ᠲᠦᠩᠯᠢᠶᠣᠤ ᠬᠤᠳᠠ 2017 ᠣᠨ ᠪᠣᠯᠬᠤ ᠳᠤ ︽ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠬᠤᠲᠠ︾᠎ ᠶᠢ ᠦᠨᠳᠦᠰᠦᠨ ᠳᠡᠭᠡᠨ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ ᠪᠤᠢ
ᠨᠡᠶᠢᠲᠡᠯᠡᠭᠰᠡᠨ ᠴᠠᠭ᠄
2015/11/17
     2015᠎ ᠠᠴᠠ 2017 ᠣᠨ ᠪᠣᠯᠲᠠᠯ᠎ᠠ᠂ ᠲᠦᠩᠯᠢᠶᠣᠤ ᠬᠤᠳᠠ 3 ᠵᠢᠯ ᠣᠷᠴᠢᠮ ᠤᠨ ᠴᠠᠭ ᠢ ᠠᠰᠢᠭᠯᠠᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠶᠡᠷᠦᠩᠬᠡᠶ ᠲᠤᠭ᠎ᠠ ᠶᠢ ︽432︾ ᠶᠣᠰᠣᠭᠠᠷ ᠠᠬᠢᠴᠠ ᠪᠠᠨ ᠲᠣᠬᠢᠷᠠᠭᠤᠯᠵᠤ᠂  ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠠᠯᠬᠤᠮ ᠬᠤᠪᠢᠶᠠᠨ ᠲᠦᠯᠬᠢᠨ ᠠᠬᠢᠭᠤᠯᠬᠤ ᠪᠣᠯᠣᠨ᠎ᠠ᠃ 2015 ᠣᠨ ᠳᠤ᠂ ᠬᠤᠷᠴᠢᠨ ᠲᠣᠭᠤᠷᠢᠭ᠂ ᠨᠠᠢᠮᠠᠨ ᠬᠤᠰᠢᠭᠤ᠂ ᠵᠠᠷᠤᠳ ᠬᠤᠰᠢᠭᠤ᠂ ᠨᠡᠭᠡᠭᠡᠨ ᠬᠥᠭᠵᠢᠭᠦᠯᠬᠦ ᠲᠣᠭᠤᠷᠢᠭ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠬᠤᠰᠢᠭᠤ ᠰᠢᠶᠠᠨ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠪᠡᠶᠡᠯᠡᠭᠦᠯᠬᠦ ᠪᠣᠯᠣᠨ᠎ᠠ᠃ 2016 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠺᠠᠶᠢᠯᠦ ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠪᠣᠯᠣᠨ᠎ᠠ᠃ 2017 ᠣᠨ ᠳᠤ᠂ ᠬᠦᠷᠢᠶ᠎ᠡ ᠬᠤᠰᠢᠭᠤ᠂ ᠬᠤᠣᠯᠢᠨ ᠭᠤᠣᠯ ᠬᠤᠳᠠ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠪᠣᠯᠣᠨ᠎ᠠ᠃      2017 ᠣᠨ ᠪᠣᠯᠬᠤ ᠳᠤ᠂ ᠲᠦᠩᠯᠢᠶᠣᠤ ᠬᠤᠲᠠ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾᠎ ᠶᠢ ᠪᠦᠲᠦᠮᠵᠢᠲᠡᠢ ᠬᠡᠷᠡᠭᠯᠡᠬᠦ ᠠᠵᠤ ᠠᠬᠤᠶᠢᠯᠠᠯ ᠤᠨ ᠶᠡᠷᠦᠩᠬᠡᠶ ᠲᠤᠭ᠎ᠠ ᠶᠢ 75 ᠬᠦᠷᠦᠭᠦᠯᠵᠦ᠂ ᠭᠡᠷᠡᠴᠢᠯᠡᠭᠳᠡᠭᠰᠡᠨ ᠦᠢᠯᠡᠳᠬᠦᠨ ᠤ ᠭᠠᠷᠤᠯᠲᠠ ᠶᠢ 382.95 ᠲᠦᠮᠡᠨ ᠲᠣᠨ ᠳᠤ ᠬᠦᠷᠦᠭᠦᠯᠦᠨ᠎ᠡ︔ ᠭᠡᠷᠡᠴᠢᠯᠡᠭᠳᠡᠭᠰᠡᠨ ᠦᠢᠯᠡᠳᠬᠦᠨ ᠤ ᠲᠠᠯᠠᠪᠠᠢ ᠶᠢ 373.11 ᠲᠦᠮᠡᠨ ᠮᠥ ᠳᠤ ᠬᠦᠷᠦᠭᠦᠯᠦᠨ᠎ᠡ︔ ᠪᠠᠷᠢᠮᠵᠢᠶᠠᠴᠢᠯᠠᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 50᠎ ᠠᠴᠠ ᠳᠡᠭᠡᠭᠰᠢ ᠪᠦᠲᠦᠭᠡᠨ ᠪᠠᠶᠢᠭᠤᠯᠤᠨ᠎ᠠ︔ ᠪᠦᠬᠦ ᠬᠤᠲᠠ ᠶᠢᠨ ᠢᠳᠡᠭᠡᠨ ᠤ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠤᠨ ᠶᠠᠰᠤ ᠴᠢᠨᠠᠷ ᠠᠮᠤᠷ ᠲᠦᠪᠰᠢᠨ ᠢᠲᠡᠭᠡᠮᠵᠢ ᠵᠡᠷᠭᠡ ᠳᠡᠰ ᠤᠨ B ᠳᠡᠰ ᠠᠴᠠ ᠳᠡᠭᠡᠭᠰᠢᠬᠢ ᠶᠢ ᠨᠢ 95 %᠎ ᠠᠴᠠ ᠳᠡᠭᠡᠭᠰᠢ ᠳᠤ ᠬᠦᠷᠦᠭᠦᠯᠦᠨ᠎ᠡ᠃ ᠡᠭᠦᠨ ᠳᠤ᠂ A ᠳᠡᠰ ᠤᠨ ᠬᠢ ᠨᠢ 40%᠎ ᠳᠤ ᠬᠦᠷᠦᠭᠦᠯᠵᠦ᠂ ᠢᠳᠡᠭᠡᠨ ᠤ ᠭᠦᠢᠯᠭᠡᠭᠡᠨ ᠤ ᠵᠠᠩᠭᠢᠯᠠᠭ᠎ᠠ ᠶᠢᠨ ᠵᠢᠱᠢᠶ᠎ᠡ ᠦᠵᠡᠭᠦᠯᠬᠦ ᠳᠡᠯᠭᠡᠭᠦᠷ ᠢ ᠪᠦᠬᠦ ᠬᠤᠲᠠ ᠶᠢᠨ ᠢᠳᠡᠭᠡᠨ ᠤ ᠵᠦᠢᠯ ᠢ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠶᠡᠷᠦᠩᠬᠡᠢ ᠲᠣᠭᠠᠨ ᠤ 20%᠎ ᠶᠢ ᠡᠵᠡᠯᠡᠵᠦ  ᠡᠵᠡᠯᠡᠭᠦᠯᠵᠦ᠂ ᠭᠠᠴᠠᠭ᠎ᠠ ᠪᠦᠷᠢ ᠳᠤ ᠴᠥᠮ ᠨᠢᠭᠡᠨ ᠵᠢᠱᠢᠶ᠎ᠡ ᠦᠵᠡᠭᠦᠯᠬᠦ ᠳᠡᠯᠭᠡᠭᠦᠷ ᠪᠣᠯᠭᠠᠨ᠎ᠠ᠃ ᠬᠤᠭᠤᠯᠠ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠵᠦᠢᠯ ᠤᠨ ᠠᠶᠤᠯ ᠦᠭᠡᠢ ᠶᠢᠨ ᠵᠢᠱᠢᠶ᠎ᠡ ᠦᠵᠡᠭᠦᠯᠬᠦ ᠳᠡᠯᠭᠡᠭᠦᠷ ᠶᠢ ᠶᠡᠷᠦᠩᠬᠡᠶ ᠲᠣᠭᠠᠨ ᠤ 15%᠎ ᠳᠤ ᠬᠦᠷᠦᠭᠦᠯᠵᠦ᠂ ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠡᠮᠵᠢᠶᠡᠵᠢᠭᠦᠯᠦᠨ ᠳᠡᠰ ᠬᠤᠪᠢᠶᠠᠬᠤ B ᠳᠡᠰ ᠠᠴᠠ ᠳᠡᠭᠡᠭᠰᠢᠬᠢ ᠶᠢ ᠨᠢ ᠦᠨᠡᠮᠯᠡᠯ ᠎ ᠲᠠᠢ ᠬᠤᠭᠤᠯᠠ ᠤᠮᠳᠠᠭᠠᠨ ᠤ ᠨᠢᠭᠡᠴᠡ ᠶᠢᠨ 75%᠎ ᠠᠴᠠ ᠳᠡᠭᠡᠭᠰᠢ ᠳᠡᠭᠡᠭᠰᠢ ᠶᠢ ᠨᠢ ᠡᠵᠡᠯᠡᠭᠦᠯᠦᠨ᠎ᠡ᠃ ᠡᠭᠦᠨ ᠳᠤ ᠂ A ᠳᠡᠰ ᠤᠨ ᠬᠢ ᠶᠢ15%᠎ ᠳᠤ ᠬᠦᠷᠦᠭᠦᠯᠵᠦ᠂ ᠰᠤᠷᠭᠠᠭᠤᠯᠢ᠂ ᠬᠡᠦᠬᠡᠳ ᠤᠨ ᠴᠡᠴᠡᠷᠯᠢᠭ ᠬᠢᠭᠡᠳ ᠰᠠᠭᠠᠲᠤᠭᠤᠯᠬᠤ ᠪᠠᠶᠢᠭᠤᠯᠤᠮᠵᠢ ᠶᠢᠨ ᠬᠤᠭᠤᠯᠠᠨ ᠭᠡᠷ ᠢ ᠴᠥᠮ A ᠳᠡᠰ ᠳᠤ ᠬᠦᠷᠦᠭᠦᠯᠦᠨ᠎ᠡ᠃ ︽ᠲᠤᠩᠭᠠᠯᠠᠭ ᠭᠡᠷ ᠴᠡᠪᠡᠷ ᠵᠤᠤᠬ᠎ᠠ︾ ᠪᠤᠶᠤ ᠬᠠᠷᠠᠭᠠᠨ ᠳᠠᠪᠲᠠᠮᠵᠢᠲᠤ ᠲᠣᠭᠤᠭᠠᠨ ᠭᠡᠷ ᠤᠨ ᠬᠤᠭᠤᠯᠠ ᠤᠮᠳᠠᠭᠠᠨ ᠤ ᠨᠢᠭᠡᠴᠢ ᠶᠢ 50 %᠎ ᠳᠤ ᠬᠦᠷᠦᠭᠦᠯᠵᠦ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ 9 ᠡᠮᠨᠡᠯᠭᠡ ᠶᠢᠨ ᠪᠠᠶᠢᠭᠤᠯᠤᠮᠵᠢ ᠶᠢᠨ ᠡᠮ ᠨᠠᠶᠢᠷᠠᠬᠤ ᠲᠡᠰᠤᠬ ᠤᠨ ᠪᠦᠯᠦᠭ ᠪᠦᠷᠢ ᠶᠢᠨ ᠪᠦᠬᠦ ᠲᠥᠷᠥᠯ ᠢ ᠰᠢᠯᠭᠠᠨ ᠪᠠᠶᠢᠴᠠᠭᠠᠯᠲᠠ ᠶᠢᠨ ᠱᠠᠭᠠᠷᠳᠠᠯᠭ᠎ᠠ ᠳᠤ ᠬᠦᠷᠦᠭᠦᠯᠵᠦ᠂ ᠰᠤᠮᠤ ᠰᠢᠶᠠᠩ ᠪᠠᠯᠭᠠᠰᠤ ᠶᠢᠨ 7 ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮ ᠨᠠᠶᠢᠷᠠᠬᠤ ᠲᠡᠰᠤᠬ ᠤᠨ ᠬᠡᠪ ᠤᠨ ᠰᠢᠯᠭᠠᠨ ᠪᠠᠶᠢᠴᠠᠭᠠᠯᠲᠠ ᠶᠢ ᠪᠦᠯᠦᠭ ᠪᠦᠷᠢ ᠶᠢᠨ ᠰᠢᠯᠭᠠᠨ ᠪᠠᠶᠢᠴᠠᠭᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠡᠮ ᠤᠨ ᠵᠦᠢᠯ ᠤᠨ ᠭᠦᠢᠯᠭᠡᠭᠡᠨ᠂ ᠬᠡᠷᠡᠭᠯᠡᠬᠦ ᠵᠠᠩᠭᠢᠯᠠᠭ᠎ᠠ ᠶᠢ ᠴᠥᠮ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ︽ᠠᠶᠤᠯ ᠦᠭᠡᠢ ᠡᠮ ᠤᠨ ᠳᠡᠯᠭᠡᠭᠦᠷ︾᠂ ︽ᠠᠶᠤᠯ ᠦᠭᠡᠢ ᠡᠮ ᠤᠨ ᠰᠠᠩ︾᠎ ᠢ 100%᠎ ᠪᠠᠷ ᠪᠠᠷᠢᠮᠵᠢᠶ᠎ᠠ ᠳᠤ ᠬᠦᠷᠦᠭᠦᠯᠦᠨ᠎ᠡ᠃ ᠡᠮᠴᠢᠯᠡᠭᠡᠨ ᠤ ᠪᠠᠭᠠᠵᠢ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠢ ᠴᠥᠮ A ᠳᠡᠰ ᠲᠤ ᠬᠦᠷᠦᠭᠦᠯᠵᠦ᠂ ᠲᠤᠰᠬᠠᠢ ᠡᠵᠡᠩᠨᠡᠯᠲᠡ ᠶᠢᠨ ᠠᠵᠤ ᠠᠬᠤᠶᠢᠯᠠᠯ ᠤᠨ A ᠳᠡᠰ ᠤᠨ ᠬᠢ ᠶᠢ ᠶᠡᠷᠦᠩᠬᠡᠢ ᠲᠤᠭ᠎ᠠ ᠶᠢᠨ 95%᠎ ᠶᠢ ᠡᠵᠡᠯᠡᠭᠦᠯᠦᠨ᠎ᠡ᠃ ᠡᠮ ᠤᠨ ᠵᠦᠢᠯ ᠤᠨ ᠮᠠᠭᠤ ᠤᠷᠪᠠᠯ ᠤᠨ ᠮᠡᠳᠡᠭᠦᠯᠦᠯᠲᠡ ᠶᠢᠨ ᠲᠤᠭ᠎ᠠ ᠬᠡᠮᠵᠢᠶ᠎ᠡ ᠶᠢ ᠵᠠᠭᠤᠨ ᠲᠦᠮᠡᠨ ᠬᠥᠮᠦᠨ ᠠᠮᠠ ᠪᠦᠷᠢ ᠶᠢᠨ 2000 ᠵᠢᠱᠢᠶ᠎ᠡ ᠳᠤ ᠬᠦᠷᠦᠭᠦᠯᠦᠨ᠎ᠡ᠃ ᠡᠮᠴᠢᠯᠡᠭᠡᠨ ᠤ ᠪᠠᠭᠠᠵᠢ ᠬᠡᠷᠡᠭᠰᠡᠯ ᠮᠠᠭᠤ ᠬᠡᠷᠡᠭ ᠤᠨ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ ᠲᠤᠭ᠎ᠠ ᠬᠡᠮᠵᠢᠶ᠎ᠡ ᠶᠢ ᠵᠠᠭᠤᠨ ᠲᠦᠮᠡᠨ ᠬᠥᠮᠦᠨ ᠠᠮᠠ ᠪᠦᠷᠢ ᠶᠢᠨ 450 ᠵᠢᠱᠢᠶ᠎ᠡ ᠳᠤ ᠬᠦᠷᠦᠭᠦᠯᠵᠦ᠂ ᠡᠭᠦᠨ ᠳᠤ ᠰᠢᠨ᠎ᠡ ᠪᠠ ᠬᠦᠨᠳᠦ ᠨᠣᠴᠢᠲᠠᠶ ᠮᠡᠳᠡᠭᠦᠯᠦᠯᠲᠡ ᠶᠢᠨ ᠬᠠᠷᠢᠴᠠᠯ ᠢ 30%᠎ ᠳᠤ ᠬᠦᠷᠦᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号