| ᠠᠯᠠᠱᠠᠨ ᠠᠶᠢᠮᠠᠭ ᠤᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠮᠠᠯᠵᠢᠬᠤ ᠤᠷᠤᠨ ᠤ ᠨᠤᠳᠤᠭ ᠪᠡᠯᠴᠢᠭᠡᠷ | ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠠᠵᠢᠯ ᠢ ᠲᠤᠭᠳᠠᠭᠤᠨ ᠢᠶᠠᠷ ᠠᠬᠢᠭᠤᠯᠵᠤ᠂ ᠪᠠᠶᠢᠭᠠᠯᠢ | ᠶᠢᠨ ᠬᠢᠵᠠᠭᠠᠷᠳᠠᠢ ᠨᠤᠳᠤᠭ ᠪᠡᠯᠴᠢᠭᠡᠷ ᠢ ᠪᠦᠳᠦᠮᠵᠢᠳᠡᠢ ᠬᠠᠮᠠᠭᠠᠯᠠᠵᠤ ᠠᠰᠢᠭᠯᠠᠭᠰᠠᠨ ᠪᠠᠶᠢᠨ᠎ᠠ᠃ 2015 ᠤᠨ ᠤ 7 | ᠰᠠᠷ᠎ᠠ ᠳᠤ᠂ ᠠᠯᠠᠱᠠᠨ ᠠᠶᠢᠮᠠᠭ ᠤᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠨᠤᠳᠤᠭ ᠪᠡᠯᠴᠢᠭᠡᠷ ᠤᠨ ᠡᠷᠭᠡ ᠶᠢ | ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠠᠵᠢᠯ ᠢ ᠡᠬᠢᠯᠡᠬᠦᠯᠵᠤ᠂ ᠡᠭᠦᠨ ᠳᠤ ᠭᠠᠳᠠᠷ ᠠᠵᠢᠯ ᠤᠨ ᠲᠤᠭᠤᠶᠢᠯᠠᠩ᠂ | ᠲᠤᠳᠤᠷ ᠠᠵᠢᠯ ᠤᠨ ᠲᠤᠭᠤᠶᠢᠯᠠᠩ ᠪᠠ ᠵᠦᠷᠢᠴᠡᠯ ᠵᠢᠭᠤᠷᠠᠭᠠᠨ ᠢ ᠰᠢᠢᠳᠪᠦᠷᠢᠯᠡᠬᠦ ᠲᠤᠭᠤᠶᠢᠯᠠᠩ ᠢ ᠲᠤᠰᠪᠤᠷᠢ ᠨᠢᠬᠡ | ᠶᠢ ᠪᠠᠶᠢᠭᠤᠯᠵᠤ᠂ ᠨᠢᠬᠡᠨᠳᠡ ᠪᠡᠶᠡᠯᠡᠬᠦᠯᠦᠭᠰᠡᠨ ᠮᠡᠯᠵᠢᠬᠤ ᠤᠷᠤᠨ ᠤ ᠨᠤᠳᠤᠭ ᠪᠡᠯᠴᠢᠭᠡᠷ ᠤᠨ ᠦᠮᠴᠢᠯᠡᠬᠦ ᠡᠷᠭᠡ᠂ | ᠭᠡᠷᠡᠭᠯᠡᠬᠦ ᠡᠷᠭᠡ᠂ ᠲᠠᠭᠠᠭᠠᠴᠢᠯᠠᠨ ᠡᠵᠡᠩᠨᠡᠬᠦ ᠡᠷᠭᠡ ᠶᠢᠨ ︽ᠬᠤᠤᠰ ᠡᠷᠭᠡ ᠨᠢᠭᠡ ᠲᠦᠷᠢᠮ︾ ᠤᠨ ᠠᠵᠢᠯ ᠢ ᠤᠯᠠᠮ | ᠨᠢᠬᠡ ᠠᠯᠬᠤᠮ ᠲᠡᠭᠦᠯᠳᠡᠷᠵᠢᠬᠦᠯᠵᠤ᠂ ᠤᠨᠴᠠᠭᠠᠶᠢᠯᠠᠨ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ | ᠲᠠᠭᠠᠭᠠᠴᠢᠯᠠᠭᠤᠯᠬᠤ ᠠᠵᠢᠯ ᠤᠨ ᠲᠤᠮᠳᠠ ᠤᠷᠤᠰᠢᠵᠤ ᠪᠠᠶᠢᠭ᠎ᠠ ᠨᠤᠳᠤᠭ ᠪᠡᠯᠴᠢᠭᠡᠷ ᠤᠨ ᠡᠷᠭᠡ ᠶᠢᠨ ᠵᠢᠭᠤᠷᠠᠭᠠᠨ᠂ ︽ | ᠲᠦᠷᠪᠡᠨ ᠵᠠᠭᠠᠭ ᠱᠤᠭᠤᠮ︾ ᠲᠤᠳᠤᠷᠬᠠᠢ ᠪᠤᠰᠤ᠂ ︽ᠦᠨᠡᠮᠯᠡᠯ᠂ ᠲᠠᠩᠰᠠ᠂ ᠭᠠᠵᠠᠷ ᠨᠤᠳᠤᠭ︾ ᠲᠤᠬᠢᠷᠠᠯᠴᠠᠬᠤ | ᠦᠬᠡᠢ᠂ ᠦᠨᠡᠮᠯᠡᠯ ᠪᠦᠷᠢᠨ ᠪᠤᠰᠤ᠂ ᠡᠪᠳᠡᠨ ᠰᠦᠢᠳᠭᠡᠭᠳᠡᠭᠰᠡᠨ᠂ ᠭᠡᠭᠡᠭᠳᠡᠭᠰᠡᠨ ᠵᠡᠷᠭᠡ ᠪᠠᠶᠢᠳᠠᠯ ᠢ ᠬᠠᠷᠭᠤᠭᠤᠯᠵᠤ᠂ | ︽ᠲᠡᠰ ᠲᠠᠷᠠᠭᠠᠯᠠᠯ ᠨᠢ ᠬᠠᠤᠯᠢ ᠳᠤ ᠨᠡᠶᠢᠴᠡᠬᠦ᠂ ᠭᠠᠷᠳᠡᠮ ᠨᠢ ᠪᠦᠷᠢᠨ ᠬᠦᠢᠴᠡᠳ᠂ ᠡᠷᠭᠡ ᠶᠢᠨ ᠦᠨᠡᠮᠯᠡᠯ | ᠦᠭᠭᠦᠭᠰᠡᠨ ᠪᠠᠶᠢᠬᠤ︾ ᠱᠠᠭᠠᠷᠳᠠᠯᠭ᠎ᠠ ᠶᠤᠰᠤᠭᠠᠷ᠂ ᠵᠢᠷᠤᠮᠵᠢᠭᠰᠠᠨ ᠬᠠᠮᠢᠶᠠᠷᠤᠯᠳᠠ ᠶᠢ ᠴᠢᠩᠭᠠᠷᠠᠭᠤᠯᠪᠠ᠃ ᠲᠤᠰ | ᠤᠳᠠᠭᠠᠨ ᠤ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ ᠲᠤᠭᠳᠠᠭᠠᠵᠤ ᠲᠠᠭᠠᠭᠠᠴᠢᠯᠠᠭᠤᠯᠬᠤ ᠠᠵᠢᠯ ᠢ | ᠲᠡᠬᠦᠯᠳᠡᠷᠵᠢᠬᠦᠯᠬᠦ ᠳᠤ ᠨᠡᠭᠡᠭᠡᠯᠳᠡ ᠶᠢᠨ ᠤᠷᠤᠨ ᠳᠤ ᠬᠤᠯᠪᠤᠭᠳᠠᠭᠰᠠᠨ ᠨᠢ ᠬᠤᠶᠠᠷ ᠭᠠᠴᠠᠭ᠎ᠠ ᠶᠢᠨ 96 ᠡᠷᠦᠬᠡ | ᠶᠢᠨ 607 ᠬᠦᠮᠦᠨ ᠪᠠᠶᠢᠵᠤ᠂ ᠨᠤᠳᠤᠭ ᠪᠡᠯᠴᠢᠭᠡᠷ ᠤᠨ ᠦᠨᠡᠮᠯᠡᠯ 96 ᠲᠡᠪᠳᠡᠷ᠂ ᠨᠤᠳᠤᠭ ᠪᠡᠯᠴᠢᠭᠡᠷ ᠤᠨ ᠲᠠᠯᠠᠪᠠᠢ | ᠨᠢ 226 ᠲᠦᠮᠡ ᠭᠠᠷᠤᠢ ᠮᠤ᠋ ᠪᠠᠶᠢᠪᠡ᠃ ᠮᠠᠯᠵᠢᠬᠤ ᠤᠷᠤᠨ ᠤ ᠨᠤᠳᠤᠭ ᠪᠡᠯᠴᠢᠭᠡᠷ ᠤᠨ ᠡᠷᠭᠡ ᠶᠢ ᠨᠤᠳᠠᠯᠠᠨ | ᠲᠤᠭᠳᠠᠭᠠᠵᠤ ᠲᠠᠭᠠᠭᠠᠴᠢᠯᠠᠭᠤᠯᠬᠤ ᠠᠵᠢᠯ ᠢ ᠲᠡᠬᠦᠯᠳᠡᠷᠵᠢᠬᠦᠯᠵᠤ ᠪᠠᠶᠢᠭ᠎ᠠ ᠨᠢ ᠮᠠᠯᠵᠢᠬᠤ ᠤᠷᠤᠨ ᠤ ᠨᠤᠳᠤᠭ | ᠪᠡᠯᠴᠢᠭᠡᠷ ᠤᠨ ᠡᠷᠭᠡ ᠶᠢ ᠲᠤᠭᠳᠠᠭᠠᠨ ᠲᠠᠭᠠᠭᠠᠴᠢᠯᠠᠭᠤᠯᠤᠨ ᠡᠵᠡᠩᠨᠡᠬᠦ ᠲᠦᠷᠢᠮ ᠤᠨ ᠦᠬᠡᠷᠡᠴᠢᠯᠯᠡᠳᠡ ᠶᠢ | ᠰᠦᠪᠡᠭᠴᠢᠯᠡᠬᠦ ᠪᠠ ᠠᠬᠢᠭᠤᠯᠵᠤ᠂ ᠲᠠᠯ᠎ᠠ ᠨᠤᠳᠤᠭ ᠤᠨ ᠡᠬᠢ ᠪᠠᠶᠠᠯᠢᠭ ᠢ ᠵᠤᠬᠢᠰᠳᠠᠢ ᠠᠰᠢᠭᠯᠠᠬᠤ ᠪᠠ ᠪᠦᠳᠦᠭᠡᠨ | ᠪᠠᠶᠢᠭᠤᠯᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠦᠳᠦᠮᠵᠢᠳᠠᠢ ᠬᠠᠮᠠᠭᠠᠯᠠᠵᠤ᠂ ᠲᠠᠯ᠎ᠠ ᠨᠤᠳᠤᠭ ᠤᠨ ᠠᠮᠢ | ᠠᠬᠤᠢ ᠶᠢᠨ ᠤᠷᠴᠢᠨ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠨᠡᠭᠡᠭᠡᠯᠳᠡ ᠶᠢᠨ | ᠤᠷᠤᠨ ᠪᠤᠳᠠᠳᠠᠢ ᠠᠵᠢᠯ ᠢ ᠠᠬᠢᠭᠤᠯᠬᠤ ᠲᠤᠮᠳᠠ᠂ ︽ᠨᠡᠶᠢᠭᠡᠮ ᠤᠨ ᠲᠤᠭᠳᠠᠭᠤᠨ᠂ ᠨᠤᠳᠤᠭ ᠪᠡᠯᠴᠢᠭᠡᠷ ᠤᠨ | ᠲᠠᠭᠠᠭᠠᠴᠢᠯᠠᠯᠳᠠ ᠶᠢᠨ ᠬᠤᠭᠤᠴᠠᠭ᠎ᠠ ᠦᠯᠦ ᠬᠤᠪᠢᠷᠠᠬᠤ᠂ ᠤᠤᠯ ᠤᠨ ᠨᠤᠳᠤᠭ ᠪᠡᠯᠴᠢᠭᠡᠷ ᠢ ᠲᠠᠭᠠᠭᠠᠴᠢᠯᠠᠭᠤᠯᠬᠤ | ᠬᠠᠷᠢᠴᠠᠭ᠎ᠠ ᠦᠯᠦ ᠬᠤᠪᠢᠷᠠᠬᠤ᠂ ᠬᠠᠤᠯᠢ ᠶᠤᠰᠤᠭᠠᠷ᠂ ᠠᠷᠠᠳᠴᠢᠯᠠᠯ ᠲᠠᠢ᠂ ᠢᠯᠡ ᠪᠠᠷ ᠨᠡᠶᠢᠳᠡᠯᠡᠬᠦ᠂ ᠲᠤᠬᠠᠢ ᠶᠢᠨ | ᠭᠠᠵᠠᠷ ᠲᠤᠨᠢ ᠲᠤᠬᠢᠷᠠᠭᠤᠯᠤᠨ ᠵᠠᠰᠠᠬᠤ︾ ᠵᠠᠷᠴᠢᠮ ᠢ ᠴᠢᠩᠭ᠎ᠠ ᠠᠳᠬᠤᠵᠤ᠂ ︽ᠪᠦᠬᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ︾᠂ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ︾᠂ ︽ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠬᠠᠮᠢᠶᠠᠷᠤᠯᠳᠠ ᠶᠢᠨ ᠲᠦᠷᠢᠮ︾ ᠵᠡᠷᠭᠡ ᠬᠠᠮᠢᠶ᠎ᠠ ᠪᠦᠬᠦᠢ | ᠬᠠᠤᠯᠢ ᠲᠦᠷᠢᠮ ᠶᠤᠰᠤᠭᠠᠷ ᠠᠯᠬᠤᠮ ᠲᠠᠷᠠᠭ᠎ᠠ ᠲᠠᠢ ᠪᠠᠷ ᠠᠵᠢᠯ ᠢᠶᠠᠨ ᠦᠷᠨᠢᠬᠦᠯᠤᠭ᠍ᠰᠡᠨ ᠪᠠᠶᠢᠨ᠎ᠠ᠃ |