᠡᠮᠯᠡᠯ | ᠣᠯᠤᠭᠰᠠᠨ ᠠᠵᠤ ᠠᠬᠤᠶᠢᠯᠠᠯ 51 ᠪᠠᠶᠢᠨ᠎ᠠ᠃ ᠵᠠᠯᠠᠶᠢᠳ ᠬᠤᠰᠢᠭᠤ ᠪᠦᠬᠦ ᠤᠯᠤᠰ ᠤᠨ ᠠᠮᠤ ᠪᠤᠳᠠᠭᠠᠨ ᠤ | ᠭᠠᠷᠤᠯᠲᠠ ᠶᠢᠨ ᠲᠣᠮᠤ ᠰᠢᠶᠠᠨ ᠪᠣᠯᠤᠭᠰᠠᠨ ᠤ ᠬᠤᠪᠢ ᠳᠤ᠂ ︽ᠪᠣᠭᠤᠮᠲᠠ ᠶᠢᠨ ᠭᠠᠳᠠᠨᠠᠬᠢ ᠠᠮᠤ ᠪᠤᠳᠠᠭᠠᠨ ᠤ | ᠬᠥᠮᠥᠷᠭᠡ︾ ᠭᠡᠰᠡᠨ ᠰᠠᠶᠢᠬᠠᠨ ᠨᠡᠷ᠎ᠡ ᠲᠠᠢ ᠶᠤᠮ᠃ ᠪᠦᠬᠦ ᠬᠤᠰᠢᠭᠤᠨ ᠳᠤ ᠰᠢᠨ ᠭᠦ᠋ ᠶᠤᠸᠠᠨ ᠠᠮᠢ ᠠᠬᠤᠶ ᠶᠢᠨ | ᠲᠠᠷᠢᠶᠠᠯᠠᠩ᠂ ᠪᠣᠥ ᠠᠨ ᠵᠣᠣ ᠲᠠᠷᠢᠶᠠᠯᠠᠩ ᠠᠵᠤ ᠦᠢᠯᠡᠳᠪᠦᠷᠢ ᠠᠷᠠᠯᠵᠢᠶ᠎ᠠ᠂ ᠸᠧᠶ ᠵᠢᠶᠠ ᠳᠣᠲᠤᠷᠭ᠎ᠠ ᠶᠢᠨ ᠦᠢᠯᠡᠰ | ᠵᠡᠷᠭᠡ 24 ᠡᠷᠦᠬᠡ ᠲᠣᠯᠤᠭᠠᠶᠢᠯᠠᠭᠴᠢ ᠠᠵᠤ ᠠᠬᠤᠶᠢᠯᠠᠯ ᠴᠣᠯᠭᠤᠷᠠᠨ ᠭᠠᠷᠴᠤ᠂ ᠪᠣᠬᠢᠷᠲᠤᠯ ᠦᠭᠡᠢ᠂ ᠤᠷᠭᠠᠨᠢᠭ ᠢ | ᠭᠡᠷᠡᠴᠢᠯᠡᠬᠦ ᠠᠵᠤ ᠠᠬᠤᠶᠢᠯᠠᠯ 8 ᠪᠣᠯᠤᠨ ᠬᠦᠭᠵᠢᠵᠦ᠂ ᠭᠡᠷᠡᠴᠢᠯᠡᠭᠰᠡᠨ ᠰᠠᠭᠤᠷᠢᠨ ᠭᠠᠵᠠᠷ ᠤᠨ ᠲᠠᠯᠠᠪᠠᠢ ᠨᠢ | 14800 ᠮᠦ᠂ ᠭᠡᠷᠡᠴᠢᠯᠡᠭᠰᠡᠨ ᠤᠷᠭᠠᠨᠢᠭ ᠪᠦᠲᠦᠭᠡᠭᠳᠡᠬᠦᠨ ᠨᠢ 26 ᠵᠦᠢᠯ ᠳᠤ ᠬᠦᠷᠴᠦ᠂ ᠤᠯᠤᠰ ᠤᠨ ᠳᠡᠰ ᠤᠨ | ᠲᠠᠷᠢᠶᠠᠯᠠᠩ ᠤᠨ ᠪᠠᠷᠢᠮᠵᠢᠶᠠᠲᠤ ᠵᠢᠱᠢᠶ᠎ᠡ ᠦᠵᠡᠭᠦᠯᠬᠦ ᠣᠷᠣᠨ ᠢ 126 ᠲᠦᠮᠡᠨ ᠮᠦ ᠪᠠᠶᠢᠭᠤᠯᠪᠠ᠃ ᠵᠠᠯᠠᠶᠢᠳ | ᠬᠤᠰᠢᠭᠤᠨ ᠤ ᠪᠣᠥ ᠠᠨ ᠵᠣᠣ ᠲᠠᠷᠢᠶᠠᠯᠠᠩ ᠠᠵᠤ ᠦᠢᠯᠡᠳᠪᠦᠷᠢ ᠠᠷᠠᠯᠵᠢᠶ᠎ᠠ ᠶᠢᠨ ᠺᠣᠮᠫᠠᠨᠢ ᠵᠡᠷᠭᠡ 8 ᠠᠵᠤ | ᠠᠬᠤᠶᠢᠯᠠᠯ ᠨᠢ ᠦᠪᠡᠷᠲᠡᠭᠡᠨ ᠵᠠᠰᠠᠬᠤ ᠤᠷᠤᠨ ᠤ ᠳᠡᠰ ᠤᠨ ᠣᠷᠭᠠᠨᠢᠭ ᠪᠦᠲᠦᠭᠡᠭᠳᠡᠬᠦᠨ ᠢ ᠵᠢᠱᠢᠶ᠎ᠡ ᠦᠵᠡᠭᠦᠯᠬᠦ | ᠲᠦᠷᠦᠯ ᠵᠦᠢᠯ ᠢ 6 ᠵᠢᠯ ᠪᠦᠲᠦᠭᠡᠨ ᠪᠠᠶᠢᠭᠤᠯᠤᠭᠠᠳ᠂ ᠣᠷᠭᠠᠨᠢᠭ ᠪᠦᠲᠦᠭᠡᠭᠳᠡᠬᠦᠨ ᠢ ᠦᠢᠯᠡᠳᠪᠦᠷᠢᠯᠡᠬᠦ ᠲᠠᠯᠠᠪᠠᠢ | ᠨᠢ 461.7 ᠲᠦᠮᠡᠨ ᠮᠦ ᠳᠤ ᠬᠦᠷᠴᠦ᠂ ᠵᠢᠯ ᠤᠨ ᠣᠷᠭᠠᠨᠢᠭ ᠲᠤᠲᠤᠷᠭ᠎ᠠ ᠶᠢᠨ ᠭᠠᠷᠤᠯᠲᠠ ᠨᠢ 1437.65 | ᠲᠣᠨ ᠪᠠᠶᠢᠵᠤ᠂ ᠤᠯᠤᠰ ᠤᠨ ᠳᠡᠰ ᠤᠨ ᠣᠷᠭᠠᠨᠢᠭ ᠪᠦᠲᠦᠭᠡᠭᠳᠡᠬᠦᠨ ᠢ ᠭᠡᠷᠡᠴᠢᠯᠡᠬᠦ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠪᠣᠳᠠᠲᠤ ᠬᠦᠴᠦᠨ ᠢ ᠪᠦᠷᠢᠯᠳᠦᠭᠦᠯᠪᠡ᠃ | ᠵᠠᠯᠠᠶᠢᠳ ᠬᠤᠰᠢᠭᠤ ᠶᠢᠨ ᠤᠯᠤᠰ ᠤᠨ ᠳᠡᠰ ᠤᠨ ᠣᠷᠭᠠᠨᠢᠭ ᠪᠦᠲᠦᠭᠡᠭᠳᠡᠬᠦᠨ ᠢ ᠭᠡᠷᠡᠴᠢᠯᠡᠬᠦ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠨᠢ ᠳᠡᠮᠵᠢᠬᠦ ᠪᠠ ᠵᠣᠷᠢᠭᠵᠢᠭᠤᠯᠬᠤ ᠶᠢᠨ ᠲᠤᠰᠠᠳᠠ᠂ ᠡᠨᠡ ᠵᠢᠯ ᠤᠨ | 9 ᠳ᠋ᠦ᠋ᠭᠡᠷ ᠰᠠᠷ᠎ᠠ ᠶᠢᠨ 24 ᠤ ᠡᠳᠦᠷ᠂ ᠪᠦᠬᠦ ᠤᠷᠤᠨ ᠤ 2015 ᠣᠨ ᠤ ᠣᠷᠭᠠᠨᠢᠭ ᠪᠦᠲᠦᠭᠡᠭᠳᠡᠬᠦᠨ ᠢ | ᠭᠡᠷᠡᠴᠢᠯᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠢ ᠮᠠᠨ ᠤ | ᠠᠶᠢᠮᠠᠭ ᠳᠤ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠵᠠᠯᠠᠶᠢᠳ ᠬᠤᠰᠢᠭᠤᠨ ᠤ ᠪᠣᠥ ᠠᠨ ᠵᠣᠣ ᠲᠠᠷᠢᠶᠠᠯᠠᠩ | ᠠᠵᠤ ᠦᠢᠯᠡᠳᠪᠦᠷᠢ ᠠᠷᠠᠯᠵᠢᠶ᠎ᠠ ᠶᠢᠨ ᠺᠣᠮᠫᠠᠨᠢ ᠳᠤ ᠬᠦᠷᠴᠦ ᠣᠷᠭᠠᠨᠢᠭ ᠪᠦᠲᠦᠭᠡᠭᠳᠡᠬᠦᠨ ᠤᠰᠤᠨ ᠳᠣᠲᠤᠷᠭ᠎ᠠ ᠶᠢᠨ | ᠤᠶᠤᠨᠲᠤ ᠦᠷ᠎ᠡ ᠳᠡᠪᠲᠦᠭᠡᠵᠦ ᠰᠣᠶᠣᠭᠠᠯᠠᠭᠤᠯᠬᠤ ᠴᠢᠬᠢ ᠪᠤᠶᠢᠵᠢᠭᠤᠯᠬᠤ ᠲᠠᠰᠤᠭ᠂ ᠳᠣᠲᠤᠷᠭ᠎ᠠ ᠶᠢᠨ ᠦᠢᠯᠡᠰ ᠤᠨ | ᠪᠣᠯᠪᠠᠰᠤᠷᠠᠭᠤᠯᠬᠤ ᠦᠢᠯᠡᠳᠪᠦᠷᠢ᠂ ᠤᠰᠤᠨ ᠳᠣᠲᠤᠷᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠣᠭᠤᠷᠢᠨ | ᠦᠵᠡᠵᠦ᠂ ᠣᠷᠭᠠᠨᠢᠭ ᠤᠰᠤᠨ ᠳᠣᠲᠤᠷᠭ᠎ᠠ ᠶᠢ ᠲᠠᠷᠢᠬᠤ ᠤᠷᠤᠨ ᠢ ᠦᠵᠡᠪᠡ᠃ ᠵᠠᠯᠠᠶᠢᠳ ᠬᠤᠰᠢᠭᠤᠨ ᠤ ᠪᠣᠥ ᠠᠨ | ᠵᠣᠣ ᠲᠠᠷᠢᠶᠠᠯᠠᠩ ᠠᠵᠤ ᠦᠢᠯᠡᠳᠪᠦᠷᠢ ᠠᠷᠠᠯᠵᠢᠶ᠎ᠠ ᠶᠢᠨ ᠬᠢᠵᠠᠭᠠᠷᠲᠤ ᠺᠣᠮᠫᠠᠨᠢ ᠵᠡᠷᠭᠡ 6 ᠠᠵᠤ ᠠᠬᠤᠶᠢᠯᠠᠯ ᠨᠢ ᠪᠦᠬᠦ | ᠤᠷᠤᠨ ᠤ ᠨᠢᠭᠡᠳᠦᠭᠡᠷ ᠪᠦᠯᠦᠭ ᠤᠨ ︽ᠦᠪᠦᠷ ᠮᠣᠩᠭᠤᠯ ᠤᠨ ᠣᠷᠭᠠᠨᠢᠭ ᠪᠦᠲᠦᠭᠡᠭᠳᠡᠬᠦᠨ ᠢ ᠭᠡᠷᠡᠴᠢᠯᠡᠬᠦ ᠵᠢᠱᠢᠶ᠎ᠡ | ᠦᠵᠡᠭᠦᠯᠬᠦ ᠣᠷᠣᠨ︾ ᠦᠨᠡᠮᠯᠡᠯ ᠢ ᠪᠦᠬᠦ ᠤᠷᠤᠨ ᠳᠤ ᠠᠩᠬᠠᠳᠤᠭᠠᠷ ᠪᠦᠯᠦᠭ ᠲᠤ ᠬᠦᠷᠲᠡᠪᠡ᠃ | ᠡᠨᠡ ᠵᠢᠯ᠂ ᠮᠠᠨ ᠤ ᠠᠶᠢᠮᠠᠭ ᠵᠠᠯᠠᠶᠢᠳ ᠬᠤᠰᠢᠭᠤ ᠶᠢᠨ ᠤᠯᠤᠰ ᠤᠨ ᠳᠡᠰ ᠤᠨ ᠣᠷᠭᠠᠨᠢᠭ ᠪᠦᠲᠦᠭᠡᠭᠳᠡᠬᠦᠨ ᠢ | ᠭᠡᠷᠡᠴᠢᠯᠡᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠲᠣᠯᠤᠭᠠᠶᠢᠯᠠᠭᠴᠢ ᠪᠣᠯᠭᠠᠵᠤ᠂ 2016 ᠣᠨ ᠳᠤ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ | ᠳᠠᠶᠢᠴᠢᠯᠠᠨ ᠤᠷᠭᠠᠨᠢᠭ ᠪᠦᠲᠦᠭᠡᠭᠳᠡᠬᠦᠨ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠦ᠂ 5 ᠵᠢᠯ ᠳᠤ ᠪᠦᠬᠦ | ᠠᠶᠢᠮᠠᠭ ᠢ ᠪᠦᠷᠬᠦᠭᠦᠯᠵᠦ᠂ ᠡᠭᠦᠨ ᠤ ᠤᠯᠠᠮ ᠢᠶᠠᠷ ᠦᠪᠡᠷᠲᠡᠭᠡᠨ ᠵᠠᠰᠠᠬᠤ ᠤᠷᠤᠨ ᠤ ᠣᠷᠭᠠᠨᠢᠭ ᠠᠵᠤ ᠦᠢᠯᠡᠰ ᠤᠨ | ᠬᠡᠪ ᠳᠠᠭᠤᠷᠢᠶᠠᠯ ᠪᠣᠯᠭᠠᠬᠤ ᠪᠠᠷ ᠲᠦᠯᠦᠪᠯᠡᠵᠦ ᠪᠣᠢ᠃ ᠣᠳᠣᠬᠠᠨ ᠳᠤ᠂ ᠵᠠᠯᠠᠶᠢᠳ ᠬᠤᠰᠢᠭᠤᠨ ᠤ ᠪᠣᠥ ᠠᠨ ᠵᠣᠣ | ᠲᠠᠷᠢᠶᠠᠯᠠᠩ ᠠᠵᠤ ᠦᠢᠯᠡᠳᠪᠦᠷᠢ ᠠᠷᠠᠯᠵᠢᠶ᠎ᠠ ᠶᠢᠨ ᠬᠢᠵᠠᠭᠠᠷᠲᠤ ᠺᠣᠮᠫᠠᠨᠢ ᠶᠢᠨ ᠣᠷᠭᠠᠨᠢᠭ ᠪᠦᠲᠦᠭᠡᠭᠳᠡᠬᠦᠨ ᠢ | ᠭᠡᠷᠡᠴᠢᠯᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠲᠦᠷᠦᠯ ᠵᠦᠢᠯ ᠨᠢ ᠨᠢᠭᠡᠨᠲᠡ ᠦᠪᠡᠷᠲᠡᠭᠡᠨ | ᠵᠠᠰᠠᠬᠤ ᠤᠷᠤᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠶᠢᠨ ᠬᠢᠨᠠᠨ ᠪᠠᠶᠢᠴᠠᠭᠠᠯᠲᠠ ᠰᠢᠯᠭᠠᠨ ᠠᠪᠬᠤ | ᠳᠤ ᠪᠠᠲᠤᠯᠠᠭᠳᠠᠭᠠᠳ᠂ ᠤᠯᠤᠰ ᠤᠨ ᠳᠡᠰ ᠤᠨ ᠤᠷᠭᠠᠨᠢᠭ ᠪᠦᠲᠦᠭᠡᠭᠳᠡᠬᠦᠨ ᠢ ᠭᠡᠷᠡᠴᠢᠯᠡᠬᠦ ᠵᠢᠱᠢᠶ᠎ᠡ ᠦᠵᠡᠭᠦᠯᠬᠦ | ᠤᠷᠤᠨ ᠢ ᠡᠭᠦᠳᠦᠨ ᠪᠠᠶᠢᠭᠤᠯᠬᠤ ᠲᠦᠷᠦᠯ ᠵᠦᠢᠯ ᠢ 9 ᠳ᠋ᠦ᠋ᠭᠡᠷ ᠰᠠᠷ᠎ᠠ ᠶᠢᠨ 4 ᠤ ᠡᠳᠦᠷ ᠤᠯᠤᠰ ᠤᠨ ᠦᠨᠡᠯᠡᠨ | ᠭᠡᠷᠡᠴᠢᠯᠡᠬᠦ ᠵᠦᠪᠯᠡᠯ ᠳᠤ ᠮᠡᠳᠡᠭᠦᠯᠦᠭᠡᠳ ᠬᠢᠨᠠᠨ ᠲᠣᠭᠲᠠᠭᠠᠵᠤ ᠰᠢᠯᠭᠠᠨ ᠠᠪᠬᠤ ᠶᠢ ᠨᠢ ᠬᠦᠯᠢᠶᠡᠵᠦ ᠪᠠᠶᠢᠨ᠎ᠠ᠃ |