ᠪᠤᠭᠤᠲᠤ ᠬᠤᠳᠠ 2015 ᠣᠨ ᠤ ᠳᠤᠤᠷ᠎ᠠ ᠣᠷᠣᠯᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠲᠤ ᠡᠪᠦᠯ ᠤᠨ ᠳᠤᠯᠠᠭᠠᠯᠠᠯᠭ᠎ᠠ ᠶᠢᠨ ᠨᠡᠭᠦᠷᠡᠰᠦ ᠬᠠᠩᠭᠠᠬᠤ ᠠᠵᠢᠯ ᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2015/11/17
     ᠪᠤᠭᠤᠲᠤ ᠬᠤᠳᠠ ᠶᠢᠨ ᠨᠥᠬᠦᠪᠥᠷᠢ ᠪᠡᠯᠡ ᠮᠥᠩᠭᠦ ᠴᠤᠭᠯᠠᠭᠤᠯᠬᠤ ᠳᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠤᠰ ᠱᠠᠲᠤ᠂ ᠬᠤᠰᠢᠭᠤ ᠰᠢᠶᠠᠨ ᠲᠣᠭᠤᠷᠢᠭ ᠤᠨ 3᠄ 3 : 4 ᠎ ᠶᠢᠨ ᠬᠠᠷᠢᠴᠠᠯ ᠢᠶᠠᠷ ᠭᠤᠷᠪᠠᠨ ᠱᠠᠲᠤ ᠬᠤᠪᠢᠶᠠᠨ ᠡᠭᠦᠷᠭᠡᠯᠡᠬᠦ ᠠᠷᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠬᠠᠩᠭᠠᠬᠤ ᠎ ᠳᠤ ᠭᠢᠨᠠᠨ ᠦᠭᠭᠦᠭᠰᠡᠨ 1836 ᠲᠦᠮᠡᠨ ᠲᠥᠭᠦᠷᠢᠭ ᠤᠨ ᠨᠥᠬᠦᠪᠥᠷᠢ ᠥᠭᠬᠦ ᠪᠡᠯᠡ ᠮᠥᠩᠭᠦ ᠨᠢᠭᠡᠨᠲᠡ ᠪᠠᠭᠤᠨ ᠢᠷᠡᠵᠦ᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ 1836 ᠲᠦᠮᠡᠨ ᠲᠥᠭᠦᠷᠢᠭ ᠢ ᠴᠦ ᠨᠢᠭᠡᠨᠲᠡ ᠬᠢᠨᠠᠨ ᠦᠭᠴᠦ᠂ ᠬᠤᠰᠢᠭᠤ ᠰᠢᠶᠠᠨ ᠲᠣᠭᠤᠷᠢᠭ ᠤᠨ ᠢᠵᠢ ᠪᠦᠷᠢᠳᠦᠭᠦᠯᠬᠦ 2340.24 ᠲᠦᠮᠡᠨ ᠲᠥᠭᠦᠷᠢᠭ ᠤᠨ ᠪᠡᠯᠡ ᠮᠦᠩᠭᠦ ᠪᠠᠰᠠ ᠬᠠᠮᠲᠤ ᠳᠤᠨᠢ ᠪᠡᠯᠡᠨ ᠪᠤᠯᠵᠡᠢ᠂ ᠪᠤᠭᠤᠲᠤ ᠬᠤᠲᠠ ᠶᠢᠨ ︽ᠨᠢᠭᠡ ᠲᠣᠨ ᠨᠡᠭᠦᠷᠡᠰᠦ︾᠎ ᠳᠤ ᠨᠦᠬᠦᠪᠦᠷᠢᠯᠡᠬᠦ ᠪᠡᠯᠡ ᠮᠥᠩᠭᠦᠨ ᠤ ᠪᠦᠬᠦ ᠲᠤᠭ᠎ᠠ ᠨᠢ 6012.24 ᠲᠦᠮᠡᠨ ᠲᠥᠭᠦᠷᠢᠭ ᠪᠣᠯᠤᠨ᠎ᠠ᠃ 10 ᠳ᠋ᠦ᠋ᠭᠡᠷ ᠰᠠᠷ᠎ᠠ ᠶᠢᠨ 20᠎ ᠤ ᠡᠳᠦᠷ᠂ ᠪᠤᠭᠤᠲᠤ ᠬᠤᠲᠠ ᠶᠢᠨ 2015 ᠣᠨ ᠤ ᠳᠤᠤᠷ᠎ᠠ ᠤᠷᠤᠯᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠲᠤ ᠡᠪᠦᠯ ᠤᠨ ᠳᠤᠯᠠᠭᠠᠯᠠᠯᠭ᠎ᠠ ᠶᠢᠨ ᠨᠡᠭᠦᠷᠡᠰᠦ ᠬᠠᠩᠭᠠᠬᠤ ᠠᠵᠢᠯ ᠤᠷᠤᠭᠰᠢᠲᠠᠶ ᠪᠡᠶᠡᠯᠡᠭᠳᠡᠵᠦ᠂ ᠪᠤᠭᠤᠲᠤ ᠬᠤᠳᠠ ᠶᠢᠨ 9 ᠭᠠᠵᠠᠷ ᠣᠷᠣᠨ ᠤ 10.02 ᠲᠦᠮᠡᠨ ᠡᠷᠦᠬᠡ ᠳᠤ ᠨᠡᠭᠦᠷᠡᠰᠦ ᠦᠭᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠡᠢ᠃ ᠡᠭᠦᠨ ᠤ ᠳᠣᠲᠣᠷ᠎ᠠ᠂ ᠬᠦᠨᠳᠡᠯᠡᠨ ᠲᠤᠭᠤᠷᠢᠭ 2806 ᠡᠷᠦᠬᠡ᠂ ᠴᠢᠩᠱᠠᠨ ᠲᠣᠭᠤᠷᠢᠭ 2569 ᠡᠷᠦᠬᠡ᠂ ᠳ᠋ᠦᠩᠾᠧ ᠲᠣᠭᠤᠷᠢᠭ 5169 ᠡᠷᠦᠬᠡ᠂ ᠰᠢᠭᠤᠶᠢᠲᠤ ᠲᠣᠭᠤᠷᠢᠭ 5293 ᠡᠷᠦᠬᠡ᠂  ᠵᠢᠤᠶᠤᠸᠡᠨ ᠲᠣᠭᠤᠷᠢᠭ 4207 ᠡᠷᠦᠬᠡ᠂ ᠲᠦᠮᠡᠳ ᠪᠠᠷᠠᠭᠤᠨ ᠬᠤᠰᠢᠭᠤ 20822 ᠡᠷᠦᠬᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ 1256 ᠡᠷᠦᠬᠡ᠂ ᠭᠦᠶᠡᠩ ᠰᠢᠶᠠᠨ 29082 ᠡᠷᠦᠬᠡ ᠪᠡᠶᠡᠯᠡᠭᠦᠯᠵᠦ︔ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 29000 ᠡᠷᠦᠬᠡ ᠳᠤ ᠦᠭᠴᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号