ᠬᠢᠩᠭᠠᠨ ᠠᠶᠢᠮᠠᠭ ᠤᠨ ᠡᠳ᠋ ᠤᠨ ᠵᠠᠰᠠᠭ ᠠᠴᠠ 822 ᠲᠦᠮᠡᠨ ᠲᠥᠭᠦᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠨᠦᠬᠦᠪᠦᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2015/11/17
      ᠪᠦᠯᠦᠭ ᠶᠠᠳᠠᠭᠤ ᠬᠦᠴᠢᠷᠳᠡᠯᠲᠡᠶ ᠭᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠤᠰᠠᠳᠠ᠂ ᠡᠯ᠎ᠡ ᠬᠤᠰᠢᠭᠤ ᠰᠢᠶᠠᠨ ᠤ ᠦᠨᠳᠦᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠭᠡᠭᠡᠨ ᠬᠦᠭᠵᠢᠬᠦᠯᠬᠦ ᠪᠠ ᠡᠯᠰᠡᠨ ᠠᠪᠬᠤ ᠪᠠᠶᠢᠳᠠᠯ ᠢ ᠦᠨᠳᠦᠰᠦᠯᠡᠨ᠂ ᠠᠶᠢᠮᠠᠭ ᠤᠨ ᠡᠳ᠋ ᠤᠨ ᠵᠠᠰᠠᠭ ᠠᠴᠠ ᠶᠠᠳᠠᠭᠤ ᠬᠦᠴᠢᠷᠳᠡᠯᠲᠡᠶ ᠭᠡᠷ ᠪᠦᠯᠢ ᠪᠣᠯᠤᠨ ᠮᠣᠩᠭᠤᠯ ᠢᠶᠠᠷ ᠰᠣᠷᠣᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ 822 ᠲᠦᠮᠡᠨ ᠲᠥᠭᠦᠷᠢᠭ ᠤᠨ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠮᠢᠳᠤᠷᠠᠯ ᠤᠨ ᠨᠥᠬᠦᠪᠥᠷᠢ ᠪᠣᠯᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠮᠥᠩᠭᠦ ᠪᠠᠭᠤᠯᠭᠠᠪᠠ᠃ ᠡᠨᠡ ᠤᠳᠠᠭᠠᠨ ᠤ ᠪᠠᠭᠤᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠨᠥᠬᠦᠪᠥᠷᠢ ᠮᠥᠩᠭᠦ ᠶᠢ ᠠᠷᠠᠳ ᠤᠨ ᠠᠮᠢᠳᠤᠷᠠᠯ ᠤᠨ ᠰᠠᠶᠢᠨ ᠳᠤᠷᠠᠴᠤᠳ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠠᠮᠢᠳᠤᠷᠠᠯ ᠤᠨ ᠨᠥᠬᠦᠪᠥᠷᠢ ᠪᠣᠯᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ 70%᠎ ᠪᠠᠷ ᠨᠦᠬᠦᠪᠦᠷᠢᠯᠡᠨ ᠦᠭᠭᠦᠨ᠎ᠡ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠥᠬᠦᠪᠥᠷᠢ ᠮᠥᠩᠭᠦ ᠶᠢ ᠴᠠᠭ ᠲᠤᠬᠠᠶ ᠳᠤᠨᠢ ᠪᠦᠷᠢᠨ ᠬᠦᠢᠴᠡᠳ ᠪᠠᠭᠤᠯᠭᠠᠵᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠪᠠᠲᠤᠯᠠᠵᠤ᠂ ᠰᠢᠬᠠᠨ ᠡᠵᠡᠯᠡᠬᠦ᠂ ᠰᠢᠯᠵᠢᠬᠦᠯᠦᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃  ᠬᠠᠮᠲᠤ ᠳᠤᠨᠢ ᠪᠡᠯᠠ ᠮᠥᠩᠭᠦ ᠶᠢᠨ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠠᠢ ᠬᠡᠵᠤ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号