| ᠰᠣᠷᠪᠤᠯᠵᠢᠯᠠᠭᠰᠠᠨ ᠴᠠᠭ᠄ | 2015 ᠣᠨ ᠤ 10 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ | ᠰᠣᠷᠪᠤᠯᠵᠢᠯᠠᠭᠰᠠᠨ ᠵᠣᠴᠢᠨ᠄ | ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠤᠣ | ᠰᠣᠷᠪᠤᠯᠵᠢᠯᠡᠨ ᠶᠠᠷᠢᠯᠴᠠᠭᠰᠠᠨ ᠲᠣᠪᠴᠢ᠄ | ᠦᠨ᠎ᠡ ᠬᠠᠩᠰᠢ ᠶᠢᠨ ᠲᠣᠭᠲᠠᠴᠠ ᠪᠣᠯ ᠵᠠᠬ᠎ᠠ ᠳᠡᠯᠭᠡᠭᠦᠷ ᠤᠨ ᠲᠣᠭᠲᠠᠴᠠ ᠶᠢᠨ ᠭᠤᠣᠯᠯᠠᠭᠴᠢ ᠪᠣᠯᠬᠤᠷ᠂ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ | ᠲᠣᠭᠲᠠᠭᠠᠬᠤ ᠪᠣᠯ ᠵᠠᠬ᠎ᠠ ᠳᠡᠯᠭᠡᠭᠦᠷ ᠨᠢ ᠡᠬᠢ ᠪᠠᠶᠠᠯᠢᠭ ᠢ ᠲᠣᠬᠢᠷᠠᠭᠤᠯᠬᠤ ᠳᠤᠮᠳᠠ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠬᠦ ᠶᠢᠨ ᠵᠠᠩᠬᠢᠯᠠᠭ᠎ᠠ ᠪᠣᠯᠣᠨ᠎ᠠ᠃ | ᠥᠭᠡᠷᠡᠴᠢᠯᠡᠯᠲᠡ ᠨᠡᠬᠡᠭᠡᠯᠲᠡ ᠬᠢᠭᠰᠡᠨ ᠠᠴᠠ ᠨᠠᠰᠢ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠪᠥᠷᠢᠯᠳᠦᠭᠦᠨ ᠪᠣᠯᠬᠤ ᠶᠢᠨ ᠬᠤᠪᠢ ᠳᠤ᠂ | ᠥᠨ᠎ᠡ ᠬᠠᠩᠰᠢ ᠶᠢᠨ ᠥᠭᠡᠷᠡᠴᠢᠯᠡᠯᠲᠡ ᠥᠷᠭᠦᠯᠵᠢᠯᠡᠨ ᠶᠠᠪᠤᠭᠳᠠᠵᠤ᠂ ᠲᠠᠰᠤᠷᠠᠯᠲᠠ ᠦᠭᠡᠢ ᠭᠦᠨᠵᠡᠭᠡᠶᠢᠷᠡᠵᠦ᠂ ᠢᠯᠠᠩᠭᠤᠶ᠎ᠠ ᠣᠶᠢᠷ᠎ᠠ ᠶᠢᠨ ᠵᠢᠯ ᠤᠳ ᠲᠤ᠂ ᠥᠨ᠎ᠡ | ᠬᠠᠩᠰᠢ ᠶᠢᠨ ᠥᠭᠡᠷᠡᠴᠢᠯᠡᠯᠲᠡᠡ ᠶᠢᠨ ᠠᠯᠬᠤᠴᠠ ᠶᠡᠬᠡᠪᠡᠷ ᠲᠦᠷᠭᠡᠳᠴᠦ᠂ ᠨᠢᠭᠡᠨ ᠪᠥᠯᠦᠭ ᠲᠠᠸᠠᠷ ᠪᠤᠯᠤᠨ ᠥᠢᠯᠡᠴᠢᠯᠡᠭᠡᠨ ᠤ ᠥᠨ᠎ᠡ ᠬᠠᠩᠰᠢ ᠶᠢ ᠤᠷᠢᠳ ᠬᠤᠵᠢᠳ | ᠴᠢᠯᠦᠭᠡᠲᠡᠢ ᠲᠠᠯᠪᠢᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠲᠡᠮᠦᠷ ᠵᠠᠮ ᠤᠨ ᠲᠡᠭᠡᠭᠡᠪᠦᠷᠢ ᠵᠡᠷᠭᠡ ᠬᠦᠷᠢᠶᠡᠨ ᠤ ᠦᠨ᠎ᠡ | ᠬᠠᠩᠰᠢ ᠶᠢᠨ ᠵᠠᠬ᠎ᠠ ᠳᠡᠯᠭᠡᠭᠦᠷᠴᠢᠯᠡᠯᠲᠡ ᠶᠢᠨ ᠬᠡᠮᠵᠢᠶ᠎ᠡ ᠢᠯᠡᠷᠬᠡᠢ ᠳᠡᠭᠡᠭᠰᠢᠯᠡᠭᠳᠡᠪᠡ᠃ 10 ᠰᠠᠷ᠎ᠠ ᠶᠢᠨ 12 ᠤᠨ ᠡᠳᠦᠷ᠂ ᠲᠥᠪ ᠤᠨ ᠬᠤᠷᠢᠶ᠎ᠠ᠂ ᠲᠥᠷᠦ ᠶᠢᠨ | ᠶᠠᠪᠤᠳᠠᠯ ᠤᠨ ᠬᠤᠷᠢᠶ᠎ᠠ ᠠᠴᠠ ︽ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ | ᠦᠨ᠎ᠡ ᠬᠠᠩᠰᠢ ᠶᠢᠨ ᠦᠭᠡᠷᠡᠴᠢᠯᠡᠯᠳᠡ ᠶᠢᠨ ᠭᠦᠨᠵᠡᠭᠡᠶᠢᠷᠡᠨ ᠬᠦᠭᠵᠢᠭᠦᠯᠬᠦ ᠶᠢ ᠠᠬᠢᠭᠤᠯᠵᠤ᠂ ᠭᠤᠣᠯᠳᠠᠭᠤ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠭᠲᠠᠭᠠᠬᠤ | ᠲᠣᠭᠲᠠᠴᠠ ᠶᠢ ᠲᠦᠷᠭᠡᠨ ᠲᠡᠭᠦᠯᠳᠡᠷᠵᠢᠭᠦᠯᠬᠦ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠂ ᠮᠠᠨ ᠤ ᠣᠷᠣᠨ ᠴᠤ ᠲᠤᠰ ᠡᠭᠡᠯᠵᠢ ᠶᠢᠨ ᠦᠨ᠎ᠡ ᠬᠠᠩᠰᠢ ᠶᠢᠨ | ᠥᠭᠡᠷᠡᠴᠢᠯᠡᠯᠲᠡ ᠶᠢ ᠬᠦᠭᠵᠢᠭᠦᠯᠬᠦ ᠲᠣᠭᠤᠷᠢᠨ ᠳᠤ ᠠᠯᠢ ᠣᠯᠠᠨ ᠠᠵᠢᠯ ᠢ ᠦᠷᠨᠢᠭᠦᠯᠵᠦ᠂ ᠬᠤᠯᠪᠤᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠲᠣᠰᠠᠳᠠ᠂ | ᠣᠶᠢᠷ᠎ᠠ ᠳᠤ᠂ ᠪᠢᠳᠠ ᠦᠪᠡᠷᠲᠡᠭᠡᠨ ᠵᠠᠰᠠᠬᠤ ᠣᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠨᠦᠬᠦᠷ ᠢ ︽ | ᠳᠣᠮᠳᠠᠳᠤ ᠣᠯᠣᠰ · ᠦᠪᠥᠷ ᠮᠣᠩᠭᠤᠯ︾ ᠰᠦᠯᠵᠢᠶᠡᠨ ᠳᠤ ᠣᠷᠢᠵᠤ ᠲᠠ ᠨᠠᠷ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ | ᠲᠤᠬᠠᠢ ᠶᠢᠨ ᠴᠠᠭ ᠲᠤ ᠢᠳᠡᠪᠬᠢᠲᠡᠢ ᠣᠷᠣᠯᠴᠠᠬᠤ ᠶᠢ ᠤᠭᠳᠤᠵᠤ ᠪᠠᠶᠢᠨ᠎ᠠ︕ | ᠬᠦᠲᠦᠯᠦᠭᠴᠢ᠄ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨ᠎ᠠ ᠦᠦ︕ ᠲᠠ ᠪᠦᠬᠦᠨ ᠲᠣᠰ ᠬᠤᠭᠤᠴᠠᠭᠠᠨ ᠤ ︽ᠳᠤᠮᠳᠠᠳᠤ ᠣᠯᠣᠰ · ᠦᠪᠦᠷ ᠮᠣᠩᠭᠤᠯ︾ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠳᠤᠵᠤ ᠪᠠᠶᠢᠨ᠎ᠠ᠃ ᠦᠨ᠎ᠡ ᠬᠠᠩᠰᠢ ᠪᠣᠯ ᠮᠠᠨ ᠤ ᠬᠦᠮᠦᠨ ᠪᠣᠯᠭᠠᠨ ᠤ ᠠᠮᠢᠳᠤᠷᠠᠯ ᠯᠤᠭ᠎ᠠ ᠨᠢᠭᠲᠠ | ᠬᠤᠯᠪᠤᠭ᠎ᠠ ᠲᠠᠢ ᠪᠠᠶᠢᠳᠠᠭ᠂ ᠪᠢᠳᠡᠨ ᠤ ᠢᠳᠡᠵᠦ ᠦᠮᠦᠰᠬᠦ ᠰᠠᠭᠤᠵᠤ ᠶᠠᠪᠤᠬᠤ ᠡᠯ᠎ᠡ ᠲᠠᠯ᠎ᠠ ᠪᠠᠷ ᠴᠦᠮ ᠦᠨ᠎ᠡ ᠬᠠᠩᠰᠢ ᠠᠴᠠ ᠰᠠᠯᠵᠤ ᠴᠢᠳᠠᠬᠤ ᠦᠭᠡᠢ᠂ ᠡᠶᠢᠮᠦ ᠠᠴᠠ | ᠦᠨ᠎ᠡ ᠬᠠᠩᠰᠢ ᠪᠣᠯ ᠨᠡᠶᠢᠭᠡᠮ ᠤᠨ ᠠᠩᠬᠠᠷᠤᠯ ᠢ ᠲᠦᠢᠯ ᠤᠨ ᠶᠡᠭᠡ ᠪᠠᠷ ᠲᠠᠲᠠᠳᠠᠭ᠂ ᠮᠦᠨ ᠬᠦ ᠣᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠤᠭᠳᠠᠭᠰᠠᠨ | ᠠᠰᠠᠭᠤᠳᠠᠯ ᠪᠤᠯᠤᠨ᠎ᠠ᠃ ᠥᠨᠦᠳᠦᠷ ᠤᠨ ᠮᠠᠨ ᠤ ᠤᠷᠢᠭᠰᠠᠨ ᠵᠣᠴᠢᠨ ᠪᠣᠯ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠬᠦᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠨᠦᠬᠦᠷ ᠪᠣᠯᠣᠨ᠎ᠠ᠂ ᠲᠡᠷᠡ ᠮᠠᠨ ᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ | ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠣᠯᠠᠨ ᠲᠠᠢ ᠰᠦᠯᠵᠢᠶᠡᠨ ᠳᠡᠭᠡᠷ᠎ᠡ ᠰᠤᠯᠢᠯᠴᠠᠬᠤ ᠪᠣᠯᠣᠨ᠎ᠠ᠃ | ᠸᠠᠩ ᠶᠢᠨ ᠪᠣᠤ᠄ | ᠰᠦᠯᠵᠢᠶᠠᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠡᠨᠡ ᠵᠠᠪᠰᠢᠶᠠᠨ ᠢᠶᠠᠷ ᠲᠠ ᠪᠦᠬᠦᠨ ᠲᠠᠢ ᠮᠠᠨ ᠤ ᠣᠷᠣᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠣᠯᠢᠯᠴᠠᠭ᠎ᠠ ᠬᠢᠬᠦ ᠪᠣᠯᠣᠭᠰᠠᠨ ᠳᠠᠭᠠᠨ ᠰᠡᠳᠬᠢᠯ ᠮᠠᠰᠢ ᠥᠨᠳᠦᠷ ᠪᠠᠶᠢᠨ᠎ᠠ᠃ | ᠬᠦᠳᠦᠯᠦᠭᠴᠢ᠄ | ᠣᠯᠠᠨ ᠤ ᠮᠡᠳᠡᠭᠡᠵᠢ ᠪᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠬᠦ ᠠᠯᠬᠤᠴᠠ ᠪᠠᠨ ᠲᠦᠷᠭᠡᠳᠭᠡᠪᠡ᠂ ᠢᠯᠠᠩᠭᠤᠶ᠎ᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠲᠡ ᠬᠤᠷᠠᠯ ᠢᠶᠠᠷ ᠪᠠᠳᠤᠯᠠᠭᠰᠠᠨ ︽ | ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ | ᠬᠤᠷᠢᠶ᠎ᠠ ᠶᠢᠨ ᠲᠣᠭᠲᠠᠭᠠᠯ︾ ᠨᠢ ᠮᠠᠨ ᠤ ᠤᠯᠤᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠲᠠᠪᠤᠨ ᠶᠡᠭᠡ ᠪᠠᠶᠢᠭᠤᠯᠤᠯ ᠤᠨ | ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠣᠭᠲᠠᠭᠠᠵᠤ᠂ ᠰᠢᠨ᠎ᠡ ᠨᠢᠭᠡᠨ ᠡᠭᠡᠯᠵᠢ ᠶᠢᠨ ᠥᠭᠡᠷᠡᠴᠢᠯᠡᠯᠲᠡ ᠶᠢᠨ ᠬᠥᠰᠢᠭᠡ ᠶᠢ ᠰᠡᠬᠦᠭᠰᠡᠨ ᠪᠠᠶᠢᠨ᠎ᠠ᠂ ᠲᠡᠭᠡᠬᠦ ᠳᠤ ᠦᠨ᠎ᠡ | ᠬᠠᠩᠰᠢ ᠶᠢᠨ ᠥᠭᠡᠷᠡᠴᠢᠯᠡᠯᠲᠡ ᠨᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠳᠤᠮᠳᠠ ᠶᠠᠮᠠᠷᠬᠠᠨ ᠣᠷᠣᠨ ᠪᠠᠶᠢᠷᠢ ᠪᠣᠯᠣᠨ ᠦᠢᠯᠡᠳᠦᠯ ᠲᠠᠢ ᠪᠠᠶᠢᠳᠠᠭ | ᠪᠣᠯ︖ | ᠸᠠᠩ ᠶᠢᠨ ᠪᠣᠤ᠄ | ︽ᠲᠣᠭᠲᠠᠭᠠᠯ︾ ᠳᠤ ᠪᠠᠶᠢᠷᠢᠯᠠᠭᠤᠯᠤᠭᠰᠠᠨ ᠲᠠᠪᠤᠨ ᠶᠡᠭᠡ ᠪᠠᠶᠢᠭᠤᠯᠤᠯ ᠤᠨ ᠥᠭᠡᠷᠡᠴᠢᠯᠡᠯᠲᠡ ᠳᠤ᠄ ᠠᠵᠤ ᠠᠬᠤᠢ ᠶᠢᠨ ᠪᠠᠶᠢᠭᠤᠯᠤᠯ᠂ ᠤᠯᠤᠰ ᠲᠥᠷᠦ ᠶᠢᠨ | ᠪᠠᠶᠢᠭᠤᠯᠤᠯ᠂ ᠰᠣᠶᠣᠯ ᠤᠨ ᠪᠠᠶᠢᠭᠤᠯᠤᠯ᠂ ᠨᠡᠶᠢᠭᠡᠮ ᠤᠨ ᠪᠠᠶᠢᠭᠤᠯᠤᠯ ᠪᠣᠯᠣᠨ ᠠᠮᠢ ᠠᠬᠤᠢ ᠪᠣᠯᠪᠠᠰᠤᠨ ᠤ ᠪᠠᠶᠢᠭᠤᠯᠤᠯ ᠵᠡᠷᠭᠡ ᠲᠠᠪᠤᠨ ᠬᠦᠷᠢᠶ᠎ᠡ ᠶᠢ ᠪᠠᠭᠳᠠᠭᠠᠪᠠ᠃ | ᠦᠨ᠎ᠡ ᠬᠠᠩᠰᠢ ᠶᠢᠨ ᠥᠭᠡᠷᠡᠴᠢᠯᠡᠯᠲᠡ ᠨᠢ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠪᠴᠢᠶᠡᠨ ᠳᠤ ᠬᠠᠷᠢᠶᠠᠯᠠᠭᠳᠠᠨ᠎ᠠ᠃ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠭᠤᠣᠯᠳᠠᠯᠭ᠎ᠠ ᠪᠣᠯᠣᠨ᠎ᠠ᠂ ᠳᠡᠭᠦᠨ ᠤ ᠭᠤᠣᠯ ᠠᠰᠠᠭᠤᠳᠠᠯ ᠪᠣᠯ | ᠵᠠᠰᠠᠭ ᠤᠨ ᠣᠷᠳᠤᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠬᠡᠷᠬᠢᠨ ᠰᠠᠶᠢᠳᠤᠷ ᠰᠡᠶᠢᠳᠪᠦᠷᠢᠯᠡᠵᠦ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠳᠤ | ᠰᠢᠢᠳᠪᠦᠷᠢᠲᠦ ᠴᠢᠨᠠᠷᠲᠠᠢ ᠦᠢᠯᠡᠳᠦᠯ ᠭᠠᠷᠭᠠᠯᠭᠠᠬᠤ ᠪᠠ ᠵᠠᠰᠠᠭ ᠤᠨ ᠣᠷᠳᠤᠨ ᠤ ᠦᠢᠯᠡᠳᠦᠯ ᠢᠶᠠᠨ ᠨᠡᠩ ᠰᠠᠶᠢᠳᠤᠷ ᠪᠠᠳᠠᠷᠠᠭᠤᠯᠬᠤ ᠳᠤ ᠣᠷᠣᠰᠢᠨ᠎ᠠ᠃ 2014 | ᠣᠨ ᠤ 11 ᠳ᠋ᠦ᠋ᠭᠡᠷ ᠰᠠᠷ᠎ᠠ ᠶᠢᠨ15 ᠤ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ | ᠳᠡᠭᠡᠷ᠎ᠡ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠢ ᠲᠦᠷᠭᠡᠨ ᠠᠬᠢᠭᠤᠯᠬᠤ ᠶᠢ ᠳᠤᠰᠬᠠᠶᠢᠯᠠᠨ ᠪᠠᠶᠢᠷᠢᠯᠠᠭᠤᠯᠤᠭᠰᠠᠨ ᠪᠠᠶᠢᠨ᠎ᠠ᠃ | ᠬᠦᠳᠦᠯᠦᠭᠴᠢ᠄ | ᠲᠤᠰ ᠤᠳᠠᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠥᠪ ᠤᠨ ᠠᠯᠢ ᠬᠡᠳᠦᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠣᠰᠤᠭᠠᠷ ᠠᠬᠢᠭᠤᠯᠤᠭᠰᠠᠨ ᠪᠣᠢ︖ | | ᠸᠠᠩ ᠶᠢᠨ ᠪᠣᠤ᠄ | ︽ᠲᠣᠭᠲᠠᠭᠠᠯ︾ ᠳᠤ᠄ ︽ ᠭᠤᠣᠯᠳᠠᠭᠤ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠬ᠎ᠠ | ᠳᠡᠯᠭᠡᠭᠦᠷ ᠠᠴᠠ ᠪᠣᠢ ᠪᠣᠯᠵᠤ ᠴᠢᠳᠠᠬᠤ ᠦᠨ᠎ᠡ ᠬᠠᠩᠰᠢ ᠪᠥᠬᠦᠨ ᠢ ᠴᠥᠮ ᠵᠠᠬ᠎ᠠ ᠳᠡᠯᠭᠡᠭᠦᠷ ᠲᠤ ᠲᠤᠰᠢᠶᠠᠨ ᠥᠭᠴᠦ᠂ ᠵᠠᠰᠠᠭ ᠤᠨ ᠣᠷᠳᠤᠨ ᠵᠦᠢ ᠪᠣᠰᠤ ᠪᠠᠷ ᠭᠠᠷ | ᠲᠥᠷᠦᠬᠦ ᠦᠭᠡᠢ᠃ ᠣᠰᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠴᠠᠬᠢᠯᠭᠠᠨ ᠬᠤᠯᠪᠣᠭ᠎ᠠ ᠵᠡᠷᠭᠡ | ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠵᠤ᠂ ᠦᠷᠢᠰᠥᠯᠳᠦᠭᠡᠨ ᠤ ᠴᠢᠨᠠᠷᠲᠠᠢ ᠭᠤᠭᠴᠣᠭᠠᠨ ᠳᠠᠬᠢ ᠦᠨ᠎ᠡ ᠬᠠᠩᠰᠢ ᠶᠢ ᠴᠢᠯᠦᠭᠡᠲᠡᠢ ᠪᠣᠯᠭᠠᠨ᠎ᠠ | ᠃ ᠵᠠᠰᠠᠭ ᠤᠨ ᠣᠷᠳᠣᠨ ᠠᠴᠠ ᠦᠨ᠎ᠡ ᠬᠠᠩᠰᠢ ᠲᠣᠭᠲᠠᠭᠠᠬᠤ ᠬᠦᠷᠢᠶ᠎ᠡ ᠬᠡᠪᠴᠢᠶ᠎ᠡ ᠭᠤᠣᠯᠳᠠᠭᠤ ᠴᠢᠬᠤᠯᠠ ᠪᠦᠬᠦᠢ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡ᠂ ᠲᠣᠣᠷ ᠰᠦᠯᠵᠢᠶᠡᠨ ᠤ ᠬᠡᠯᠪᠡᠷᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠪᠠᠷ ᠬᠢᠵᠠᠭᠠᠷᠯᠠᠵᠤ᠂ | ᠢᠯᠡ ᠲᠣᠳᠣ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠲᠠᠷᠢᠶᠠᠯᠠᠩ ᠤᠨ ᠭᠠᠷᠤᠯᠲᠠ ᠶᠢᠨ ᠦᠨ᠎ᠡ ᠬᠠᠩᠰᠢ ᠶᠢᠨ ᠪᠣᠢ | ᠪᠣᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠪᠣᠢ ᠪᠣᠯᠭᠠᠬᠤ ᠦᠢᠯᠡᠳᠦᠯ ᠢ ᠨᠢ ᠴᠢᠬᠤᠯᠠᠴᠢᠯᠠᠨ ᠪᠠᠳᠠᠷᠠᠭᠤᠯᠬᠤ ᠬᠡᠷᠡᠭᠲᠡᠢ︾ | ᠭᠡᠵᠦ ᠲᠣᠳᠣᠷᠬᠠᠶᠢᠯᠠᠪᠠ᠃ ᠡᠨᠡᠬᠦ ᠪᠠᠳᠠᠭ ᠦᠭᠡ ᠨᠢ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠴᠢᠭᠯᠡᠯ ᠢ ᠵᠢᠭᠠᠨ ᠲᠣᠳᠣᠷᠬᠠᠶᠢᠯᠠᠭᠰᠠᠨ ᠪᠠᠶᠢᠨ᠎ᠠ᠂ ᠡᠭᠦᠨ ᠢ ᠲᠣᠰ | ᠡᠭᠡᠯᠵᠢ ᠶᠢᠨ ᠮᠠᠨ ᠤ ᠤᠯᠤᠰ ᠤᠨ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠶᠡᠷᠥᠩᠬᠡᠢ ᠴᠢᠭᠯᠡᠯᠲᠡ ᠭᠡᠵᠦ ᠬᠡᠯᠡᠵᠦ ᠪᠣᠯᠣᠨ᠎ᠠ᠂ ᠣᠯᠣᠰ ᠤᠨ ᠳᠡᠰ ᠳᠠᠪᠬᠤᠷᠭ᠎ᠠ ᠶᠢᠨ | ᠲᠠᠯ᠎ᠠ ᠪᠠᠷ ᠬᠡᠯᠡᠭᠰᠡᠨ ᠴᠤ ᠲᠡᠷᠡ᠂ ᠦᠪᠡᠷᠲᠡᠭᠡᠨ ᠵᠠᠰᠠᠬᠤ ᠣᠷᠣᠨ ᠤ ᠳᠡᠰ ᠳᠠᠪᠬᠤᠷᠭ᠎ᠠ ᠶᠢᠨ ᠲᠠᠯ᠎ᠠ ᠪᠠᠷ ᠬᠡᠯᠡᠭᠰᠡᠨ ᠴᠤ ᠲᠡᠷᠡ᠂ ᠦᠨ᠎ᠡ ᠬᠠᠩᠰᠢ ᠶᠢᠨ | ᠦᠭᠡᠷᠡᠴᠢᠯᠡᠯᠲᠡ ᠶᠢ ᠴᠦᠮ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢᠨ ᠳᠣᠭᠤᠷᠢᠨ ᠳᠤ ᠦᠷᠨᠢᠭᠦᠯᠦᠭᠰᠡᠨ ᠪᠠᠶᠢᠨ᠎ᠡ᠃ ᠣᠶᠢᠷ᠎ᠠ ᠳᠤ᠂ ᠳᠤᠮᠳᠠᠲᠤ ᠤᠯᠤᠰ ᠤᠨ ᠡᠪ | ᠬᠠᠮᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠦᠨ᠎ᠡ ᠬᠠᠩᠰᠢ ᠶᠢᠨ ᠲᠣᠭᠲᠠᠴᠠ ᠶᠢᠨ ᠦᠭᠡᠷᠡᠴᠢᠯᠡᠯᠲᠡ ᠶᠢ ᠠᠬᠢᠭᠤᠯᠬᠤ ᠲᠤᠬᠠᠢ | ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠭᠦᠨᠵᠡᠭᠡᠶᠢᠷᠡᠨ ᠬᠦᠭᠵᠢᠭᠦᠯᠬᠦ ᠶᠢ ᠠᠬᠢᠭᠤᠯᠵᠤ᠂ ᠭᠤᠣᠯᠳᠠᠭᠤ ᠵᠠᠬ᠎ᠠ | ᠳᠡᠯᠭᠡᠭᠦᠷ ᠠᠴᠠ ᠦᠨ᠎ᠡ ᠬᠠᠩᠰᠢ ᠶᠢᠨ ᠲᠣᠭᠲᠠᠭᠠᠬᠤ ᠲᠣᠭᠲᠠᠴᠠ ᠶᠢ ᠲᠦᠷᠬᠡᠨ ᠲᠡᠭᠦᠯᠳᠡᠷᠵᠢᠭᠦᠯᠬᠦ ᠶᠡᠷᠥᠩᠬᠡᠢ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠂ ᠪᠢᠳᠠ | ᠦᠪᠡᠷᠲᠡᠭᠡᠨ ᠵᠠᠰᠠᠬᠤ ᠣᠷᠣᠨ ᠤ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠶᠢᠨ ᠶᠣᠰᠤᠭᠠᠷ᠂ ᠬᠢᠨᠠᠮᠠᠭᠠᠢ ᠰᠠᠶᠢᠳᠤᠷ ᠠᠳᠬᠤᠵᠤ ᠲᠣᠣᠱᠯᠠᠭᠤᠯᠤᠨ ᠨᠠᠶᠢᠳᠠᠪᠤᠷᠢᠵᠢᠭᠤᠯᠤᠨ᠎ᠠ᠃ | ᠬᠦᠲᠦᠯᠦᠭᠴᠢ᠄ | ᠲᠠ ᠮᠠᠨ ᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠬᠡᠷᠬᠢᠨ ᠶᠠᠪᠤᠭᠳᠠᠵᠤ᠂ ᠶᠠᠮᠠᠷ ᠶᠠᠮᠠᠷ ᠪᠣᠳᠠᠲᠠᠶ ᠠᠵᠢᠯ ᠬᠢᠭᠰᠡᠨ ᠢ ᠲᠠᠨᠢᠯᠴᠠᠭᠤᠯᠤᠭᠠᠳ ᠦᠭᠭᠦᠨ᠎ᠡ | ᠤᠤ︖ | ᠸᠠᠩ ᠶᠢᠨ ᠪᠤᠤ᠄ | ᠲᠤᠰ ᠤᠳᠠᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠪᠣᠯ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠰᠢᠬᠢ ᠬᠡᠪᠴᠢᠶ᠎ᠡ ᠪᠠ ᠡᠷᠴᠢᠮ ᠢᠶᠠᠷ ᠴᠥᠮ ᠮᠠᠰᠢ | ᠶᠡᠭᠡ ᠨᠢᠭᠡ ᠤᠳᠠᠭᠠᠨ ᠤ ᠰᠢᠷᠢᠰ ᠦᠨ᠎ᠡ ᠬᠠᠩᠰᠢ ᠶᠢᠨ ᠥᠭᠡᠷᠡᠴᠢᠯᠡᠯᠲᠡ ᠪᠤᠯᠤᠨ᠎ᠠ᠂ ᠨᠢᠭᠡᠨ ᠨᠠᠷᠢᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠮᠥᠨ᠃ ᠶᠠᠪᠤᠳᠠᠯ | ᠪᠣᠯᠭᠠᠨ ᠢ ᠰᠠᠶᠢᠲᠤᠷ ᠬᠢᠶ᠎ᠡ ᠬᠡᠪᠡᠯ ᠤᠷᠢᠳᠠᠪᠠᠷ ᠨᠢᠭᠡ ᠲᠥᠯᠥᠪᠯᠡᠭᠡ ᠲᠤᠭᠲᠠᠭᠠᠬᠤ ᠴᠢᠬᠤᠯᠠ ᠲᠠᠢ᠂ ᠮᠠᠨ ᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ | ᠠᠵᠢᠯ ᠢ ᠰᠠᠶᠢᠲᠤᠷ ᠬᠢᠬᠦ ᠶᠢᠨ ᠲᠤᠯᠠᠳᠠ᠂ ᠪᠢᠳᠡ ᠶᠠᠭᠤᠨ ᠤ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠠᠵᠢᠯ ᠤᠨ ᠲᠥᠰᠦᠯ︾ ᠢ ᠲᠣᠭᠲᠠᠭᠠᠵᠤ᠂ ᠮᠠᠨ ᠤ ᠣᠷᠣᠨ ᠤ ᠰᠢᠨ᠎ᠡ ᠨᠢᠭᠡ ᠡᠭᠡᠯᠵᠢ ᠶᠢᠨ ᠦᠨ᠎ᠡ ᠬᠠᠩᠰᠢ ᠶᠢᠨ | ᠥᠭᠡᠷᠡᠴᠢᠯᠡᠯᠲᠡ ᠳᠤ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠪᠡ᠃ ︽ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠥᠰᠦᠯ︾ ᠳᠤ ᠲᠤᠰ ᠤᠳᠠᠭᠠᠨ ᠤ ᠦᠨ᠎ᠡ | ᠬᠠᠩᠰᠢ ᠶᠢᠨ ᠥᠭᠡᠷᠡᠴᠢᠯᠡᠯᠲᠡ ᠶᠢᠨ ᠦᠨᠳᠦᠰᠦᠨ ᠰᠡᠳᠬᠢᠴᠡ ᠶᠢ ᠲᠤᠲᠤᠷᠬᠠᠶᠢᠯᠠᠪᠠ᠂ ᠲᠤᠬᠠᠶᠢᠯᠠᠪᠠᠯ ᠭᠤᠷᠪᠠᠨ ︽ᠬᠠᠮᠤᠭ ᠶᠡᠭᠡ︾᠄ ᠵᠠᠰᠠᠭ ᠤᠨ ᠣᠷᠳᠣᠨ ᠤ ᠦᠨ᠎ᠡ | ᠲᠣᠭᠲᠠᠭᠠᠬᠤ ᠬᠡᠪᠴᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ︔ | ᠦᠨ᠎ᠡ ᠬᠠᠩᠰᠢ ᠲᠣᠭᠲᠠᠭᠠᠬᠤ ᠲᠣᠭᠲᠠᠴᠠ ᠪᠣᠯᠤᠨ ᠲᠦᠷᠢᠮ ᠢ ᠬᠠᠮᠤᠭ ᠤᠨ ᠶᠡᠭᠡ ᠬᠦᠴᠦᠯᠡᠴᠡ ᠲᠠᠢ ᠪᠠᠷ ᠦᠬᠡᠷᠡᠴᠢᠯᠡᠵᠤ᠂ ᠵᠠᠰᠠᠭ ᠤᠨ ᠤᠷᠳᠤᠨ ᠠᠴᠠ ᠰᠢᠭᠤᠳ | ᠦᠨ᠎ᠡ ᠲᠤᠭᠲᠠᠭᠠᠬᠤ ᠶᠢ ᠪᠠᠭᠠᠰᠬᠠᠨ᠎ᠠ︔ ᠵᠠᠰᠠᠭ ᠤᠨ ᠣᠷᠳᠣᠨ ᠤ ᠦᠨ᠎ᠡ ᠬᠠᠩᠰᠢ ᠶᠢᠨ ᠰᠢᠢᠳᠪᠦᠷᠢᠲᠦ ᠪᠤᠳᠤᠯᠭ᠎ᠠ ᠶᠢᠨ ᠢᠯᠡ ᠲᠣᠳᠣ ᠪᠠᠶᠢᠯᠭᠠᠬᠤ ᠶᠢ ᠬᠠᠮᠤᠭ ᠤᠨ | ᠶᠡᠭᠡ ᠬᠡᠮᠵᠢᠶ᠎ᠡ ᠪᠠᠷ ᠪᠡᠶᠡᠯᠡᠭᠦᠯᠵᠤ᠂ ᠡᠷᠬᠡ ᠪᠠᠨ ᠨᠠᠷᠠᠨ ᠤ ᠳᠤᠤᠷ᠎ᠠ ᠢᠯᠡ ᠪᠠᠷ ᠶᠠᠪᠤᠭᠳᠠᠬᠤ ᠪᠤᠯᠭᠠᠨ᠎ᠠ᠃ ︽ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠥᠰᠦᠯ︾ | ᠢ ᠲᠤᠭᠲᠠᠭᠠᠬᠤ ᠳᠤ ᠪᠢᠳᠡ ᠭᠤᠷᠪᠠᠨ ᠵᠠᠷᠴᠢᠮ ᠢ ᠪᠠᠷᠢᠮᠲᠠᠯᠠᠪᠠ᠄ ᠨᠢᠭᠡ ᠳᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨ᠂ ᠴᠢᠯᠥᠭᠡᠲᠡᠶ ᠲᠠᠯᠪᠢᠬᠤ ᠪᠠ | ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠠᠢ᠃ ᠭᠤᠣᠯᠳᠠᠭᠤ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠲᠣᠭᠲᠠᠭᠠᠬᠤ ᠲᠣᠭᠲᠠᠴᠠ ᠶᠢ ᠪᠠᠶᠢᠭᠤᠯᠬᠤ ᠪᠠᠷ | ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠴᠢᠭᠯᠡᠯ ᠪᠤᠯᠭᠠᠨ᠂ ᠵᠠᠰᠠᠭ ᠤᠨ ᠣᠷᠳᠣᠨ ᠤ ᠦᠨ᠎ᠡ ᠬᠠᠩᠰᠢ ᠶᠢᠨ ᠡᠭᠦᠷᠭᠡ ᠴᠢᠳᠠᠮᠵᠢ ᠶᠢᠨ ᠬᠤᠪᠢᠷᠠᠭᠤᠯᠤᠯᠲᠠ ᠶᠢ | ᠲᠦᠷᠭᠡᠳᠭᠡᠭᠰᠡᠨ ᠪᠠᠶᠢᠨ᠎ᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ᠂ ᠭᠤᠣᠯᠳᠠᠯᠭ᠎ᠠ ᠶᠢ ᠲᠤᠪᠤᠶᠢᠯᠭᠠᠬᠤ ᠵᠠᠷᠴᠢᠮ ᠢ ᠪᠠᠷᠢᠮᠲᠠᠯᠠᠵᠠᠢ᠃ ᠠᠷᠭ᠎ᠠ | ᠮᠠᠶ᠋ᠢᠭ ᠢᠶᠠᠨ ᠬᠤᠪᠢᠷᠠᠭᠤᠯᠬᠤ ᠪᠦᠲᠦᠴᠡ ᠶᠢ ᠲᠣᠬᠢᠷᠠᠭᠤᠯᠬᠤ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠵᠥᠷᠢᠴᠡᠯ ᠲᠠᠢ ᠤᠶᠠᠯᠳᠤᠭᠤᠯᠤᠨ᠂ ᠦᠨ᠎ᠡ ᠬᠠᠩᠰᠢ ᠶᠢᠨ | ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠ ᠴᠢᠬᠤᠯᠠ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ | ᠭᠤᠣᠯᠳᠠᠯᠭ᠎ᠠ ᠪᠣᠯᠭᠠᠵᠤ᠂ ᠦᠨ᠎ᠡ ᠬᠠᠩᠰᠢ ᠶᠢᠨ ᠬᠠᠷᠢᠴᠠᠭ᠎ᠠ ᠶᠢ ᠴᠢᠷᠮᠠᠶᠢᠨ ᠰᠢᠯᠤᠭᠤᠳᠬᠠᠵᠤ᠂ ᠦᠨ᠎ᠡ ᠬᠠᠩᠰᠢ ᠶᠢᠨ ᠵᠥᠷᠢᠴᠡᠯ ᠢ ᠬᠦᠲᠦᠯᠦᠨ ᠵᠢᠯᠤᠭᠤᠳᠴᠤ᠂ ᠦᠨ᠎ᠡ | ᠬᠠᠩᠰᠢ ᠪᠤᠢ ᠪᠤᠯᠬᠤ ᠲᠣᠭᠲᠠᠴᠠ ᠶᠢ ᠦᠭᠡᠷᠡᠴᠢᠯᠡᠨ ᠲᠡᠭᠦᠯᠳᠡᠷᠵᠢᠬᠦᠯᠪᠡ᠃ ᠭᠤᠷᠪᠠ ᠳᠤ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠤᠯᠭᠠᠨ᠂ ᠨᠢᠭᠡᠳᠦᠯᠲᠡᠶ | ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠵᠠᠢ᠃ ᠡᠯ᠎ᠡ ᠲᠠᠯ᠎ᠠ ᠶᠢᠨ ᠬᠢᠨ ᠢᠯᠠᠩᠭᠤᠶ᠎ᠠ ᠳᠤᠤᠷ᠎ᠠ ᠣᠷᠣᠯᠭ᠎ᠠ ᠲᠠᠢ ᠤᠯᠠᠨ ᠲᠦᠮᠡᠨ ᠤ ᠳᠠᠭᠠᠭᠠᠬᠤ | ᠴᠢᠳᠠᠪᠤᠷᠢ ᠶᠢ ᠭᠦᠢᠴᠡᠳ ᠪᠤᠳᠤᠯᠬᠢᠯᠠᠵᠤ᠂ ᠬᠠᠮᠢᠶ᠎ᠠ ᠪᠦᠬᠦᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ᠂ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠴᠠᠭ ᠲᠣᠬᠢᠶᠠᠯ᠂ ᠠᠶᠢᠵᠠᠮ ᠪᠠ ᠬᠦᠴᠦᠯᠡᠴᠡ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠤ᠂ ᠠᠰᠢᠭ ᠲᠠᠢ ᠲᠤᠬᠢᠶᠠᠯ ᠢ ᠰᠣᠩᠭᠤᠵᠤ᠂ ᠴᠠᠭ ᠢ | ᠰᠠᠶᠢᠲᠤᠷ ᠠᠳᠬᠤᠨ᠂ ᠯᠠᠪᠳᠠᠭᠤᠨ ᠪᠥᠭᠡᠳ ᠡᠮᠬᠢ ᠲᠠᠷᠠᠭ᠎ᠠ ᠲᠠᠢ ᠪᠠᠷ ᠲᠦᠯᠬᠢᠨ ᠠᠬᠢᠭᠤᠯᠵᠤ᠂ ᠨᠢᠭᠡ ᠨᠢ ᠪᠣᠯᠪᠠᠰᠤᠷᠠᠩᠭᠤᠶ ᠪᠣᠯᠪᠠᠯ ᠨᠢᠭᠡ ᠶᠢ ᠳᠡᠯᠭᠡᠷᠡᠭᠦᠯᠵᠤ᠂ ᠨᠢᠭᠡ | ᠪᠠᠨ ᠰᠠᠶᠢᠲᠤᠷ ᠬᠡᠷᠡᠭᠵᠢᠬᠦᠯᠪᠡ᠃ ᠦᠨᠳᠦᠰᠦᠨ ᠬᠡᠷᠡᠭᠴᠡᠭᠡ ᠪᠠ ᠦᠨᠳᠦᠰᠦᠨ ᠪᠤᠰᠤ ᠬᠡᠷᠡᠭᠴᠡᠭᠡ ᠶᠢ ᠢᠯᠭᠠᠵᠤ᠂ ᠲᠣᠭᠲᠠᠴᠠ ᠶᠢ ᠪᠠᠶᠢᠭᠤᠯᠵᠤ᠂ ᠦᠨᠳᠦᠰᠦᠨ ᠵᠦᠢᠯ ᠢ | ᠪᠠᠲᠤᠯᠠᠵᠤ᠂ ᠭᠤᠣᠯᠴᠢ ᠪᠠᠶᠢᠬᠤ ᠶᠢ ᠬᠦᠴᠦᠯᠡᠨ ᠠᠬᠢᠭᠤᠯᠤᠭᠰᠠᠨ ᠪᠠᠶᠢᠨ᠎ᠠ᠃ ︽ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠥᠰᠦᠯ︾ ᠳᠤ ᠲᠤᠰ ᠤᠳᠠᠭᠠᠨ ᠤ | ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠦᠨᠳᠦᠰᠦᠨ ᠬᠠᠷᠠᠯᠲᠠ ᠶᠢ ᠲᠤᠭᠲᠠᠭᠠᠪᠠ᠄ ᠭᠤᠣᠯᠳᠠᠭᠤ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠭᠲᠠᠭᠠᠬᠤ | ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠵᠠᠰᠠᠭ ᠤᠨ ᠣᠷᠳᠣᠨ ᠤ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ | ᠦᠨ᠎ᠡ ᠬᠠᠩᠰᠢ ᠶᠢᠨ ᠶᠡᠷᠦᠩᠬᠡᠶ ᠲᠦᠪᠰᠢᠨ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠢ ᠬᠠᠮᠠᠭᠠᠯᠠᠬᠤ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠬᠦᠯᠦᠨ᠎ᠡ᠃ | ᠬᠥᠲᠥᠯᠥᠭᠴᠢ᠄ | ︽ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠥᠰᠦᠯ︾ ᠢ ᠲᠣᠭᠲᠠᠭᠠᠭᠰᠠᠨ ᠤ ᠲᠡᠷᠠᠭ᠎ᠠ᠂ ᠳᠠᠷᠤᠢ ᠬᠡᠷᠡᠭᠵᠢᠬᠦᠯᠬᠦ ᠪᠤᠯᠤᠨ᠎ᠠ᠂ ᠮᠠᠨ ᠤ ᠣᠷᠣᠨ ︽ᠲᠥᠰᠦᠯ︾ | ᠶᠤᠰᠤᠭᠠᠷ ᠡᠯ᠎ᠡ ᠵᠦᠢᠯ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠢ ᠬᠡᠷᠬᠢᠨ ᠨᠠᠶᠢᠳᠠᠪᠤᠷᠢᠵᠢᠭᠤᠯᠤᠭᠰᠠᠨ ᠪᠤᠢ︖ | ᠸᠠᠩ ᠶᠢᠨ ᠪᠤᠤ᠄ | ᠶᠠᠭᠤᠨ ᠤ ᠡᠮᠦᠨ᠎ᠡ ᠥᠪᠡᠷᠲᠡᠭᠡᠨ ᠵᠠᠰᠠᠬᠤ ᠣᠷᠣᠨ ᠤ ︽ᠦᠨ᠎ᠡ ᠲᠣᠭᠲᠠᠭᠠᠬᠤ ᠭᠠᠷᠴᠠᠭ︾ ᠳᠤ ᠵᠠᠰᠠᠪᠤᠷᠢ ᠤᠷᠤᠭᠤᠯᠪᠠ᠃ ︽ᠵᠠᠰᠠᠭ ᠤᠨ ᠣᠷᠳᠣᠨ ᠤ ᠦᠨ᠎ᠡ | ᠬᠠᠩᠰᠢ ᠲᠣᠭᠲᠠᠭᠠᠬᠤ ᠬᠡᠪᠴᠢᠶ᠎ᠡ ᠶᠢ ᠭᠤᠣᠯᠳᠠᠭᠤ ᠴᠢᠬᠤᠯᠠ ᠨᠡᠶᠢᠲᠡ ᠶᠢᠨ ᠬᠡᠷᠡᠭᠯᠡᠭᠡᠨ ᠤ ᠦᠢᠯᠡᠰ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡ᠂ | ᠰᠦᠯᠵᠢᠶᠡᠨ ᠤ ᠬᠡᠯᠪᠡᠷᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠪᠠᠷ ᠬᠢᠵᠠᠭᠠᠷᠯᠠᠵᠤ᠂ ᠢᠯᠡ ᠲᠣᠳᠣ ᠪᠠᠶᠢᠯᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ | ᠨᠡᠶᠢᠭᠡᠮ ᠤᠨ ᠬᠢᠨᠠᠯᠲᠠ ᠶᠢ ᠬᠦᠯᠢᠶᠡᠬᠦ︾ ᠱᠠᠭᠠᠷᠳᠠᠯᠭ᠎ᠠ ᠶᠢ ᠦᠨᠳᠦᠰᠦᠯᠡᠨ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠢ ᠬᠦᠢᠴᠡᠳ ᠪᠤᠢ ᠪᠤᠯᠭᠠᠬᠤ ᠶᠣᠰᠣᠭᠠᠷ ᠪᠦᠬᠦ | ᠲᠠᠯ᠎ᠠ ᠪᠠᠷ ᠴᠢᠯᠥᠭᠡᠲᠡᠶ ᠲᠠᠯᠪᠢᠵᠤ᠂ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠶᠢᠲᠤᠷ ᠬᠠᠮᠢᠶᠠᠷᠴᠤ ᠴᠢᠳᠠᠬᠤ ᠵᠦᠢᠯ ᠢ ᠴᠦᠮ ᠡᠷᠬᠡ | ᠣᠯᠭᠤᠵᠤ ᠬᠠᠮᠢᠶᠠᠷᠠᠭᠤᠯᠤᠨ᠂ ᠣᠳᠣᠬᠠᠨ ᠤ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠬᠦ ᠦᠭᠡᠢ᠂ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠪᠠᠶᠢᠭ᠎ᠠ ᠪᠦᠬᠦᠨ ᠢ | ᠬᠦᠴᠦᠨ ᠦᠭᠡᠢ ᠪᠣᠯᠭᠠᠬᠤ ᠵᠠᠷᠴᠢᠮ ᠢ ᠪᠦᠷᠢᠯᠳᠦᠬᠦᠯᠦᠨ᠎ᠡ᠃ ᠬᠡᠪ ᠢᠶᠠᠷ ᠪᠠᠶᠢᠯᠭᠠᠬᠤ ᠦᠨ᠎ᠡ ᠲᠣᠭᠲᠠᠭᠠᠬᠤ ᠲᠥᠷᠥᠯ ᠵᠦᠢᠯ ᠳᠤ ᠭᠤᠣᠯᠳᠠᠭᠤ ᠴᠠᠬᠢᠯᠭᠠᠨ ᠬᠦᠴᠦ᠂ | ᠰᠢᠲᠠᠮᠠᠬᠠᠢ ᠬᠡᠢ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠵᠠᠮ ᠲᠡᠭᠡᠭᠡᠪᠦᠷᠢ᠂ ᠣᠷᠣᠨ ᠰᠠᠭᠤᠴᠠ᠂ ᠡᠮ ᠡᠮᠨᠡᠯᠭᠡ ᠶᠢᠨ ᠦᠢᠯᠡᠴᠢᠯᠡᠭᠡ᠂ ᠰᠤᠷᠭᠠᠨ | ᠬᠥᠮᠦᠵᠢᠯ᠂ ᠰᠣᠶᠣᠯ ᠪᠣᠯᠪᠠᠰᠤᠷᠠᠯ᠂ ᠨᠠᠰᠤᠵᠢᠯ ᠤᠨ ᠠᠰᠠᠷᠠᠮᠵᠢ᠂ ᠣᠷᠣᠰᠢᠭᠤᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠵᠢᠴᠢ ᠴᠢᠬᠤᠯᠠ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠦᠨ᠎ᠡ ︵ᠰᠦᠢᠳᠬᠡᠯ ᠬᠤᠷᠢᠶᠠᠬᠤ ᠪᠠᠷᠢᠮᠵᠢᠶ᠎ᠠ︶ ᠶᠢ ᠯᠡ ᠦᠯᠡᠳᠡᠭᠡᠨ᠎ᠡ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾ ᠤᠨ ᠶᠡᠭᠡ ᠵᠦᠢᠯ ᠢᠯᠭᠠᠯ 18 ᠵᠤᠷᠪᠤᠰ | ᠪᠠᠶᠢᠭᠰᠠᠨ ᠢ 14 ᠵᠤᠷᠪᠤᠰ ᠪᠤᠯᠭᠠᠨ ᠬᠠᠰᠤᠵᠤ᠂ ᠪᠠᠭ᠎ᠠ ᠵᠦᠢᠯ ᠢᠯᠭᠠᠯ 199 ᠵᠤᠷᠪᠤᠰ ᠪᠠᠶᠢᠭᠰᠠᠨ ᠢ 83 ᠵᠤᠷᠪᠤᠰ ᠪᠤᠯᠭᠠᠨ ᠬᠠᠰᠤᠵᠤ᠂ ᠬᠠᠰᠤᠯᠲᠠ ᠶᠢᠨ | ᠬᠡᠮᠵᠢᠶ᠎ᠡ ᠨᠢ ᠲᠤᠰ ᠲᠤᠰ 22%ᠪᠠ 58.3 % ᠪᠤᠯᠤᠨ᠎ᠠ᠃ ᠪᠦᠬᠦ ᠣᠷᠣᠨ ᠤ ᠦᠨ᠎ᠡ ᠬᠠᠩᠰᠢ ᠶᠢᠨ ᠰᠢᠰᠲ᠋ᠧᠮ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠲᠠᠯ᠎ᠠ ᠪᠠᠷ ᠲᠤᠮᠤᠬᠠᠨ ᠨᠢᠭᠡ ᠠᠯᠬᠤᠮ ᠠᠯᠬᠤᠵᠠᠢ ᠬᠡᠵᠤ ᠬᠡᠯᠡᠵᠤ ᠪᠤᠯᠤᠨ᠎ᠠ᠃ | ᠬᠥᠲᠥᠯᠥᠭᠴᠢ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠦᠨ᠎ᠡ ᠲᠣᠭᠲᠠᠭᠠᠬᠤ ᠭᠠᠷᠴᠠᠭ︾ ᠨᠢ ᠤᠤᠯ ᠤᠨ ᠬᠢ ᠠᠴᠠ ᠮᠡᠳᠡᠭᠳᠡᠬᠦ᠋ᠢᠴᠡ ᠬᠤᠪᠢᠷᠠᠭᠰᠠᠨ ᠬᠤᠪᠢᠷᠠᠯᠲᠠ ᠨᠢ | ᠶᠠᠭᠤ ᠪᠤᠢ︖ ᠮᠠᠨ ᠤ ᠠᠮᠢᠳᠤᠷᠠᠯ ᠳᠤ ᠶᠠᠮᠠᠷ ᠰᠢᠤᠬᠠᠨ ᠨᠥᠯᠥᠭᠡ ᠦᠵᠡᠭᠦᠯᠬᠦ ᠪᠤᠶ︖ | ᠸᠠᠩ ᠶᠢᠨ ᠪᠤᠤ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾ ᠲᠤ ᠭᠤᠤᠯᠳᠠᠭᠤ | ᠭᠤᠷᠪᠠᠨ ᠲᠠᠯ᠎ᠠ ᠶᠢᠨ ᠬᠤᠪᠢᠷᠠᠯᠲᠠ ᠭᠠᠷᠴᠠᠢ᠃ ᠨᠢᠭᠡ ᠳᠤ ᠵᠠᠰᠠᠭ ᠤᠨ ᠣᠷᠳᠣᠨ ᠵᠢᠱᠢᠶᠡᠯᠡᠪᠡᠯ ᠥᠪᠡᠷᠲᠡᠭᠡᠨ ᠵᠠᠰᠠᠭ ᠣᠷᠣᠨ ᠤ ᠠᠮᠤ ᠪᠤᠳᠠᠭ᠎ᠠ ᠨᠦᠭᠡᠴᠡᠯᠡᠬᠦ᠂ ᠬᠢᠮᠢ ᠶᠢᠨ | ᠪᠤᠷᠳᠤᠭᠤᠷ᠂ ᠬᠤᠶᠠᠷ ᠱᠦᠯᠲᠦ ᠠᠴᠠ ᠪᠤᠰᠤᠳ ᠠᠵᠤ ᠦᠢᠯᠡᠳᠪᠦᠷᠢ ᠳᠤ ᠬᠡᠷᠡᠭᠯᠡᠬᠦ ᠳᠠᠪᠤᠰᠤ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠬᠡᠷᠡᠭᠰᠡᠯ᠂ ᠦᠷ᠎ᠡ ᠂ | ᠯᠠᠵᠠᠯᠠᠭᠰᠠᠨ ᠴᠢᠯᠠᠭᠤᠨ ᠲᠤᠰᠤᠨ ᠤ ᠰᠢᠩᠭᠡᠨᠵᠢᠮᠡᠯ ᠬᠡᠢ ᠵᠡᠷᠭᠡ ᠲᠠᠸᠠᠷ ᠤᠨ ᠦᠨ᠎ᠡ ᠬᠠᠩᠰᠢ ᠵᠢᠴᠢ ᠨᠢᠰᠬᠡᠯ ᠤᠨ ᠪᠠᠭᠤᠳᠠᠯ ᠤᠨ ᠠᠶᠠᠨᠴᠢᠳ ᠤᠨ ᠲᠡᠭᠡᠭᠡᠪᠦᠷᠢ ᠶᠢᠨ | ᠮᠠᠰᠢᠨ ᠲᠡᠷᠭᠡᠨ ᠤ ᠰᠦᠢᠳᠬᠡᠯ᠂ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠯᠠᠪᠯᠠᠯᠭ᠎ᠠ ᠶᠢᠨ ᠵᠠᠷᠤᠳᠠᠯ᠂ ᠨᠢᠭᠲᠠᠯᠠᠨ ᠪᠤᠳᠤᠯᠳᠠ᠂ ᠬᠢᠨᠠᠨ ᠪᠤᠳᠤᠯᠳᠠ ᠶᠢᠨ | ᠬᠡᠷᠡᠭ ᠡᠷᠬᠢᠯᠡᠬᠦ ᠰᠦᠢᠳᠬᠡᠯ᠂ ᠡᠳ᠋ ᠬᠦᠷᠦᠩᠭᠡ ᠶᠢ ᠦᠨᠡᠯᠡᠨ ᠵᠢᠱᠢᠬᠦ ᠰᠦᠢᠳᠬᠡᠯ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠦᠢᠯᠡᠴᠢᠯᠡᠭᠡᠨ ᠤ | ᠰᠦᠢᠳᠬᠡᠯ ᠵᠡᠷᠭᠡ ᠦᠢᠯᠡᠴᠢᠯᠡᠭᠡᠨ ᠤ ᠲᠦᠷᠦᠯ ᠵᠦᠢᠯ ᠤᠨ ᠰᠦᠢᠳᠬᠡᠯ ᠬᠤᠷᠢᠶᠠᠬᠤ ᠵᠡᠷᠭᠡ ᠨᠢᠭᠡ ᠪᠦᠯᠦᠭ ᠲᠠᠸᠠᠷ ᠪᠠ ᠦᠢᠯᠡᠴᠢᠯᠡᠭᠡᠨ ᠤ ᠦᠨ᠎ᠡ ᠲᠤᠭᠲᠠᠭᠠᠬᠤ ᠶᠢ | ᠴᠢᠯᠥᠭᠡᠲᠡᠶ ᠪᠤᠯᠭᠠᠭᠰᠠᠨ ᠪᠠᠶᠢᠨ᠎ᠠ᠃ ᠡᠳᠡᠭᠡᠷ ᠨᠢ ᠭᠤᠣᠯᠳᠠᠭᠤ ᠤᠯᠤᠰ ᠠᠴᠠ ᠨᠢᠭᠡᠨᠲᠡ ᠲᠣᠳᠣᠷᠬᠠᠶ ᠵᠠᠷᠯᠢᠭ ᠪᠠᠭᠤᠯᠭᠠᠵᠤ ᠴᠢᠯᠥᠭᠡᠲᠡᠶ ᠪᠤᠯᠭᠠᠭᠰᠠᠨ ᠪᠤᠶᠤ ᠵᠠᠬ᠎ᠠ | ᠳᠡᠯᠭᠡᠭᠦᠷ ᠤᠨ ᠥᠷᠢᠰᠥᠯᠳᠦᠭᠡᠨ ᠤ ᠨᠥᠬᠦᠴᠡᠯ ᠨᠡᠯᠢᠶᠡᠳ ᠭᠦᠢᠴᠡᠳ ᠲᠠᠸᠠᠷ ᠪᠤᠶᠤ ᠦᠢᠯᠡᠴᠢᠯᠡᠭᠡ ᠶᠢᠨ ᠵᠦᠢᠯᠡᠰ ᠪᠤᠯᠬᠤᠷ᠂ ᠦᠨ᠎ᠡ ᠬᠠᠩᠰᠢ ᠶᠢ ᠴᠢᠯᠦᠭᠡᠲᠠᠢ ᠪᠤᠯᠭᠠᠬᠤ | ᠨᠢ ᠵᠠᠬ᠎ᠠ ᠳᠡᠯᠭᠡᠭᠦᠷ ᠪᠣᠯᠤᠨ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠶ ᠶᠤᠮ᠃ ᠡᠳᠡᠭᠡᠷ ᠠᠵᠢᠯ ᠲᠦᠷᠦᠯ᠂ ᠬᠦᠷᠢᠶ᠎ᠡ ᠴᠠᠷᠢᠶ᠎ᠠ ᠳᠠᠬᠢ | ᠦᠨ᠎ᠡ ᠲᠤᠭᠲᠠᠭᠠᠬᠤ ᠡᠷᠬᠡ ᠶᠢ ᠵᠠᠬ᠎ᠠ ᠳᠡᠯᠭᠡᠭᠦᠷ ᠲᠤ ᠲᠤᠰᠢᠶᠠᠨ ᠦᠭᠭᠦ ᠪᠠᠷ ᠳᠠᠮᠵᠢᠭᠤᠯᠤᠨ᠂ ᠦᠨ᠎ᠡ ᠬᠠᠩᠰᠢ ᠠᠴᠠ ᠡᠬᠢ ᠪᠠᠶᠠᠯᠢᠭ ᠢ ᠲᠣᠬᠢᠷᠠᠭᠤᠯᠬᠤ ᠳᠤ ᠦᠭᠭᠦ | ᠲᠤᠬᠢᠶ᠎ᠠ ᠪᠠ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠪᠠ ᠦᠢᠯᠡᠳᠪᠦᠷᠢᠯᠡᠯ ᠤᠨ ᠡᠯᠧᠮᠧᠨ᠋ᠲ ᠤᠨ ᠵᠦᠢ | ᠵᠣᠬᠢᠰᠲᠠᠶ ᠰᠢᠯᠵᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠬᠦᠭᠵᠢᠭᠡᠪᠡ᠃ ᠬᠤᠶᠠᠷ ᠲᠤ | ᠨᠢᠭᠡ ᠪᠦᠯᠦᠭ ᠲᠤᠰᠬᠠᠶ ᠦᠢᠯᠡᠴᠢᠯᠡᠭᠡᠨ ᠤ ᠲᠥᠷᠥᠯ ᠵᠦᠢᠯ ᠤᠨ ᠰᠦᠢᠳᠬᠡᠯ ᠵᠢᠱᠢᠶᠡᠯᠡᠪᠡᠯ ᠲᠠᠸᠠᠷ ᠤᠨ ᠵᠢᠷᠤᠭᠠᠰᠤᠨ ᠺᠤᠳ᠋ ᠤᠨ ᠴᠠᠪᠠᠤ ᠬᠢᠬᠦ ᠰᠦᠢᠳᠬᠡᠯ᠂ | ᠵᠢᠷᠤᠭᠠᠰᠤᠨ ᠺᠤᠳ᠋ ᠢ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠰᠦᠢᠳᠬᠡᠯ᠂ ᠣᠨᠳᠣᠣ ᠭᠠᠵᠠᠷ ᠲᠤ ᠲᠡᠷᠭᠡ ᠬᠥᠰᠬᠡ ᠠᠷᠠᠯᠵᠢᠶᠠᠯᠠᠬᠤ ᠵᠠᠷᠤᠳᠠᠯ᠂ ᠤᠶᠤᠲᠠᠳ ᠲᠤ ᠠᠵᠢᠯ | ᠣᠯᠭᠤᠬᠤ ᠦᠢᠯᠡᠴᠢᠯᠡᠭᠡᠨ ᠤ ᠰᠦᠢᠳᠬᠡᠯ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠲᠦᠷᠦᠯ ᠵᠦᠢᠯ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ | ᠪᠤᠯᠭᠠᠪᠠ᠃ ᠡᠳᠡᠭᠡᠷ ᠬᠦᠴᠦᠨ ᠦᠭᠡᠶ ᠪᠣᠯᠭᠠᠭᠰᠠᠨ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠪᠤᠯ ᠭᠤᠣᠯᠳᠠᠭᠤ ᠬᠠᠤᠯᠢ | ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠦᠭᠡᠢ᠂ ᠡᠰᠡᠬᠦᠯ᠎ᠡ ᠵᠦᠢ ᠵᠤᠬᠢᠰ ᠦᠭᠡᠢ ᠰᠦᠢᠳᠬᠡᠯ ᠬᠤᠷᠢᠶᠠᠬᠤ ᠲᠥᠷᠥᠯ ᠵᠦᠢᠯ ᠤᠳ ᠪᠤᠯᠤᠨ᠎ᠠ᠃ ᠡᠳᠡᠭᠡᠷ | ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠬᠦᠴᠦᠨ ᠦᠭᠡᠢ ᠪᠤᠯᠭᠠᠭᠰᠠᠨ ᠤ ᠲᠠᠷᠠᠭ᠎ᠠ᠂ ᠬᠠᠮᠢᠶ᠎ᠠ ᠪᠦᠬᠦᠢ ᠬᠦᠷᠢᠶᠡᠨ ᠤ ᠦᠢᠯᠡᠳᠪᠦᠷᠢᠯᠡᠯ᠂ ᠠᠮᠢᠳᠤᠷᠠᠯ ᠤᠨ | ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠪᠤᠯᠤᠨ᠎ᠠ᠃ ᠭᠤᠷᠪᠠ ᠳᠤ ᠬᠡᠰᠡᠭ ᠦᠨ᠎ᠡ | ᠲᠣᠭᠲᠠᠭᠠᠬᠤ ᠲᠥᠷᠥᠯ ᠵᠦᠢᠯ ᠢ ᠠᠶᠢᠮᠠᠭ ᠬᠤᠳᠠ᠂ ᠬᠤᠰᠢᠭᠤ ᠰᠢᠶᠠᠨ ︵ᠲᠣᠭᠤᠷᠢᠭ︶ ᠳᠤ ᠡᠷᠭᠡ ᠤᠯᠭᠤᠨ ᠬᠠᠮᠢᠶᠠᠷᠠᠭᠤᠯᠪᠠ᠃ ︽ᠦᠨ᠎ᠡ ᠬᠠᠩᠰᠢ ᠶᠢᠨ ᠬᠠᠤᠯᠢ︾ | ᠶᠢᠨ ᠲᠣᠭᠲᠠᠭᠠᠯ ᠶᠣᠰᠣᠭᠠᠷ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠨᠢ ᠲᠥᠪ ᠪᠠ ᠮᠤᠵᠢ ᠶᠢᠨ ᠬᠤᠶᠠᠷ ᠱᠠᠲᠤᠨ ᠳᠤ ᠲᠦᠪᠯᠡᠷᠡᠭᠰᠡᠨ ᠪᠤᠯᠬᠤᠷ᠂ ᠠᠶᠢᠮᠠᠭ | ᠬᠤᠳᠠ᠂ ᠬᠤᠰᠢᠭᠤ ᠰᠢᠶᠠᠨ ︵ᠲᠣᠭᠤᠷᠢᠭ︶ ᠳᠤ ᠬᠠᠮᠢᠶᠠᠷᠤᠯᠲᠠ ᠶᠢᠨ ᠡᠷᠬᠡ ᠮᠡᠳᠡᠯ ᠢ ᠦᠭᠭᠦ ᠳᠤ ᠵᠦᠪᠬᠡᠨ ᠡᠷᠬᠡ ᠣᠯᠭᠤᠬᠤ ᠬᠡᠯᠪᠡᠷᠢ ᠪᠠᠷ ᠯᠡ ᠶᠠᠪᠤᠭᠳᠠᠬᠤ ᠪᠤᠯᠤᠨ᠎ᠠ | ᠃ ᠤᠯᠠᠨ ᠨᠡᠶᠢᠳᠡ ᠶᠢᠨ ᠬᠤᠭᠤᠯᠠᠶ ᠲᠣᠣᠷ ᠢᠶᠠᠷ ᠬᠠᠩᠭᠠᠬᠤ ᠲᠦᠭᠡᠭᠡᠯ ᠤᠰᠤ᠂ ᠲᠠᠬᠢᠯᠳᠠ ᠤᠰᠤ ᠪᠣᠷᠣᠯᠠᠭᠤᠯᠬᠤ ᠦᠨ᠎ᠡ ᠬᠠᠩᠰᠢ᠂ ᠲᠥᠪᠯᠡᠷᠡᠭᠦᠯᠦᠨ ᠢᠯᠴᠢ | ᠬᠠᠩᠭᠠᠬᠤ ᠦᠢᠯᠡᠳᠪᠦᠷᠢ ᠠᠴᠠ ᠭᠠᠷᠭᠠᠬᠤ ᠪᠠ ᠪᠣᠷᠣᠯᠠᠭᠤᠯᠬᠤ ᠦᠨ᠎ᠡ ᠬᠠᠩᠰᠢ᠂ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ᠂ ᠭᠠᠳᠠᠭᠰᠢᠯ ᠬᠡᠢ ᠶᠢ | ᠪᠠᠶᠢᠴᠠᠭᠠᠨ ᠰᠢᠯᠭᠠᠬᠤ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠡᠷᠬᠡ ᠤᠯᠤᠭᠰᠠᠨ ᠠᠶᠢᠮᠠᠭ ᠬᠤᠳᠠ ᠪᠠ ᠡᠷᠬᠡ ᠶᠢ ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ | ᠲᠤᠷᠰᠢᠯᠲᠠ ᠶᠢᠨ ᠬᠤᠰᠢᠭᠤ ᠰᠢᠶᠠᠨ ︵ᠲᠣᠭᠤᠷᠢᠭ︶ ᠬᠠᠮᠢᠶᠠᠷᠴᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠡᠷᠬᠡ ᠤᠯᠤᠭᠰᠠᠨ ᠬᠤᠰᠢᠭᠤ ᠰᠢᠶᠠᠨ ︵ᠬᠤᠳᠠ᠂ ᠲᠣᠭᠤᠷᠢᠭ︶ ᠠᠴᠠ ᠬᠠᠮᠢᠶᠠᠷᠤᠨ᠎ᠠ᠃ ᠡᠷᠬᠡ ᠣᠯᠭᠤᠭᠰᠠᠨ ᠡᠳᠡᠭᠡᠷ ᠦᠨ᠎ᠡ ᠲᠣᠭᠲᠠᠭᠠᠬᠤ ᠲᠥᠷᠥᠯ | ᠵᠦᠢᠯ ᠨᠢ ᠭᠤᠣᠯᠳᠠᠭᠤ ᠡᠯ᠎ᠡ ᠭᠠᠵᠠᠷ ᠤᠨ ᠪᠤᠳᠠᠲᠠᠢ ᠵᠥᠷᠢᠶ᠎ᠡ ᠨᠢ ᠨᠡᠯᠢᠶᠡᠳ ᠶᠡᠭᠡ ᠪᠠᠶᠢᠵᠤ᠂ ᠢᠯᠴᠢ ᠬᠠᠩᠭᠠᠬᠤ᠂ ᠤᠰᠤ ᠬᠠᠩᠭᠠᠬᠤ ᠵᠡᠷᠭᠡ ᠠᠵᠢᠯ ᠲᠦᠷᠦᠯ ᠨᠢ | ᠶᠡᠷᠦ ᠠᠴᠠ ᠵᠠᠰᠠᠭ ᠤᠨ ᠣᠷᠳᠣᠨ ᠤ ᠨᠥᠬᠦᠪᠥᠷᠢ ᠠᠴᠠ ᠰᠠᠯᠵᠤ ᠴᠢᠳᠠᠳᠠᠭ ᠦᠭᠡᠢ ᠪᠤᠯᠬᠤᠷ᠂ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠳᠤ ᠳᠣᠭᠢᠷᠬᠠᠰᠠᠨ ᠦᠨ᠎ᠡ | ᠬᠠᠩᠰᠢ ᠪᠤᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠴᠢᠬᠤᠯᠠᠲᠠᠶ ᠶᠤᠮ᠃ ᠡᠷᠬᠡ ᠣᠯᠭᠤᠵᠤ ᠬᠠᠮᠢᠶᠠᠷᠠᠭᠤᠯᠬᠤ ᠨᠢ᠂ ᠲᠤᠬᠠᠶ ᠶᠢᠨ ᠭᠠᠵᠠᠷ ᠤᠨ | ᠪᠣᠳᠠᠲᠠᠶ ᠲᠠᠢ ᠰᠠᠶᠢᠲᠤᠷ ᠤᠶᠠᠯᠳᠤᠵᠤ᠂ ᠦᠨ᠎ᠡ ᠬᠠᠩᠰᠢ ᠶᠢ ᠠᠮᠢᠳᠤᠯᠢᠭ ᠪᠦᠭᠡᠳ ᠴᠠᠭ ᠲᠤᠬᠠᠶ ᠳᠤᠨᠢ ᠲᠣᠭᠲᠠᠭᠠᠬᠤ ᠪᠠ ᠲᠤᠬᠢᠷᠠᠭᠤᠯᠵᠤ᠂ ᠠᠵᠤ ᠠᠬᠤᠶᠢᠯᠠᠯ ᠪᠣᠯᠤᠨ | ᠬᠡᠷᠡᠭᠯᠡᠭᠴᠢᠳ ᠤᠨ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠠᠰᠢᠭᠲᠠᠢ ᠶᠤᠮ᠃ | ᠬᠥᠲᠥᠯᠥᠭᠴᠢ᠄ | ᠲᠠᠨ ᠤ ᠶᠠᠷᠢᠬᠤ ᠪᠠᠷ ᠪᠢᠳᠠ ᠮᠠᠰᠢ ᠣᠯᠠᠨ ᠲᠠᠸᠠᠷ ᠪᠣᠯᠣᠨ ᠦᠢᠯᠡᠴᠢᠯᠡᠭᠡᠨ ᠤ ᠦᠨ᠎ᠡ ᠬᠠᠩᠰᠢ ᠶᠢ ᠴᠢᠯᠥᠭᠡᠲᠡᠶ ᠲᠠᠯᠪᠢᠪᠠ᠂ ᠡᠩ ᠤᠨ ᠠᠷᠠᠳ ᠤᠳ ᠦᠨ᠎ᠡ | ᠬᠠᠩᠰᠢ ᠶᠢ ᠴᠢᠯᠥᠭᠡᠲᠡᠶ ᠲᠠᠯᠪᠢᠭᠰᠠᠨ ᠤ ᠳᠠᠷᠠᠭ᠎ᠠ ᠦᠨ᠎ᠡ ᠥᠰᠬᠦ᠂ ᠦᠢᠯᠡᠴᠢᠯᠡᠭᠡ ᠬᠤᠪᠢᠷᠠᠬᠤ ᠡᠰᠡᠬᠦ ᠳᠤ ᠰᠠᠨᠠᠭ᠎ᠠ ᠵᠣᠪᠠᠵᠤ ᠮᠡᠳᠡᠨ᠎ᠡ᠃ ᠲᠠ ᠡᠨᠡ ᠠᠰᠠᠭᠤᠳᠠᠯ ᠢ | ᠬᠡᠷᠬᠢᠨ ᠦᠵᠡᠬᠦ ᠪᠤᠢ︖ ᠸᠠᠩ ᠶᠢᠨ ᠪᠤᠤ᠄ | ᠦᠨ᠎ᠡ ᠬᠠᠩᠰᠢ ᠶᠢᠨ ᠥᠭᠡᠷᠡᠴᠢᠯᠡᠯᠲᠡ ᠨᠢ ᠦᠨ᠎ᠡ ᠬᠠᠩᠰᠢ ᠯᠠᠪᠲᠠᠢ ᠥᠰᠬᠦ ᠲᠠᠢ ᠲᠡᠩᠴᠡᠬᠦ ᠶᠠᠪᠤᠳᠠᠯ ᠪᠢᠰᠢ᠂ ᠵᠠᠬ᠎ᠠ ᠳᠡᠯᠭᠡᠭᠦᠷ ᠨᠢ ᠦᠨ᠎ᠡ ᠬᠠᠩᠰᠢ ᠶᠢ | ᠲᠣᠭᠲᠠᠭᠠᠨ᠎ᠠ ᠭᠡᠰᠡᠨ ᠨᠢ ᠯᠠᠪᠲᠠᠢ ᠦᠨ᠎ᠡ ᠬᠠᠩᠰᠢ ᠥᠰᠦᠨ᠎ᠡ ᠭᠡᠰᠡᠨ ᠢ ᠢᠯᠡᠷᠬᠡᠶᠢᠯᠡᠵᠦ ᠪᠠᠶᠢᠭ᠎ᠠ ᠪᠢᠰᠢ᠃ ᠦᠨ᠎ᠡ ᠬᠠᠩᠰᠢ ᠴᠢᠯᠥᠭᠡᠲᠡᠶ ᠪᠣᠯᠣᠭᠰᠠᠨ ᠤ ᠳᠠᠷᠠᠭ᠎ᠠ᠂ | ᠲᠠᠸᠠᠷ ᠪᠣᠯᠣᠨ ᠦᠢᠯᠡᠴᠢᠯᠡᠭᠡᠨ ᠤ ᠦᠨ᠎ᠡ ᠨᠢ ᠭᠤᠣᠯᠳᠠᠭᠤ ᠦᠢᠯᠡᠳᠪᠦᠷᠢᠯᠡᠯ ᠤᠨ ᠥᠪᠡᠷ ᠤᠨ ᠦᠷᠳᠡᠭ ᠪᠣᠯᠣᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡᠨ ᠤ | ᠪᠠᠶᠢᠳᠠᠯ ᠠᠴᠠ ᠲᠣᠭᠲᠠᠭᠠᠭᠳᠠᠵᠤ᠂ ᠵᠦᠢ ᠵᠣᠬᠢᠰᠲᠠᠶ ᠦᠨ᠎ᠡ ᠬᠠᠩᠰᠢ ᠨᠢ ᠵᠠᠬ᠎ᠠ ᠳᠡᠯᠭᠡᠭᠦᠷ ᠤᠨ ᠥᠷᠢᠰᠥᠯᠳᠦᠭᠡᠨ ᠢ ᠠᠬᠢᠭᠤᠯᠬᠤ ᠳᠤ ᠠᠰᠢᠭᠲᠠᠶ ᠪᠠᠶᠢᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠬᠤ ᠪᠠ ᠲᠠᠸᠠᠷ ᠪᠣᠯᠤᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠭᠦᠯᠬᠦ ᠶᠢ | ᠵᠣᠷᠢᠭᠵᠢᠭᠤᠯᠤᠨ᠎ᠠ᠃ ᠵᠢᠱᠢᠶᠡᠯᠡᠪᠡᠯ ᠤᠢᠢᠷ᠎ᠠ ᠶᠢᠨ ᠵᠢᠯ ᠤᠳ ᠲᠤ ᠶᠠᠷᠢᠶ᠎ᠠ ᠬᠡᠯᠡᠯᠴᠡᠭᠡᠨ ᠤ ᠮᠡᠳᠡᠭᠡᠯᠡᠯ ᠢᠶᠠᠷ ᠬᠢᠮᠳᠠᠬᠠᠨ ᠡᠮ ᠤᠨ ᠵᠦᠢᠯ ᠢ ᠬᠤᠳᠠᠯᠳᠤᠨ ᠠᠪᠬᠤ ᠳᠤ | ᠬᠦᠴᠢᠷᠲᠠᠢ ᠪᠠᠶᠢᠬᠤ ᠠᠰᠠᠭᠤᠳᠠᠯ ᠨᠢ ᠥᠩᠭᠡᠷᠡᠭᠰᠡᠨ ᠳᠤ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠶᠢ ᠳᠠᠩᠴᠢ ᠦᠬᠦᠮᠡᠯ ᠢᠶᠠᠷ ᠬᠠᠮᠢᠶᠠᠷᠴᠤ᠂ ᠵᠠᠰᠠᠭ ᠤᠨ | ᠣᠷᠳᠣᠨ ᠤ ᠲᠣᠭᠲᠠᠭᠠᠭᠰᠠᠨ ᠡᠮ ᠤᠨ ᠵᠦᠢᠯ ᠤᠨ ᠦᠨ᠎ᠡ ᠬᠠᠩᠰᠢ ᠨᠢ ᠦᠢᠯᠡᠳᠪᠦᠷᠢᠯᠡᠯ ᠤᠨ ᠥᠪᠡᠷ ᠤᠨ ᠦᠷᠳᠡᠭ ᠪᠣᠯᠣᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ | ᠦᠨᠳᠦᠰᠦᠯᠡᠨ ᠴᠠᠭ ᠲᠤᠬᠠᠶ ᠳᠤᠨᠢ ᠳᠤᠬᠢᠷᠠᠭᠤᠯᠤᠯᠳᠠ ᠬᠢᠭᠰᠡᠨ ᠦᠭᠡᠢ ᠠᠴᠠ ᠪᠣᠯᠣᠭᠠᠳ ᠡᠮ ᠤᠨ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ ᠠᠰᠢᠭ ᠣᠷᠣᠯᠭ᠎ᠠ ᠨᠢ | ᠪᠠᠭ᠎ᠠ ᠪᠣᠯᠤᠭᠰᠠᠨ ᠪᠤᠶᠤ ᠴᠢᠨᠠᠭᠰᠢᠯᠠᠭᠠᠳ ᠠᠯᠳᠠᠭᠳᠠᠯ ᠲᠠᠢ ᠪᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠢᠳᠡᠪᠬᠢᠵᠢᠯ ᠳᠤ ᠬᠦᠨᠳᠦ ᠨᠣᠴᠢᠲᠠᠶ ᠴᠣᠬᠢᠯᠲᠠ | ᠥᠭᠴᠦ᠂ ᠬᠡᠰᠡᠭ ᠡᠮ ᠤᠨ ᠵᠦᠢᠯ ᠨᠢ ᠵᠠᠬ᠎ᠠ ᠳᠡᠯᠭᠡᠭᠦᠷ ᠠᠴᠠ ᠠᠷᠢᠯᠬᠤ ᠨᠢ ᠴᠦ ᠬᠠᠴᠢᠨ ᠶᠠᠪᠤᠳᠠᠯ ᠪᠢᠰᠢ ᠪᠣᠯᠵᠠᠢ᠃ ᠬᠡᠯᠡᠯᠭᠡᠨ ᠦᠭᠡᠢ᠂ ᠦᠨ᠎ᠡ ᠬᠠᠩᠰᠢ ᠶᠢᠨ | ᠠᠰᠠᠭᠤᠳᠠᠯ ᠨᠢ ᠴᠢᠯᠦᠭᠡᠲᠡᠢ ᠲᠠᠯᠪᠢᠬᠤ ᠪᠠᠷ ᠰᠢᠢᠳᠪᠦᠷᠢᠯᠡᠭᠳᠡᠳᠡᠭ ᠪᠢᠰᠢ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ | ᠬᠠᠮᠢᠶᠠᠷᠬᠤ ᠶᠢ ᠤᠶᠠᠯᠳᠤᠭᠤᠯᠬᠤ᠂ ᠡᠭᠦᠷᠭᠡ ᠴᠢᠳᠠᠪᠤᠷᠢ ᠶᠢ ᠬᠤᠪᠢᠷᠠᠭᠤᠯᠬᠤ ᠡᠨᠡ ᠭᠤᠷᠪᠠ ᠪᠣᠯ ᠨᠢᠭᠡ ᠴᠣᠭᠴᠠ ᠪᠣᠯᠣᠨ᠎ᠠ᠂ ᠴᠢᠯᠥᠭᠡᠲᠡᠶ ᠪᠣᠯᠭᠠᠬᠤ ᠵᠣᠷᠢᠯᠭ᠎ᠠ ᠪᠣᠯ | ᠨᠡᠩ ᠰᠡᠶᠢᠠ ᠬᠠᠮᠢᠶᠠᠷᠬᠤ ᠤᠨ ᠲᠥᠯᠥᠭᠡ᠂ ᠤᠯᠠᠨ ᠲᠦᠮᠡᠨ ᠳᠤ ᠨᠡᠩ ᠠᠰᠢᠭᠲᠠᠶ ᠪᠣᠯᠭᠠᠬᠤ ᠶᠢᠨ ᠲᠥᠯᠥᠭᠡ ᠶᠤᠮ᠃ ᠭᠦᠢᠴᠡᠳ ᠥᠷᠢᠰᠥᠯᠳᠦᠭᠡᠨ ᠲᠠᠢ ᠲᠠᠸᠠᠷ ᠪᠣᠯᠣᠨ | ᠦᠢᠯᠡᠴᠢᠯᠡᠭᠡᠨ ᠤ ᠦᠨ᠎ᠡ ᠬᠠᠩᠰᠢ ᠶᠢ ᠴᠢᠯᠥᠭᠡᠲᠡᠶ ᠲᠠᠯᠪᠢᠪᠠᠯ ᠭᠦᠢᠴᠡᠳ ᠥᠷᠢᠰᠥᠯᠳᠦᠬᠦ ᠶᠢ ᠪᠡᠶᠡᠯᠡᠭᠦᠯᠬᠦ ᠳᠤ ᠠᠰᠢᠭᠲᠠᠶ᠂ ᠥᠷᠢᠰᠥᠯᠳᠦᠭᠡᠨ ᠢᠶᠠᠷ ᠳᠠᠮᠵᠢᠭᠤᠯᠤᠨ ᠵᠦᠢ | ᠵᠣᠬᠢᠰᠲᠠᠶ ᠦᠨ᠎ᠡ ᠬᠠᠩᠰᠢ ᠪᠤᠢ ᠪᠣᠯᠵᠤ᠂ ᠬᠡᠷᠡᠭᠯᠡᠭᠴᠢᠳ ᠲᠤ ᠨᠡᠩ ᠠᠰᠢᠭᠲᠠᠶ ᠪᠣᠯᠬᠤ ᠶᠤᠮ᠃ ᠭᠡᠪᠡᠴᠦ ︽ᠦᠨ᠎ᠡ ᠬᠠᠩᠰᠢ ᠶᠢ ᠭᠠᠭᠴᠠᠭᠠᠷ ᠡᠵᠡᠷᠬᠡᠵᠦ︾᠂ ︽ | ᠦᠨ᠎ᠡ ᠬᠠᠩᠰᠢ ᠶᠢᠨ ᠮᠡᠬᠡᠯᠡᠯ ᠶᠠᠪᠤᠭᠤᠯᠬᠤ︾ ᠵᠡᠷᠭᠡ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠪᠣᠯᠣᠨ ᠬᠡᠷᠡᠭᠯᠡᠭᠴᠢᠳ ᠤᠨ ᠠᠰᠢᠭ ᠲᠤᠰᠠ ᠶᠢ ᠬᠤᠪᠢᠷᠠᠭᠤᠯᠬᠤ | ᠠᠰᠠᠭᠤᠳᠠᠯ ᠤᠳ ᠢᠯᠡᠷᠡᠬᠦ ᠶᠢ ᠡᠭᠦᠰᠭᠡᠵᠦ ᠪᠣᠯᠬᠤ ᠦᠭᠡᠢ᠂ ᠡᠨᠡ ᠨᠢ ᠳᠠᠷᠤᠶ ᠪᠢᠳᠠᠨ ᠤ ᠦᠨ᠎ᠡ ᠬᠠᠩᠰᠢ ᠶᠢ ᠴᠢᠯᠥᠭᠡᠲᠡᠶ ᠪᠣᠯᠭᠠᠬᠤ ᠶᠠᠪᠤᠴᠠ ᠳᠤ ᠪᠠᠰᠠ ᠬᠢᠨᠠᠨ | ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠡᠳᠡᠭᠡᠷ ᠦᠨ᠎ᠡ ᠬᠠᠩᠰᠢ ᠶᠢᠨ ᠲᠠᠯ᠎ᠠ ᠪᠠᠷ ᠮᠡᠬᠡᠯᠡᠨ ᠬᠢᠬᠠᠬᠤ᠂ ᠭᠠᠭᠴᠠᠭᠠᠷ ᠡᠵᠡᠮᠰᠢᠬᠦ ᠵᠢᠴᠢ ᠦᠨ᠎ᠡ | ᠬᠠᠩᠰᠢ ᠶᠢᠨ ᠬᠤᠯᠪᠣᠭ᠎ᠠ ᠪᠠᠶᠢᠭᠤᠯᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠦᠨ᠎ᠡ ᠬᠠᠩᠰᠢ ᠶᠢᠨ ᠥᠭᠡᠷᠡᠴᠢᠯᠡᠯᠲᠡ ᠶᠢ ᠨᠡᠶᠢᠭᠡᠮ ᠨᠡᠶᠢᠲᠡ | ᠂ ᠤᠯᠠᠨ ᠲᠦᠮᠡᠨ ᠳᠤ ᠦᠨᠡᠨ ᠬᠦ ᠠᠰᠢᠭᠲᠠᠶ ᠪᠠᠶᠢᠯᠭᠠᠬᠤ ᠬᠡᠷᠡᠭᠲᠡᠢ᠃ | ᠬᠥᠲᠥᠯᠥᠭᠴᠢ᠄ | ︽ᠦᠨ᠎ᠡ ᠲᠣᠭᠲᠠᠭᠠᠬᠤ ᠭᠠᠷᠴᠠᠭ︾ ᠢ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠵᠠᠰᠠᠭ ᠢ | ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠲᠣᠭᠲᠠᠭᠤᠨ ᠬᠡᠷᠡᠭᠵᠢᠭᠦᠯᠦᠭᠳᠡᠬᠦ ᠶᠢ ᠪᠠᠲᠤᠯᠠᠬᠤ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠶᠠᠮᠠᠷ ᠠᠷᠭ᠎ᠠ | ᠬᠡᠮᠵᠢᠶ᠎ᠡ ᠠᠪᠤᠭᠰᠠᠨ ᠪᠤᠢ︖ | ᠸᠠᠩ ᠶᠢᠨ ᠪᠤᠤ᠄ | ᠰᠢᠨ᠎ᠡ ᠪᠠᠷ ᠵᠠᠰᠠᠪᠤᠷᠢᠯᠠᠭᠰᠠᠨ ︽ᠦᠨ᠎ᠡ ᠲᠣᠭᠲᠠᠭᠠᠬᠤ ᠭᠠᠷᠴᠠᠭ︾ ᠢ ᠨᠡᠶᠢᠲᠡᠯᠡᠨ ᠬᠡᠷᠡᠭᠵᠢᠭᠦᠯᠦᠭᠰᠡᠨ ᠤ ᠲᠡᠷᠠᠭ᠎ᠠ᠂ ᠴᠢᠬᠤᠯᠠ ᠲᠠᠸᠠᠷ ᠪᠣᠯᠣᠨ | ᠦᠢᠯᠡᠴᠢᠯᠡᠭᠡᠨ ᠤ ᠦᠨ᠎ᠡ ᠬᠠᠩᠰᠢ ᠶᠢ ᠦᠨᠳᠦᠰᠦᠨ ᠳᠡᠭᠡᠨ ᠲᠣᠭᠲᠠᠪᠤᠷᠢᠲᠠᠶ ᠪᠠᠶᠢᠬᠤ ᠶᠢ ᠪᠠᠲᠤᠯᠠᠵᠤ᠂ ᠬᠡᠷᠡᠭᠯᠡᠭᠴᠢᠳ ᠪᠣᠯᠤᠨ ᠡᠵᠡᠩᠨᠡᠭᠴᠢᠳ ᠤᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠪᠢᠳᠡ ᠠᠯᠢ ᠤᠯᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠲᠣᠭᠲᠠᠭᠠᠪᠠ᠃ ᠵᠠᠰᠠᠭ ᠤᠨ ᠣᠷᠳᠣᠨ ᠠᠴᠠ ᠦᠨ᠎ᠡ | ᠲᠣᠭᠲᠠᠭᠠᠬᠤ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠦᠯᠡᠳᠡᠭᠡᠭᠰᠡᠨ ᠲᠥᠷᠥᠯ ᠵᠦᠢᠯ ᠢ ᠪᠣᠯ ᠦᠨ᠎ᠡ ᠲᠣᠭᠲᠠᠭᠠᠬᠤ ᠳᠡᠰ ᠳᠠᠷᠠᠭᠠᠯᠠᠯ᠂ ᠥᠪᠡᠷ ᠤᠨ ᠦᠷᠳᠡᠭ ᠤᠨ | ᠳᠦᠷᠢᠮ ᠳᠤᠭᠲᠠᠭᠠᠯ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ | ᠣᠷᠳᠣᠨ ᠤ ᠦᠨ᠎ᠡ ᠲᠣᠭᠲᠠᠭᠠᠬᠤ ᠠᠵᠢᠯᠯᠠᠭ᠎ᠠ ᠨᠡᠷᠡᠨ ᠤ ᠳᠣᠣᠷ᠎ᠠ ᠢᠯᠡ ᠲᠣᠳᠣ ᠶᠠᠪᠤᠭᠳᠠᠬᠤ ᠶᠢ ᠦᠨᠡᠨ ᠬᠦ ᠪᠠᠲᠤᠯᠠᠪᠠ︔ ᠵᠠᠬ᠎ᠠ ᠳᠡᠯᠭᠡᠭᠦᠷ ᠠᠴᠠ ᠦᠨ᠎ᠡ | ᠲᠣᠬᠢᠷᠠᠭᠤᠯᠬᠤ ᠶᠢ ᠬᠡᠷᠡᠭᠵᠢᠭᠦᠯᠬᠦ ᠲᠥᠷᠥᠯ ᠵᠦᠢᠯ ᠢ ᠪᠣᠯ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ᠂ | ᠢᠯᠠᠩᠭᠤᠶ᠎ᠠ ᠠᠵᠢᠯ ᠲᠥᠷᠥᠯ ᠤᠨ ᠬᠠᠮᠢᠶᠠᠷᠤᠯᠲᠠ ᠪᠣᠯᠤᠨ ᠦᠨ᠎ᠡ ᠬᠠᠩᠰᠢ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭᠠᠨ ᠤ ᠲᠣᠭᠲᠠᠭᠤᠨ ᠢ ᠪᠠᠲᠤᠯᠠᠪᠠ᠃ ᠪᠣᠳᠠᠲᠠᠶ ᠠᠷᠭ᠎ᠠ ᠬᠡᠮᠵᠢᠶ᠎ᠡ ᠨᠢ ᠭᠤᠣᠯᠳᠠᠭᠤ ᠡᠵᠡᠩᠨᠡᠭᠴᠢ ᠦᠨ᠎ᠡ ᠬᠠᠩᠰᠢ | ᠪᠠᠨ ᠢᠯᠠ ᠬᠠᠳᠠᠬᠤ᠂ ᠰᠦᠢᠳᠬᠡᠯ ᠬᠤᠷᠢᠶᠠᠬᠤ ᠶᠢ ᠵᠠᠷᠯᠠᠨ ᠮᠡᠳᠡᠭᠳᠡᠬᠦ ᠠᠵᠢᠯ ᠢ ᠰᠢᠮᠳᠠᠭᠤᠯᠵᠤ᠂ ᠦᠨ᠎ᠡ ᠬᠠᠩᠰᠢ ᠶᠢᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠮᠡᠬᠡᠯᠡᠯ ᠪᠣᠯᠣᠨ ᠦᠨ᠎ᠡ ᠬᠠᠩᠰᠢ ᠶᠢᠨ ᠭᠠᠭᠴᠠᠭᠠᠷ ᠡᠵᠡᠷᠬᠡᠭᠯᠡᠯ ᠵᠡᠷᠭᠡ ᠬᠠᠤᠯᠢ ᠠᠴᠠ ᠵᠥᠷᠢᠴᠡᠭᠰᠡᠨ | ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠡᠵᠡᠩᠨᠡᠭᠴᠢ ᠶᠢᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠶᠢᠨ ᠬᠠᠮᠲᠤ ᠦᠨ᠎ᠡ ᠬᠠᠩᠰᠢ ᠶᠢᠨ ᠬᠢᠨᠠᠨ ᠬᠡᠮᠵᠢᠵᠦ ᠵᠠᠳᠠᠯᠤᠨ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠢᠬᠤᠯᠠ ᠲᠠᠸᠠᠷ ᠪᠣᠯᠣᠨ | ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠥᠳᠡᠯᠦᠩᠭᠦᠶ ᠪᠠᠶᠢᠳᠠᠯ ᠢ ᠡᠵᠡᠮᠳᠡᠵᠦ᠂ ᠠᠵᠢᠯ ᠲᠦᠷᠦᠯ ᠤᠨ ᠨᠡᠶᠢᠭᠡᠮᠯᠢᠭ᠂ ᠲᠤᠰᠬᠠᠶ ᠮᠡᠷᠭᠡᠵᠢᠯ ᠤᠨ | ᠵᠣᠬᠢᠶᠠᠨ ᠪᠠᠶᠢᠭᠤᠯᠤᠯᠲᠠ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠦᠷᠨᠢᠭᠦᠯᠬᠦ ᠶᠢ ᠬᠦᠲᠦᠯᠦᠨ ᠵᠢᠯᠣᠭᠤᠳᠴᠤ᠂ ᠲᠠᠸᠠᠷ ᠪᠣᠯᠣᠨ ᠦᠢᠯᠡᠴᠢᠯᠡᠭᠡᠨ ᠤ | ᠦᠨ᠎ᠡ ᠬᠠᠩᠰᠢ ᠶᠢᠨ ᠮᠡᠳᠡᠭᠡ ᠵᠠᠩᠭᠢ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠪᠢᠳᠡ ᠪᠠᠰᠠ ᠬᠢᠨᠠᠨ ᠬᠠᠮᠢᠶᠠᠷᠬᠤ ᠲᠣᠭᠲᠠᠴᠠ ᠶᠢ ᠲᠦᠷᠭᠡᠨ | ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠴᠢᠳᠠᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠠᠴᠠ ᠴᠢᠨᠠᠷ ᠪᠠ ᠦᠨ᠎ᠡ ᠨᠢ ᠲᠡᠩᠴᠡᠭᠦᠬᠡᠨ ᠲᠠᠸᠠᠷ ᠪᠠ ᠦᠢᠯᠡᠴᠢᠯᠡᠭᠡ | ᠬᠠᠩᠭᠠᠬᠤ ᠶᠢ ᠰᠢᠮᠳᠠᠭᠤᠯᠵᠤ᠂ ᠵᠠᠬ᠎ᠠ ᠳᠡᠯᠭᠡᠭᠦᠷ ᠤᠨ ᠢᠯᠡ ᠲᠣᠳᠣ ᠲᠥᠪ ᠭᠤᠣᠯᠴᠢ ᠣᠷᠴᠢᠨ ᠲᠣᠭᠤᠷᠢᠨ ᠢ ᠪᠤᠢ ᠪᠣᠯᠭᠠᠨ᠎ᠠ᠃ | ᠡ᠊ᠨᠳᠡ ᠪᠢ ᠪᠠᠰᠠ ᠡᠨᠡᠬᠦ ᠲᠣᠬᠢᠶᠠᠯ ᠢ ᠠᠰᠢᠭᠯᠠᠨ ᠪᠢᠳᠡᠨ ᠤ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠲᠠᠪᠴᠠᠩ ᠢ ᠲᠠᠨᠢᠯᠴᠠᠭᠤᠯᠤᠶ᠎ᠠ ᠭᠡᠵᠦ ᠪᠣᠳᠣᠵᠤ | ᠪᠠᠢᠨ᠎ᠠ᠃ ᠬᠡᠷᠪᠡ ᠤᠯᠠᠨ ᠢᠶᠠᠷ ᠢᠶᠠᠨ ᠦᠨ᠎ᠡ ᠬᠠᠩᠰᠢ ᠶᠢᠨ ᠵᠢᠭᠤᠷᠠᠯᠳᠤᠭᠠᠨ ᠳᠤ ᠲᠤᠯᠭᠠᠷᠠᠪᠠᠯ᠂ ︽12358︾ ᠨᠣᠮᠧᠷᠲᠦ ᠦᠨ᠎ᠡ ᠬᠠᠩᠰᠢ ᠶᠢᠨ ᠢᠯᠡᠴᠢᠯᠡᠯᠲᠡ | ᠶᠢᠨ ᠤᠲᠠᠰᠤ ᠶᠢ ᠤᠲᠠᠰᠤᠳᠠᠵᠤ ᠯᠠᠪᠯᠠᠨ ᠠᠰᠠᠭᠤᠵᠤ ᠵᠠᠭᠠᠯᠳᠤᠵᠤ ᠪᠣᠯᠣᠨ᠎ᠠ᠃ ᠣᠯᠠᠨ ᠵᠢᠯ ᠤᠨ ᠪᠠᠶᠢᠭᠤᠯᠤᠯᠲᠠ ᠪᠠᠷ ᠳᠠᠮᠵᠢᠭᠠᠳ᠂ ᠡᠨᠡ ᠵᠢᠯ᠂ ᠮᠠᠨ ᠤ ᠣᠷᠣᠨ | 12358 ᠨᠣᠮᠧᠷᠲᠦ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠮᠡᠳᠡᠭᠡ ᠵᠠᠩᠭᠢ ᠶᠢᠨ ᠰᠢᠰᠲ᠋ᠧᠮ ᠢ ᠪᠦᠬᠦ ᠲᠠᠯ᠎ᠠ ᠪᠠᠷ ᠲᠡᠰ ᠳᠡᠪᠰᠢᠭᠦᠯᠦᠨ ᠥᠭᠡᠷᠡᠴᠢᠯᠡᠵᠦ᠂ ᠦᠨ᠎ᠡ | ᠬᠠᠩᠰᠢ ᠶᠢᠨ ᠢᠯᠡᠴᠢᠯᠡᠨ ᠮᠡᠳᠡᠭᠦᠯᠦᠯᠲᠡ ᠶᠢᠨ ᠲᠣᠭᠠᠴᠢᠯᠠᠬᠤ᠂ ᠮᠡᠳᠡᠭᠡ ᠵᠠᠩᠭᠢᠴᠢᠯᠠᠬᠤ ᠶᠢ ᠪᠡᠶᠡᠯᠡᠭᠦᠯᠵᠡᠢ᠂ ᠣᠳᠣᠬᠠᠨ ᠳᠤ᠂ ᠪᠦᠬᠦ ᠣᠷᠣᠨ ᠤ 116 | ᠳ᠋ᠢᠶᠠᠩᠬᠤᠸᠠ ᠶᠢᠨ ᠰᠠᠭᠤᠳᠠᠯ ᠢ ᠴᠦᠮ ᠨᠡᠪᠲᠡᠷᠡᠭᠦᠯᠵᠦ᠂ ᠤᠲᠠᠰᠤᠨ ᠳᠡᠭᠡᠷ᠎ᠡ ᠪᠠᠶᠢᠬᠤ ᠨᠤᠷᠮ᠎ᠠ ᠶᠢ 96% ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃ ᠪᠢᠳᠡ | ᠪᠠᠰᠠ ᠶᠠᠭ ᠲᠣᠣᠷᠴᠢᠯᠠᠭᠰᠠᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠶᠠᠪᠣᠭᠲᠠᠭᠤᠯᠵᠤ᠂ | ᠡᠵᠡᠩᠨᠡᠭᠴᠢᠳ ᠤᠨ ᠭᠠᠵᠠᠷ ᠵᠦᠢ ᠶᠢᠨ ᠪᠠᠶᠢᠷᠢᠯᠠᠯ᠂ ᠲᠤᠭ᠎ᠠ ᠬᠡᠮᠵᠢᠶ᠎ᠡ᠂ ᠬᠡᠪᠴᠢᠶ᠎ᠡ ᠪᠣᠯᠤᠨ ᠠᠵᠢᠯ ᠲᠦᠷᠦᠯ ᠤᠨ ᠲᠠᠷᠬᠠᠴᠠ ᠵᠡᠷᠭᠡ ᠪᠠᠶᠢᠳᠠᠯ ᠢᠶᠠᠷ ᠡᠯ᠎ᠡ ᠭᠠᠵᠠᠷ ᠤᠨ | ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠣᠷᠣᠨ ᠢ ᠡᠳᠦᠶ ᠲᠡᠳᠦᠶ ᠣᠷᠣᠨ ᠪᠣᠯᠭᠠᠨ ᠬᠤᠪᠢᠶᠠᠵᠤ᠂ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠵᠠᠳᠠᠯᠤᠨ ᠬᠤᠪᠢᠶᠠᠯᠴᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠲᠤᠷᠬᠠᠶᠢᠯᠠᠨ᠂ ︽ᠬᠥᠨᠳᠡᠯᠡᠨ ᠢᠶᠠᠷ ᠬᠦᠪᠡᠭᠡ ᠳᠤ | ᠬᠦᠷᠬᠦ᠂ ᠭᠤᠯᠳᠤ ᠪᠠᠷ ᠢᠵᠠᠭᠤᠷ ᠲᠤ ᠲᠣᠯᠬᠤ︾ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠲᠣᠣᠷᠯᠠᠯ ᠢ ᠪᠦᠷᠢᠯᠳᠦᠭᠦᠯᠵᠦ᠂ ︽ᠲᠣᠣᠷ ᠨᠢ ᠬᠡᠰᠡᠭᠯᠡᠯ ᠢ | ᠲᠣᠭᠲᠠᠭᠠᠬᠤ᠂ ᠬᠡᠰᠡᠭᠯᠡᠯ ᠨᠢ ᠬᠥᠮᠦᠨ ᠢ ᠲᠣᠭᠲᠠᠭᠠᠬᠤ᠂ ᠬᠥᠮᠦᠨ ᠨᠢ ᠬᠠᠷᠢᠭᠤᠴᠠᠯᠭ᠎ᠠ ᠶᠢ ᠲᠣᠭᠲᠠᠭᠠᠬᠤ︾ ᠰᠡᠳᠬᠢᠴᠡ ᠶᠢᠨ ᠶᠣᠰᠣᠭᠠᠷ᠂ ᠵᠠᠬ᠎ᠠ ᠳᠡᠯᠭᠡᠭᠦᠷ ᠤᠨ | ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠥᠷᠭᠡᠨ ᠢᠶᠠᠷ ᠪᠦᠷᠬᠦᠬᠦ ᠪᠠ ᠬᠡᠪᠰᠢᠭᠦᠯᠬᠦ ᠶᠢ ᠪᠡᠶᠡᠯᠡᠭᠦᠯᠪᠡ᠃ ᠬᠤᠶᠢᠰᠢᠳᠠ ᠤᠯᠠᠨ ᠢᠶᠠᠷ ᠢᠶᠠᠨ ᠤᠯᠤᠰ ᠤᠨ | ᠪᠠᠶᠠᠷ ᠤᠨ ᠬᠤᠭᠤᠴᠠᠭᠠᠨ ᠳᠠᠬᠢ ︽ᠴᠢᠩᠳᠣᠤ ᠶᠢᠨ ᠲᠡᠭᠷᠢ ᠲᠤᠯᠤᠮ᠎ᠠ ᠦᠨ᠎ᠡ ᠲᠠᠢ ᠰᠠᠮ︾ ᠮᠡᠲᠦ ᠶᠢᠨ ᠦᠨ᠎ᠡ ᠬᠠᠩᠰᠢ ᠶᠢᠨ ᠮᠡᠬᠡᠯᠡᠯ ᠤᠨ ᠦᠢᠯᠡ ᠠᠵᠢᠯᠯᠠᠭ᠎ᠠ | ᠲᠤᠯᠭᠠᠷᠠᠬᠤ ᠳᠤ ᠬᠦᠷᠪᠡᠯ᠂ ︽12358︾ ᠨᠣᠮᠧᠷᠲᠦ ᠤᠲᠠᠰᠤ ᠪᠠᠷ ᠳᠠᠮᠵᠢᠭᠤᠯᠤᠨ ᠵᠠᠭᠠᠯᠳᠤᠨ ᠢᠯᠡᠴᠢᠯᠡᠵᠦ᠂ ᠮᠠᠨ ᠤ ᠦᠨ᠎ᠡ ᠬᠠᠩᠰᠢ ᠶᠢᠨ ᠬᠠᠤᠯᠢ ᠬᠡᠷᠡᠭᠵᠢᠭᠦᠯᠬᠦ | ᠠᠵᠢᠯᠲᠠᠳ ᠥᠷᠭᠡᠨ ᠤᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠣᠯᠤᠨ᠎ᠠ᠃ | ᠬᠥᠲᠥᠯᠥᠭᠴᠢ᠄ | ︽ᠦᠨ᠎ᠡ ᠲᠣᠭᠲᠠᠭᠠᠬᠤ ᠭᠠᠷᠴᠠᠭ︾ ᠲᠤ ᠵᠠᠰᠠᠪᠤᠷᠢ ᠣᠷᠣᠭᠤᠯᠤᠭᠰᠠᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ | ᠥᠭᠡᠷᠡᠴᠢᠯᠡᠯᠲᠡ ᠨᠢ ᠪᠠᠰᠠ ᠶᠠᠮᠠᠷ ᠶᠠᠮᠠᠷ ᠴᠢᠬᠤᠯᠠ ᠠᠵᠢᠯ ᠬᠢᠭᠰᠡᠨ ᠪᠤᠢ︖ ᠸᠠᠩ ᠶᠢᠨ ᠪᠤᠤ᠄ | ᠡᠨᠡ ᠵᠢᠯ ᠠᠴᠠ ᠨᠠᠰᠢ᠂ ᠮᠠᠨ ᠤ ᠣᠷᠣᠨ ᠤᠯᠤᠰ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ︽ᠦᠨ᠎ᠡ ᠲᠣᠭᠲᠠᠭᠠᠬᠤ | ᠭᠠᠷᠴᠠᠭ︾ ᠲᠤ ᠵᠠᠰᠠᠪᠤᠷᠢ ᠣᠷᠣᠭᠤᠯᠬᠤ ᠶᠢᠨ ᠬᠠᠮᠲᠤ᠂ ᠠᠯᠢ ᠣᠯᠠᠨ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠢ ᠦᠷᠨᠢᠭᠦᠯᠪᠡ᠃ ᠡᠭᠦᠨ ᠲᠤᠲᠤᠷᠠᠬᠢ ᠬᠤᠶᠠᠷ ᠵᠦᠢᠯ ᠨᠢ ᠪᠦᠭᠦ ᠤᠯᠤᠰ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠪᠣᠯᠣᠨ᠎ᠠ᠃ | ᠨᠢᠭᠡ ᠨᠢ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠪᠣᠯᠣᠨ᠎ᠠ᠃ | ᠣᠳᠣᠬᠠᠨ ᠳᠤ ᠮᠠᠨ ᠤ ᠤᠯᠤᠰ ᠤᠨ ᠴᠠᠬᠢᠯᠭᠠᠨ ᠬᠦᠴᠦᠨ ᠤ ᠦᠨ᠎ᠡ ᠬᠠᠩᠰᠢ ᠶᠢ ᠦᠨᠳᠦᠰᠦᠨ ᠳᠡᠭᠡᠨ ᠴᠥᠮ ᠵᠠᠰᠠᠭ ᠤᠨ ᠣᠷᠳᠣᠨ ᠠᠴᠠ ᠲᠣᠭᠲᠠᠭᠠᠵᠤ᠂ ᠵᠠᠰᠠᠭ ᠤᠨ | ᠣᠷᠳᠣᠨ ︽ᠬᠤᠶᠠᠷ ᠲᠠᠯ᠎ᠠ ᠶᠢ ᠬᠠᠮᠢᠶᠠᠷᠴᠤ᠂ ᠳᠤᠮᠳᠠᠬᠢ ᠶᠢ ᠰᠤᠯᠠᠯᠠᠨ᠎ᠠ︾᠂ ︽ᠬᠤᠶᠠᠷ ᠲᠠᠯ᠎ᠠ︾ ᠭᠡᠳᠡᠭ ᠨᠢ ᠴᠠᠬᠢᠯᠭᠠᠨ ᠭᠠᠷᠭᠠᠬᠤ ᠲᠠᠯ᠎ᠠ ᠪᠣᠯᠣᠨ ᠴᠠᠬᠢᠯᠭᠠᠨ | ᠪᠣᠷᠣᠯᠠᠭᠤᠯᠬᠤ ᠲᠠᠯ᠎ᠠ ᠪᠠᠶᠢᠵᠤ᠂ ︽ᠳᠤᠮᠳᠠᠬᠢ︾ ᠭᠡᠳᠡᠭ ᠨᠢ ᠴᠠᠬᠢᠯᠭᠠᠨ ᠳᠠᠮᠵᠢᠭᠤᠯᠬᠤ ᠲᠠᠯ᠎ᠠ ᠲᠤᠬᠠᠶᠢᠯᠠᠪᠠᠯ ᠴᠠᠬᠢᠯᠭᠠᠨ ᠲᠣᠣᠷ ᠤᠨ ᠺᠣᠮᠫᠠᠨᠢ ᠪᠣᠯᠣᠨ᠎ᠠ᠃ ᠴᠠᠬᠢᠯᠭᠠᠨ | ᠭᠠᠷᠭᠠᠬᠤ ᠲᠠᠯ᠎ᠠ ᠨᠢ ᠢᠯᠴᠢ ᠶᠢᠨ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ ᠤᠰᠤᠨ ᠴᠠᠬᠢᠯᠭᠠᠨ᠂ ᠭᠡᠷᠡᠯ ᠸᠣᠯᠲ ᠴᠠᠬᠢᠯᠭᠠᠨ ᠭᠠᠷᠭᠠᠬᠤ ᠵᠡᠷᠭᠡ ᠠᠳᠠᠯᠢ ᠪᠤᠰᠤ | ᠴᠠᠬᠢᠯᠭᠠᠨ ᠭᠠᠷᠭᠠᠬᠤ ᠬᠡᠯᠪᠡᠷᠢ ᠶᠢ ᠵᠠᠰᠠᠭ ᠤᠨ ᠣᠷᠳᠣᠨ ᠠᠴᠠ ᠲᠤᠰ ᠲᠤᠰ ᠠᠳᠠᠯᠢ ᠪᠤᠰᠤ ᠲᠣᠣᠷ ᠲᠤ ᠣᠷᠣᠬᠤ ᠴᠠᠬᠢᠯᠭᠠᠨ ᠤ ᠦᠨ᠎ᠡ ᠶᠢ ᠲᠣᠭᠲᠠᠭᠠᠨ᠎ᠠ᠂ | ᠥᠭᠡᠷ᠎ᠡ ᠪᠠᠷ ᠬᠡᠯᠡᠪᠡᠯ ᠴᠠᠬᠢᠯᠭᠠᠨ ᠭᠠᠷᠭᠠᠬᠤ ᠦᠢᠯᠡᠳᠪᠦᠷᠢ ᠠᠴᠠ ᠴᠠᠬᠢᠯᠭᠠᠨ ᠢᠶᠠᠨ ᠴᠠᠬᠢᠯᠭᠠᠨ ᠲᠣᠣᠷ ᠲᠤ ᠬᠤᠳᠠᠯᠳᠤᠵᠤ ᠥᠭᠬᠦ ᠦᠨ᠎ᠡ ᠪᠣᠯᠣᠨ᠎ᠠ᠂ ᠴᠠᠬᠢᠯᠭᠠᠨ | ᠪᠣᠷᠣᠯᠠᠭᠤᠯᠬᠤ ᠲᠠᠯ᠎ᠠ ᠭᠡᠳᠡᠭ ᠨᠢ ᠴᠠᠬᠢᠯᠭᠠᠨ ᠬᠡᠷᠡᠭᠯᠡᠬᠦ ᠡᠷᠦᠬᠡ ᠶᠢ ᠬᠡᠯᠡᠨ᠎ᠡ᠂ ᠰᠠᠭᠤᠭᠠᠯᠢ ᠠᠷᠠᠳ᠂ ᠲᠤᠮᠤ ᠠᠵᠤ ᠦᠢᠯᠡᠳᠪᠦᠷᠢ᠂ ᠡᠩ ᠤᠨ ᠠᠵᠤ ᠦᠢᠯᠡᠳᠪᠦᠷᠢ | ᠬᠤᠳᠠᠯᠳᠤᠭ᠎ᠠ ᠶᠢᠨ ᠦᠢᠯᠡᠰ ᠵᠡᠷᠭᠡ ᠳᠤ ᠪᠣᠯ ᠲᠤᠰ ᠲᠤᠰ ᠴᠠᠬᠢᠯᠭᠠᠨ ᠪᠣᠷᠣᠯᠠᠭᠤᠯᠬᠤ ᠠᠳᠠᠯᠢ ᠪᠤᠰᠤ ᠦᠨ᠎ᠡ ᠶᠢ ᠲᠣᠭᠲᠠᠭᠠᠨ᠎ᠠ᠃ 2015 ᠣᠨ ᠤ 1 ᠳ᠋ᠦ᠋ᠭᠡᠷ | ᠰᠠᠷ᠎ᠠ ᠳᠤ᠂ ᠱᠧᠨᠵᠧᠨ ᠬᠤᠲᠠ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠡᠬᠢᠯᠡᠭᠦᠯᠦᠭᠰᠡᠨ ᠂ ᠪᠦᠬᠦ ᠤᠯᠤᠰ ᠤᠨ | ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠴᠢᠬᠤᠯᠠ ᠨᠢᠭᠡ ᠠᠯᠬᠤᠮ ᠢ ᠠᠯᠬᠤᠪᠠ᠃ ᠭᠡᠪᠡᠴᠦ ᠱᠧᠨᠵᠧᠨ ᠨᠢ ᠵᠥᠪᠬᠡᠨ ᠬᠤᠲᠠ ᠪᠣᠯᠤᠭᠰᠠᠨ ᠤ | ᠬᠤᠪᠢ ᠳᠤ᠂ ᠴᠠᠬᠢᠯᠭᠠᠨ ᠬᠠᠩᠭᠠᠬᠤ ᠰᠢᠰᠲ᠋ᠧᠮᠵᠢ ᠨᠢ ᠬᠠᠷᠢᠴᠠᠩᠭᠤᠶ ᠲᠦᠬᠦᠮ ᠶᠤᠮ᠂ ᠭᠡᠪᠡᠴᠦ ᠮᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ | ᠲᠣᠣᠷ ᠤᠨ ᠢᠯᠴᠢ ᠶᠢᠨ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ ᠤᠰᠤᠨ ᠴᠠᠬᠢᠯᠭᠠᠨ᠂ ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠵᠡᠷᠭᠡ ᠣᠯᠠᠨ ᠬᠡᠯᠪᠡᠷᠢ ᠪᠠᠷ | ᠴᠠᠬᠢᠯᠭᠠᠨ ᠭᠠᠷᠭᠠᠵᠤ ᠪᠠᠶᠢᠬᠤ ᠪᠤᠯᠬᠤᠷ᠂ ᠬᠤᠲᠠ᠂ ᠬᠥᠳᠡᠭᠡ ᠲᠣᠰᠬᠤᠨ᠂ ᠮᠠᠯᠵᠢᠬᠤ ᠣᠷᠣᠨ ᠤ ᠴᠠᠬᠢᠯᠭᠠᠨ ᠬᠠᠩᠭᠠᠬᠤ ᠭᠠᠵᠠᠷ ᠣᠷᠣᠨ ᠤ ᠲᠥᠷᠥᠯ ᠵᠦᠢᠯ ᠪᠠᠶᠠᠯᠢᠭ | ᠂ ᠲᠤᠮᠤ ᠠᠵᠤ ᠦᠢᠯᠡᠳᠪᠦᠷᠢ᠂ ᠡᠩ ᠤᠨ ᠠᠵᠤ ᠦᠢᠯᠡᠳᠪᠦᠷᠢ ᠬᠤᠳᠠᠯᠳᠤᠭ᠎ᠠ᠂ ᠲᠠᠷᠢᠶᠠᠯᠠᠩ᠂ ᠰᠠᠭᠤᠭᠠᠯᠢ ᠠᠷᠠᠳ ᠵᠡᠷᠭᠡ ᠴᠠᠬᠢᠯᠭᠠᠨ ᠬᠦᠴᠦᠨ ᠤ ᠬᠡᠷᠡᠭᠯᠡᠭᠴᠢᠳ ᠤᠨ | ᠲᠥᠷᠥᠯ ᠵᠦᠢᠯ ᠪᠦᠷᠢᠨ ᠪᠠᠶᠢᠵᠤ᠂ ︽ᠥᠴᠦᠬᠡᠨ ᠪᠣᠯᠪᠠᠴᠤ ᠴᠤᠯᠤ ᠰᠠᠪᠠ ᠨᠢ ᠪᠦᠷᠢᠨ︾ ᠭᠡᠵᠦ ᠬᠡᠯᠡᠵᠦ ᠪᠣᠯᠤᠨ᠎ᠠ᠂ ᠡᠨᠡ ᠨᠢ ᠤᠯᠤᠰ ᠤᠨ ᠴᠠᠬᠢᠯᠭᠠᠨ ᠬᠦᠴᠦᠨ ᠤ | ᠪᠠᠶᠢᠭᠤᠯᠤᠯ ᠤᠨ ᠥᠭᠡᠷᠡᠴᠢᠯᠡᠯᠲᠡ ᠳᠤ ᠨᠡᠯᠢᠶᠡᠳ ᠶᠡᠭᠡ ᠯᠠᠪᠯᠠᠬᠤ ᠦᠢᠯᠡᠳᠦᠯ ᠲᠠᠢ ᠶᠤᠮ᠃ ᠨᠢᠳᠤᠨᠤᠨ ᠠᠴᠠ ᠨᠠᠰᠢ᠂ ᠮᠠᠨ ᠤ ᠵᠥᠪᠯᠡᠯ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠵᠢᠭᠠᠪᠤᠷᠢ ᠶᠢ ᠵᠢᠷᠤᠮᠯᠠᠨ᠂ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠢ ᠤᠯᠤᠰ ᠤᠨ ᠴᠠᠬᠢᠯᠭᠠᠨ ᠳᠠᠮᠵᠢᠭᠤᠯᠬᠤ ᠪᠠ | ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠬᠤ ᠪᠠᠷ ᠭᠤᠶᠤᠴᠢᠯᠠᠵᠤ᠂ ᠤᠷᠢᠳ ᠬᠤᠵᠢᠳ ︽ᠥᠪᠥᠷ | ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠰᠦᠯ︾ | ᠢ ᠰᠤᠳᠤᠯᠤᠨ ᠲᠣᠭᠲᠠᠭᠠᠵᠤ᠂ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠤᠨ ᠥᠪᠡᠷ ᠤᠨ ᠦᠷᠳᠡᠭ ᠤᠨ ᠬᠢᠨᠠᠨ ᠪᠠᠶᠢᠴᠠᠭᠠᠯᠲᠠ ᠶᠢ ᠵᠣᠬᠢᠶᠠᠨ | ᠪᠠᠶᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠥᠷᠭᠡᠬᠦ ᠳᠠᠬᠢ ᠵᠥᠪᠰᠢᠶᠡᠷᠡᠭᠰᠡᠨ ᠥᠪᠡᠷ ᠤᠨ | ᠦᠷᠳᠡᠭ᠂ ᠵᠥᠪᠰᠢᠶᠡᠷᠡᠭᠰᠡᠨ ᠠᠰᠢᠭ ᠣᠷᠣᠯᠭ᠎ᠠ ᠵᠢᠴᠢ ᠴᠠᠬᠢᠯᠭᠠᠨ ᠳᠠᠮᠵᠢᠭᠤᠯᠬᠤ ᠪᠠ ᠬᠦᠷᠭᠡᠬᠦ ᠴᠠᠬᠢᠯᠭᠠᠨ ᠤ ᠦᠨ᠎ᠡ ᠶᠢᠨ ᠬᠢᠷᠢ ᠬᠡᠮᠵᠢᠶ᠎ᠡ ᠶᠢᠨ ᠲᠥᠰᠦᠯ ᠢ | ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠵᠢᠭᠠᠪᠤᠷᠢ ᠠᠪᠴᠤ᠂ 9 ᠳ᠋ᠦ᠋ᠭᠡᠷ ᠰᠠᠷ᠎ᠠ ᠶᠢᠨ 30 ᠤ ᠡᠳᠦᠷ ᠲᠤ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠮᠠᠨ ᠤ ᠵᠥᠪᠯᠡᠯ ᠤᠨ ᠵᠢᠭᠠᠪᠤᠷᠢ ᠶᠢ ᠴᠣᠬᠤᠯᠠᠪᠤᠷᠢᠯᠠᠨ ᠵᠥᠪᠰᠢᠶᠡᠷᠡᠪᠡ᠃ ᠮᠠᠨ ᠤ ᠣᠷᠣᠨ ᠤ ᠥᠪᠥᠷ ᠮᠣᠩᠭᠤᠯ ᠤᠨ ᠪᠠᠷᠠᠭᠤᠨ ᠣᠷᠣᠨ ᠤ | ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢ 2015 ᠣᠨ ᠤ 10 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠪᠡ᠂ ᠡᠨᠡ ᠪᠣᠯ ᠮᠠᠨ ᠤ ᠤᠯᠤᠰ ᠤᠨ ᠠᠩᠬᠠᠳᠠᠭᠴᠢ ︽ᠵᠥᠪᠰᠢᠶᠡᠷᠡᠭᠰᠡᠨ ᠥᠪᠡᠷ ᠤᠨ ᠦᠷᠲᠡᠭ | ᠳᠡᠭᠡᠷ᠎ᠡ ᠵᠦᠢ ᠵᠣᠬᠢᠰᠲᠠᠶ ᠠᠰᠢᠭ ᠣᠷᠣᠯᠭ᠎ᠠ ᠣᠯᠭᠤᠬᠤ︾ ᠵᠠᠷᠴᠢᠮ ᠢᠶᠠᠷ ᠵᠢᠱᠢᠨ ᠪᠤᠳᠤᠭᠰᠠᠨ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠶᠢᠨ ᠠᠷᠠᠯᠵᠢᠶ᠎ᠠ ᠳᠤ | ᠰᠢᠭᠤᠳ ᠬᠡᠷᠡᠭᠯᠡᠵᠦ ᠪᠣᠯᠬᠤᠶᠢᠴᠠ ᠮᠤᠵᠢ ᠶᠢᠨ ᠱᠠᠲᠤᠨ ᠤ ᠴᠠᠬᠢᠯᠭᠠᠨ ᠲᠣᠣᠷ ᠤᠨ ᠪᠡᠶ᠎ᠡ ᠪᠠᠨ ᠳᠠᠭᠠᠭᠠᠭᠰᠠᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠪᠠᠶᠢᠵᠤ᠂ | ᠥᠪᠡᠷᠲᠡᠭᠡᠨ ᠵᠠᠰᠠᠬᠤ ᠣᠷᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠲᠦᠷᠭᠡᠨ ᠠᠬᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠲᠠᠯ᠎ᠠ ᠶᠢ ᠬᠠᠮᠢᠶᠠᠷᠴᠤ᠂ ᠳᠤᠮᠳᠠᠬᠢ ᠶᠢ ᠰᠤᠯᠠᠯᠠᠬᠤ︾ | ᠂ ᠴᠠᠬᠢᠯᠭᠠᠨ ᠭᠠᠷᠭᠠᠬᠤ ᠪᠠ ᠴᠠᠬᠢᠯᠭᠠᠨ ᠪᠣᠷᠣᠯᠠᠭᠤᠯᠬᠤ ᠦᠨ᠎ᠡ ᠬᠠᠩᠰᠢ ᠶᠢ ᠵᠠᠬ᠎ᠠ ᠳᠡᠯᠭᠡᠭᠦᠷᠴᠢᠯᠡᠬᠦ ᠳᠤ ᠴᠢᠬᠤᠯᠠ ᠨᠥᠬᠦᠴᠡᠯ ᠪᠦᠷᠢᠯᠳᠦᠭᠦᠯᠦᠨ᠂ ᠪᠠᠲᠤ ᠪᠠᠬᠢ | ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | ᠸᠠᠩ ᠶᠢᠨ ᠪᠤᠤ᠄ | ᠮᠠᠨ ᠤ ᠤᠷᠤᠨ ᠤᠯᠤᠰ ᠤᠨ ᠦᠨ᠎ᠡ ᠬᠠᠩᠰᠢ ᠶᠢ ᠦᠬᠡᠷᠡᠴᠢᠯᠡᠬᠦ ᠲᠤᠷᠰᠢᠯᠳᠠ ᠶᠢᠨ ᠴᠢᠭ᠋ ᠪᠤᠯᠤᠭᠰᠠᠨ ᠤ ᠬᠤᠪᠢ ᠳᠤ᠂ ᠬᠤᠶᠠᠳᠤᠭᠠᠷ ᠲᠤᠨᠢ ᠲᠠᠷᠤᠢ ᠪᠤᠷᠴᠠᠭ | ᠤᠨ ᠬᠠᠷᠠᠯᠳᠠᠳᠤ ᠦᠨ᠎ᠡ ᠬᠠᠩᠰᠢ ᠶᠢ ᠦᠭᠡᠷᠡᠴᠢᠯᠡᠬᠦ ᠪᠤᠯᠤᠨ᠎ᠠ᠃ ᠦᠭᠡᠷᠡᠴᠢᠯᠡᠯᠳᠡ ᠬᠢᠵᠤ ᠴᠢᠯᠦᠭᠡᠳᠡᠢ ᠶᠠᠪᠤᠯᠴᠠᠭᠰᠠᠨ ᠠᠴᠠ ᠮᠠᠨ ᠤ ᠤᠯᠤᠰ ᠲᠠᠷᠢᠶᠠᠯᠠᠩ ᠤᠨ ᠶᠡᠬᠡᠩᠬᠡᠢ | ᠪᠦᠳᠦᠭᠡᠭᠳᠡᠭᠦᠨ ᠤ ᠦᠨ᠎ᠡ ᠬᠠᠩᠰᠢ ᠶᠢ ᠦᠷᠬᠦᠯᠵᠢᠯᠡᠨ ᠴᠢᠯᠦᠭᠡᠳᠡᠢ ᠪᠤᠯᠭᠠᠪᠠ᠂ 2004 ᠤᠨ ᠳᠤ ᠠᠮᠤ ᠪᠤᠳᠠᠭᠠᠨ ᠤ ᠵᠠᠬ᠎ᠠ ᠲᠡᠯᠭᠡᠭᠦᠷ ᠪᠠ ᠦᠨ᠎ᠡ ᠬᠠᠩᠰᠢ ᠶᠢ ᠪᠦᠬᠦ | ᠲᠠᠯ᠎ᠠ ᠪᠠᠷ ᠴᠢᠯᠤᠭᠡᠳᠡᠢ ᠪᠤᠯᠭᠠᠭᠰᠠᠨ ᠪᠠᠶᠢᠨ᠎ᠠ᠃ ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ ᠬᠠᠩᠰᠢ ᠶᠢ ᠴᠢᠯᠦᠭᠡᠳᠡᠢ ᠪᠤᠯᠭᠠᠭᠰᠠᠨ ᠤ ᠲᠠᠷᠠᠭ᠎ᠠ ᠮᠠᠯᠴᠢᠨ ᠲᠠᠷᠢᠶᠠᠴᠢᠨ | ᠤ ᠠᠰᠢᠭ ᠲᠤᠰᠠ ᠶᠢ ᠬᠠᠮᠠᠭᠠᠯᠠᠵᠤ᠂ ᠲᠠᠷᠢᠶᠠᠯᠠᠩ ᠦᠢᠯᠡᠳᠪᠦᠷᠢᠯᠡᠯ ᠢ ᠲᠤᠭᠳᠠᠭᠤᠨ ᠪᠤᠯᠭᠠᠬᠤ ᠶᠢᠨ ᠲᠤᠰᠠᠳᠠ᠂ 2004 ᠤᠨ ᠠᠴᠠ ᠨᠠᠰᠢ᠂ ᠤᠯᠤᠰ ᠠᠴᠠ | ᠦᠢᠯᠡᠳᠪᠦᠷᠢᠯᠡᠯ ᠤᠨ ᠭᠤᠤᠯ ᠭᠠᠷᠤᠯᠳᠠ ᠶᠢᠨ ᠤᠷᠤᠨ ᠤ ᠲᠤᠳᠤᠷᠭ᠎ᠠ᠂ ᠪᠤᠭᠤᠳᠠᠢ ᠶᠢ ᠬᠠᠮᠤᠭ ᠲᠤᠤᠷ᠎ᠠ ᠦᠨ᠎ᠡ ᠪᠠᠷ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ | ᠭᠡᠷᠡᠭᠵᠢᠬᠦᠯᠵᠤ᠂ 2007 ᠤᠨ ᠠᠴᠠ ᠡᠬᠢᠯᠡᠨ᠂ ᠭᠤᠤᠯ ᠭᠠᠷᠤᠯᠳᠠ ᠶᠢᠨ ᠤᠷᠤᠨ ᠤ ᠡᠷᠳᠡᠨᠢ ᠰᠢᠰᠢ᠂ ᠪᠤᠷᠴᠠᠭ᠂ ᠰᠢᠯᠢᠮᠳᠡᠭ᠂ ᠬᠦᠪᠦᠩ᠂ ᠢᠳᠡᠭᠡᠨ ᠤ ᠰᠢᠬᠢᠷ ᠢ | ᠲᠦᠷ ᠴᠠᠭ ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢ ᠶᠠᠪᠤᠭᠤᠯᠪᠠ᠃ ᠭᠤᠤᠯ ᠭᠠᠷᠤᠯᠳᠠ ᠶᠢᠨ ᠤᠷᠤᠨ ᠤ ᠵᠠᠬ᠎ᠠ ᠲᠡᠯᠭᠡᠭᠦᠷ ᠤᠨ ᠦᠨ᠎ᠡ ᠨᠢ ᠬᠠᠮᠤᠭ | ᠲᠤᠤᠷ᠎ᠠ ᠬᠤᠳᠠᠯᠳᠤᠨ ᠠᠪᠬᠤ ᠦᠨ᠎ᠡ ᠪᠤᠶᠤ ᠲᠦᠷ ᠴᠠᠭ ᠬᠤᠷᠢᠶᠠᠨ ᠬᠠᠳᠠᠭᠠᠯᠠᠬᠤ ᠦᠨ᠎ᠡ ᠠᠴᠠ ᠲᠤᠤᠷ᠎ᠠ ᠪᠤᠯᠬᠤ ᠦᠶᠡᠰ᠂ ᠤᠯᠤᠰ ᠠᠴᠠ ᠠᠵᠤ ᠠᠬᠤᠶᠢᠯᠠᠯ ᠢ ᠵᠠᠬ᠎ᠠ | ᠲᠡᠯᠭᠡᠭᠦᠷ ᠲᠤ ᠤᠷᠤᠭᠤᠯᠵᠤ ᠰᠢᠭᠤᠳ ᠬᠤᠳᠠᠯᠳᠤᠨ ᠠᠪᠤᠭᠤᠯᠬᠤ ᠪᠠᠷ ᠵᠢᠭᠠᠨ ᠲᠤᠭᠳᠠᠭᠠᠵᠤ᠂ ᠵᠠᠬ᠎ᠠ ᠲᠡᠯᠭᠡᠬᠦᠷ ᠢ ᠤᠳᠤᠷᠢᠳᠤᠨ ᠦᠨ᠎ᠡ ᠬᠠᠩᠰᠢ ᠶᠢ ᠦᠰᠭᠡᠳᠡᠭ᠃ | ᠬᠠᠮᠤᠭ ᠲᠤᠤᠷ᠎ᠠ ᠦᠨ᠎ᠡ ᠪᠠᠷ ᠬᠤᠳᠠᠯᠳᠤᠨ ᠠᠪᠬᠤ ᠪᠠ ᠲᠦᠷ ᠴᠠᠭ ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠭᠰᠡᠨ ᠠᠴᠠ ᠨᠠᠰᠢ᠂ ᠤᠯᠤᠰ | ᠤᠨ ᠲᠤᠳᠤᠭᠠᠳᠤ ᠶᠢᠨ ᠠᠮᠤ ᠪᠤᠳᠠᠭᠠᠨ ᠤ ᠦᠨ᠎ᠡ ᠲᠤᠭᠳᠠᠭᠤᠨ ᠢᠶᠠᠷ ᠨᠡᠮᠡᠭᠳᠡᠵᠤ᠂ ᠬᠦᠪᠦᠩ᠂ ᠲᠤᠰᠤᠯᠢᠭ ᠲᠠᠷᠢᠮᠠᠯ᠂ ᠢᠳᠡᠭᠡᠨ ᠤ ᠰᠢᠬᠢᠷ ᠤᠨ ᠦᠨ᠎ᠡ ᠶᠡᠷᠦᠩᠬᠡᠢ ᠳᠤ | ᠪᠠᠨ ᠦᠨᠳᠦᠷ ᠪᠠᠶᠢᠷᠢᠨ ᠳᠤ ᠡᠷᠬᠢᠯᠳᠤᠵᠤ᠂ ᠲᠠᠷᠢᠶᠠᠴᠢᠳ ᠤᠨ ᠲᠠᠷᠢᠮᠠᠯ ᠲᠠᠷᠢᠬᠤ ᠢᠳᠡᠪᠬᠢᠵᠢᠯ ᠢ ᠪᠦᠳᠦᠮᠵᠢᠳᠠᠢ ᠲᠠᠶᠢᠴᠢᠯᠠᠵᠤ᠂ ᠲᠠᠷᠢᠶᠠᠯᠠᠩ ᠤᠨ ᠭᠤᠤᠯ | ᠪᠦᠳᠦᠭᠡᠭᠳᠡᠭᠦᠨ ᠤ ᠦᠢᠯᠡᠳᠪᠦᠷᠢᠯᠡᠯ ᠤᠨ ᠲᠤᠭᠳᠠᠭᠤᠨ ᠪᠠᠶᠢᠬᠤ ᠶᠢ ᠪᠠᠳᠤᠯᠠᠵᠤ᠂ ᠠᠮᠤ ᠪᠤᠳᠠᠭᠠᠨ ᠤ ᠭᠠᠷᠤᠯᠳᠠ ᠶᠢᠨ ︽ᠠᠷᠪᠡᠨ ᠵᠢᠯ ᠲᠠᠷᠭᠠᠯᠠᠨ ᠨᠡᠮᠡᠭᠳᠡᠬᠦ︾ ᠶᠢ | ᠪᠡᠶᠡᠯᠡᠬᠦᠯᠵᠤ᠂ ᠲᠠᠷᠢᠶᠠᠴᠢᠳ ᠤᠨ ᠤᠷᠤᠯᠭ᠎ᠠ ᠶᠢᠨ ᠲᠤᠭᠳᠠᠭᠤᠨ ᠪᠦᠬᠡᠳ ᠲᠦᠷᠭᠡᠨ ᠨᠡᠮᠡᠭᠳᠡᠯ ᠢ ᠪᠡᠶᠡᠯᠡᠬᠦᠯᠵᠤ᠂ ᠪᠤᠳᠠᠰ ᠤᠨ ᠶᠡᠷᠦᠩᠬᠡᠢ ᠬᠢᠷᠢ ᠲᠦᠪᠰᠢᠨ ᠢ | ᠲᠤᠭᠳᠠᠪᠤᠷᠢᠵᠢᠭᠤᠯᠬᠤ᠂ ᠤᠯᠤᠰ ᠠᠷᠠᠳ ᠤᠨ ᠠᠵᠤ ᠠᠬᠤᠢ ᠶᠢᠨ ᠦᠷᠬᠦᠯᠵᠢᠯᠡᠨ ᠲᠦᠷᠭᠡᠨ ᠭᠦᠭᠵᠢᠬᠦ ᠶᠢ ᠪᠠᠳᠤᠯᠠᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ | ᠦᠵᠡᠬᠦᠯᠦᠭᠰᠡᠨ ᠪᠠᠶᠢᠨ᠎ᠠ᠃ ᠭᠡᠪᠡᠴᠤ᠂ ᠬᠠᠮᠤᠭ ᠲᠤᠤᠷ᠎ᠠ ᠦᠨ᠎ᠡ ᠪᠠᠷ ᠬᠤᠳᠠᠯᠳᠤᠨ ᠠᠪᠬᠤ ᠪᠠ ᠲᠦᠷ ᠴᠠᠭ ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢ | ᠪᠦᠳᠦᠮᠵᠢᠳᠠᠢ ᠭᠡᠷᠡᠭᠵᠢᠬᠦᠯᠬᠦ ᠤᠷᠢᠳᠡᠯ ᠨᠦᠬᠦᠴᠡᠯ ᠨᠢ ᠲᠠᠷᠤᠢ ᠤᠯᠤᠰ ᠤᠨ ᠲᠤᠳᠤᠭᠠᠳᠤ ᠶᠢᠨ ᠵᠠᠬ᠎ᠠ ᠲᠡᠯᠭᠡᠭᠦᠷ ᠤᠨ ᠦᠨ᠎ᠡ ᠶᠢ ᠤᠯᠠᠨ ᠤᠯᠤᠰ ᠤᠨ ᠵᠠᠬ᠎ᠠ ᠲᠡᠯᠭᠡᠭᠦᠷ | ᠤᠨ ᠦᠨ᠎ᠡ ᠠᠴᠠ ᠲᠤᠭᠤᠤᠷ ᠪᠠᠶᠢᠯᠭᠠᠬᠤ ᠭᠡᠷᠡᠭᠳᠡᠢ᠃ ᠤᠷᠴᠢᠮ ᠤᠨ ᠵᠢᠯ᠂ ᠤᠯᠠᠨ ᠤᠯᠤᠰ ᠤᠨ ᠵᠠᠬ᠎ᠠ ᠲᠡᠯᠭᠡᠭᠦᠷ ᠲᠠᠬᠢ ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ | ᠶᠡᠬᠡᠪᠡᠷ ᠲᠤᠷᠤᠭᠰᠢᠯᠠᠵᠤ᠂ ᠤᠯᠤᠰ ᠤᠨ ᠲᠤᠳᠤᠭᠠᠳᠤ ᠶᠢᠨ ᠲᠠᠷᠢᠶᠠᠯᠠᠩ ᠤᠨ ᠭᠤᠤᠯ ᠪᠦᠳᠦᠭᠡᠭᠳᠡᠭᠦᠨ ᠨᠢ ᠬᠠᠮᠤᠭ ᠲᠤᠤᠷ᠎ᠠ ᠬᠤᠳᠠᠯᠳᠤᠨ ᠠᠪᠬᠤ ᠦᠨ᠎ᠡ ᠪᠠ ᠲᠦᠷ | ᠴᠠᠭ ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢᠨ ᠲᠡᠮᠵᠢᠯᠭᠡ ᠲᠤᠤᠷ᠎ᠠ ᠦᠨᠳᠦᠷ ᠦᠨ᠎ᠡ ᠪᠠᠷ ᠡᠷᠬᠢᠯᠳᠦᠵᠤ᠂ ᠤᠯᠤᠰ ᠤᠨ ᠲᠤᠳᠤᠭᠠᠳᠤ ᠶᠢᠨ ᠦᠨ᠎ᠡ ᠶᠢ | ᠤᠯᠠᠨ ᠤᠯᠤᠰ ᠤᠨ ᠵᠠᠬ᠎ᠠ ᠲᠡᠯᠭᠡᠭᠦᠷ ᠤᠨ ᠦᠨ᠎ᠡ ᠠᠴᠠ ᠲᠤᠤᠷ᠎ᠠ ᠪᠠᠶᠢᠭᠰᠠᠨ ᠢ ᠭᠠᠳᠠᠭᠠᠳᠤ ᠠᠴᠠ ᠤᠷᠤᠭᠤᠯᠬᠤ ᠦᠪᠡᠷ ᠤᠨ ᠦᠷᠳᠡᠭ ᠠᠴᠠ ᠲᠡᠭᠡᠬᠦᠷ ᠪᠤᠯᠭᠠᠭᠰᠠᠨ | ᠪᠠᠶᠢᠨ᠎ᠠ᠃ ᠤᠯᠤᠰ ᠤᠨ ᠲᠤᠳᠤᠭᠠᠳᠤ ᠶᠢᠨ ᠦᠨ᠎ᠡ ᠭᠠᠳᠠᠭᠠᠳᠤ ᠠᠴᠠ ᠤᠷᠤᠭᠤᠯᠬᠤ ᠦᠪᠡᠷ ᠤᠨ ᠦᠷᠳᠡᠭ ᠠᠴᠠ ᠲᠡᠭᠡᠬᠦᠷ ᠪᠤᠯᠤᠭᠰᠠᠨ ᠠᠴᠠ ᠵᠠᠬ᠎ᠠ ᠲᠡᠯᠭᠡᠭᠦᠷ ᠤᠨ | ᠭᠤᠤᠯ ᠴᠤᠭᠴᠠ ᠵᠠᠬ᠎ᠠ ᠳᠤ ᠬᠦᠨᠵᠡᠬᠡᠶᠢᠷᠡᠨ ᠬᠤᠳᠠᠯᠳᠤᠨ ᠠᠪᠬᠤ ᠲᠤᠷ᠎ᠠ ᠦᠬᠡᠢ ᠪᠤᠯᠵᠤ᠂ ᠤᠯᠤᠰ ᠤᠨ ᠬᠤᠷᠢᠶᠠᠨ ᠬᠠᠳᠠᠭᠠᠠᠯᠬᠤ ᠲᠠᠷᠤᠯᠳᠠ ᠲᠤᠤᠷ᠎ᠠ ᠪᠠᠨ ᠨᠡᠮᠡᠭᠳᠡᠵᠤ | ᠂ ᠤᠨᠴᠠᠭᠠᠶᠢᠯᠠᠨ ᠪᠤᠷᠴᠠᠭ᠂ ᠬᠦᠪᠦᠩ ᠢ ᠬᠤᠷᠢᠶᠠᠨ ᠬᠠᠳᠠᠭᠠᠯᠠᠭᠰᠠᠨ ᠬᠡᠮᠵᠢᠶ᠎ᠡ ᠨᠢ ᠶᠡᠷᠦᠩᠬᠡᠢ ᠭᠠᠷᠤᠯᠳᠠ ᠶᠢᠨ ᠶᠡᠬᠡᠩᠬᠡᠢ ᠭᠡᠰᠡᠭ ᠢ ᠡᠵᠡᠯᠡᠵᠤ᠂ ᠲᠡᠭᠡᠭᠰᠢ ᠲᠤᠷᠤᠭᠰᠢ | ᠬᠡᠯᠪᠡᠯᠵᠡᠬᠦ ᠦᠨ᠎ᠡ ᠶᠢᠨ ᠬᠠᠷᠢᠴᠠᠭ᠎ᠠ ᠭᠠᠵᠢᠭᠤᠳᠠᠨ᠂ ᠵᠠᠬ᠎ᠠ ᠲᠡᠯᠭᠡᠭᠦᠷ ᠤᠨ ᠠᠮᠢᠳᠤᠯᠢᠭ ᠭᠦᠴᠤᠨ ᠪᠠᠭᠤᠷᠠᠵᠤ᠂ ᠪᠦᠬᠦᠶᠢᠯᠡ ᠠᠵᠤ ᠦᠢᠯᠡᠰ ᠤᠨ ᠬᠡᠯᠬᠢᠶ᠎ᠠ ᠶᠢᠨ | ᠦᠷᠬᠦᠯᠵᠢᠯᠡᠨ ᠡᠷᠡᠬᠦᠯ ᠢᠶᠠᠷ ᠭᠦᠭᠵᠢᠬᠦ ᠳᠤ ᠠᠰᠢᠭ ᠦᠬᠡᠢ ᠪᠤᠯᠤᠭᠰᠠᠨ ᠪᠠᠶᠢᠨ᠎ᠠ᠃ ᠬᠠᠷᠠᠯᠳᠠᠳᠤ ᠦᠨ᠎ᠡ ᠬᠠᠩᠰᠢ ᠶᠢ ᠦᠬᠡᠷᠡᠴᠢᠯᠡᠬᠦ ᠲᠤᠷᠰᠢᠯᠳᠠ ᠶᠢᠨ ᠴᠢᠭ᠋ ᠢ | ᠦᠷᠨᠢᠬᠦᠯᠵᠤ᠂ ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ ᠬᠠᠩᠰᠢ ᠪᠤᠢ ᠪᠤᠯᠬᠤ ᠲᠤᠭᠳᠠᠴᠠ ᠶᠢ ᠵᠠᠰᠠᠭ ᠤᠨ ᠤᠷᠳᠤᠨ ᠤ ᠨᠦᠬᠦᠪᠦᠷᠢ ᠠᠴᠠ ᠰᠠᠯᠭᠠᠬᠤ | ᠦᠭᠡᠷᠡᠴᠢᠯᠡᠯᠳᠡ ᠶᠢ ᠰᠦᠪᠡᠭᠴᠢᠯᠡᠨ ᠠᠬᠢᠭᠤᠯᠬᠤ ᠶᠢᠨ ᠵᠤᠷᠢᠯᠭ᠎ᠠ ᠨᠢ ᠲᠠᠷᠤᠢ ᠲᠠᠷᠢᠶᠠᠴᠢᠳ ᠤᠨ ᠠᠰᠢᠭ ᠲᠤᠰᠠ ᠶᠢ ᠪᠠᠳᠤᠯᠠᠬᠤ ᠤᠷᠢᠳᠠᠯ ᠲᠤᠤᠷ᠎ᠠ᠂ ᠵᠠᠬ᠎ᠠ ᠲᠡᠯᠭᠡᠭᠦᠷ | ᠲᠠᠬᠢ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠰᠢᠢᠳᠪᠦᠷᠢᠯᠡᠭᠴᠢ ᠦᠢᠯᠡᠳᠦᠯ ᠢ ᠬᠦᠢᠴᠡᠳ ᠪᠠᠳᠠᠷᠠᠭᠤᠯᠵᠤ᠂ ᠦᠨ᠎ᠡ ᠬᠠᠩᠰᠢ ᠪᠤᠢ ᠪᠤᠯᠬᠤ ᠶᠢ ᠵᠠᠬ᠎ᠠ ᠲᠡᠯᠭᠡᠭᠦᠷ | ᠢᠶᠠᠷ ᠲᠤᠭᠳᠠᠭᠠᠯᠭᠠᠵᠤ᠂ ᠠᠵᠤ ᠦᠢᠯᠡᠰ ᠤᠨ ᠲᠡᠭᠡᠭᠰᠢ ᠲᠤᠷᠤᠭᠰᠢ ᠬᠡᠯᠪᠡᠯᠵᠡᠯ ᠤᠨ ᠵᠤᠬᠢᠴᠠᠩᠭᠤᠢ ᠬᠦᠭᠵᠢᠯᠳᠡ ᠶᠢ ᠲᠦᠯᠬᠢᠨ ᠠᠬᠢᠭᠤᠯᠬᠤ ᠳᠤ ᠤᠷᠤᠰᠢᠨ᠎ᠡ᠃ | 2014 ᠤᠨ ᠳᠤ᠂ ᠤᠯᠤᠰ ᠠᠴᠠ ᠮᠠᠨ ᠤ ᠤᠷᠤᠨ ᠪᠤᠯᠤᠨ ᠵᠠᠬᠦᠨ ᠬᠤᠶᠢᠳᠤ ᠶᠢᠨ ᠭᠤᠷᠪᠠᠨ ᠮᠤᠵᠢ ᠶᠢ ᠪᠤᠷᠴᠠᠭ ᠤᠨ ᠬᠠᠷᠠᠯᠳᠠᠳᠤ ᠦᠨ᠎ᠡ ᠶᠢ ᠦᠬᠡᠷᠡᠴᠢᠯᠡᠬᠦ | ᠲᠤᠷᠰᠢᠯᠳᠠ ᠶᠢᠨ ᠭᠠᠵᠠᠷ ᠤᠷᠤᠨ ᠪᠤᠯᠭᠠᠨ ᠲᠤᠭᠳᠠᠭᠠᠵᠤ᠂ ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ ᠶᠢᠨ ᠰᠦᠪᠡᠭᠴᠢᠯᠡᠯ ᠳᠤ ᠰᠢᠨ᠎ᠡ ᠠᠷᠭ᠎ᠠ ᠵᠠᠮ ᠢ ᠡᠷᠢᠯᠬᠢᠯᠡᠭᠰᠡᠨ | ᠪᠠᠶᠢᠨ᠎ᠠ᠃ ᠤᠯᠤᠰ ᠤᠨ ᠬᠦᠭᠵᠢᠬᠦᠯᠦᠯᠳᠡᠦᠬᠡᠷᠡᠴᠢᠯᠡᠯᠳᠡ ᠶᠢᠨ ᠵᠦᠪᠯᠡᠯ ᠪᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠱᠠᠭᠠᠷᠳᠠᠯᠭ᠎ᠠ ᠶᠤᠰᠤᠭᠠᠷ᠂ | ᠮᠠᠨ ᠤ ᠵᠦᠪᠯᠡᠯ ᠨᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠷᠴᠠᠭ ᠤᠨ ᠬᠠᠷᠠᠯᠳᠠᠳᠤ ᠦᠨ᠎ᠡ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ | ᠴᠢᠭ᠋ ᠤᠨ ᠠᠵᠢᠯ ᠢ ᠭᠡᠷᠡᠭᠵᠢᠬᠦᠯᠬᠦ ᠲᠦᠰᠦᠯ︾ ᠢ ᠲᠤᠭᠳᠠᠭᠠᠭᠰᠠᠨ ᠪᠠ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠪᠤᠷᠴᠠᠭ ᠦᠢᠯᠡᠳᠪᠦᠷᠢᠯᠡᠬᠦ ᠦᠪᠡᠷ ᠤᠨ ᠦᠷᠳᠡᠭ ᠢ | ᠪᠠᠶᠢᠴᠠᠭᠠᠬᠤ᠂ ᠵᠠᠬ᠎ᠠ ᠲᠡᠯᠭᠡᠭᠦᠷ ᠤᠨ ᠦᠨ᠎ᠡ ᠶᠢ ᠬᠢᠨᠠᠨ ᠦᠵᠡᠬᠦ ᠪᠠ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠵᠤᠬᠢᠶᠠᠨ ᠪᠠᠶᠢᠭᠤᠯᠤᠨ | ᠦᠷᠨᠢᠬᠦᠯᠦᠭᠰᠡᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠡᠷᠦᠬᠡ ᠳᠤ ᠬᠦᠨᠵᠡᠬᠡᠶᠢᠷᠡᠨ ᠪᠤᠷᠴᠠᠭ ᠲᠠᠷᠢᠬᠤ | ᠲᠡᠯᠠᠪᠠᠢ ᠶᠢᠨ ᠪᠠᠶᠢᠴᠠᠭᠠᠯᠳᠠ ᠶᠢᠨ ᠠᠵᠢᠯ ᠢ ᠦᠷᠨᠢᠬᠦᠯᠵᠤ᠂ ᠲᠠᠷᠢᠮᠠᠯ ᠤᠨ ᠡᠷᠦᠭᠡ ᠶᠢᠨ ᠨᠡᠷᠡᠰ ᠤᠨ ᠬᠦᠰᠦᠨᠦᠭᠳᠤ ᠶᠢ ᠨᠠᠶᠢᠷᠠᠭᠤᠯᠤᠨ ᠭᠠᠷᠭᠠᠵᠤ᠂ ᠲᠦᠪ ᠤᠨ ᠡᠳ᠋ ᠤᠨ | ᠵᠠᠰᠠᠭ ᠤᠨ ᠮᠠᠨ ᠤ ᠤᠷᠤᠨ ᠳᠤ ᠪᠠᠭᠤᠯᠭᠠᠭᠰᠠᠨ ᠦᠨ᠎ᠡ ᠬᠠᠩᠰᠢ ᠶᠢᠨ ᠨᠦᠬᠦᠪᠦᠷᠢ ᠶᠢᠨ ᠪᠡᠯᠡ ᠮᠦᠩᠬᠦ ᠶᠢ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ | ᠤᠶᠠᠯᠳᠤᠭᠤᠯᠤᠨ᠂ ᠪᠤᠳᠠᠳᠠᠢ ᠨᠦᠬᠦᠪᠦᠷᠢᠯᠡᠬᠦ ᠰᠠᠨᠠᠯ ᠲᠤᠷᠠᠳᠴᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠤᠭᠡᠳ᠂ 2014 | ᠤᠨ ᠤ ᠨᠦᠬᠦᠪᠦᠷᠢ ᠶᠢ ᠪᠤᠷᠴᠠᠭ ᠤᠨ ᠲᠠᠷᠢᠮᠠᠯ ᠤᠨ ᠡᠷᠦᠬᠡ ᠳᠤ ᠨᠢᠬᠡᠨᠳᠡ ᠦᠨᠳᠦᠰᠦᠨ ᠳᠡᠭᠡᠨ ᠦᠭᠬᠦᠭᠰᠡᠨ ᠪᠠᠶᠢᠨ᠎ᠠ᠃ 2015 ᠤᠨ ᠤ ᠲᠤᠷᠰᠢᠯᠳᠠ ᠶᠢᠨ ᠴᠢᠭ᠋ | ᠤᠨ ᠠᠵᠢᠯ ᠶᠠᠭ ᠰᠠᠶᠢᠬᠠᠨ ᠠᠯᠬᠤᠮ ᠲᠠᠷᠠᠭ᠎ᠠ ᠲᠠᠢ ᠶᠠᠪᠤᠭᠳᠠᠵᠤ ᠪᠠᠶᠢᠨ᠎ᠠ᠃ ᠮᠠᠨ ᠤ ᠤᠷᠤᠨ ᠤ ᠪᠤᠷᠴᠠᠭ ᠤᠨ ᠬᠠᠷᠠᠯᠳᠠᠳᠤ ᠦᠨ᠎ᠡ ᠶᠢ ᠦᠬᠡᠷᠡᠴᠢᠯᠡᠬᠦ ᠲᠤᠷᠰᠢᠯᠳᠠ ᠶᠢᠨ | ᠴᠢᠭ᠋ ᠨᠢ ᠲᠠᠷᠢᠶᠠᠴᠢᠳ ᠤᠨ ᠲᠠᠷᠢᠮᠠᠯ ᠤᠨ ᠦᠷ᠎ᠡ ᠠᠰᠢᠭ ᠢ ᠪᠠᠳᠤᠯᠠᠭᠰᠠᠨ ᠮᠦᠷᠳᠡᠭᠡᠨ ᠤᠯᠤᠰ ᠤᠨ ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ ᠬᠠᠩᠰᠢ ᠪᠤᠢ ᠪᠤᠯᠬᠤ | ᠶᠢ ᠲᠡᠬᠦᠯᠳᠡᠷᠵᠢᠬᠦᠯᠬᠦ ᠳᠤ ᠪᠦᠳᠦᠮᠵᠢᠳᠠᠢ ᠰᠦᠪᠡᠭᠴᠢᠯᠡᠯᠳᠡ ᠬᠢᠵᠤ᠂ ᠮᠦᠨᠴᠤ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ | ᠰᠢᠮ᠎ᠡ ᠶᠢᠨ ᠦᠨ᠎ᠡ ᠬᠠᠩᠰᠢ ᠪᠤᠢ ᠪᠤᠯᠬᠤ ᠲᠤᠭᠳᠠᠴᠠ ᠶᠢ ᠲᠡᠭᠦᠯᠳᠡᠷᠵᠢᠬᠦᠯᠬᠦ ᠳᠤ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ | ᠭᠦᠳᠦᠯᠦᠭᠴᠢ᠄ | ᠲᠠᠨ ᠤ ᠲᠠᠶᠢᠯᠪᠤᠷᠢ ᠠᠴᠠ ᠴᠠᠬᠢᠯᠭᠠᠨ ᠲᠠᠮᠵᠢᠭᠤᠯᠤᠨ ᠬᠦᠷᠭᠡᠬᠦ ᠦᠨ᠎ᠡ ᠶᠢ ᠦᠬᠡᠷᠡᠴᠢᠯᠡᠬᠦ ᠪᠠ ᠪᠤᠷᠴᠠᠭ ᠤᠨ ᠬᠠᠷᠠᠯᠳᠠᠳᠤ ᠦᠨ᠎ᠡ ᠶᠢ ᠦᠭᠡᠷᠡᠴᠢᠯᠡᠬᠦ ᠤᠳᠬ᠎ᠠ | ᠤᠴᠢᠷ ᠪᠤᠯᠤᠨ ᠦᠬᠡᠷᠡᠴᠢᠯᠡᠬᠦ ᠴᠢᠬᠤᠯᠠ ᠠᠴᠢ ᠬᠤᠯᠪᠤᠭᠳᠠᠯ ᠵᠢᠴᠢ ᠦᠢᠯᠡᠳᠦᠯ ᠢ ᠦᠨᠳᠤᠰᠦᠨ ᠳᠡᠭᠡᠨ ᠤᠯᠠᠨ ᠢᠶᠠᠷ ᠢᠶᠠᠨ ᠤᠶᠢᠯᠠᠭᠠᠯ᠎ᠠ᠂ ᠡᠨᠡᠬᠦ ᠬᠤᠶᠠᠷ ᠴᠢᠬᠤᠯᠠ | ᠬᠦᠷᠢᠶᠡᠨ ᠳᠤ᠂ ᠮᠠᠨ ᠤ ᠤᠷᠤᠨ ᠤᠯᠤᠰ ᠤᠨ ᠦᠨ᠎ᠡ ᠬᠠᠩᠰᠢ ᠶᠢ ᠦᠬᠡᠷᠡᠴᠢᠯᠡᠬᠦ ᠲᠦᠷᠦᠭᠦᠴᠢ ᠪᠤᠯᠤᠭᠰᠠᠨ ᠨᠢ ᠮᠠᠨ ᠤ ᠦᠪᠦᠷ ᠮᠤᠩᠭᠤᠯᠴᠤᠳ ᠤᠨ ᠤᠮᠦᠭ᠌ᠰᠢᠪᠠᠰᠤ | ᠵᠤᠬᠢᠬᠤ ᠶᠠᠪᠤᠳᠠᠯ ᠪᠤᠯᠤᠨ᠎ᠠ᠃ | ᠸᠠᠩ ᠶᠢᠨ ᠪᠤᠤ᠄ | ᠬᠦᠳᠦᠯᠦᠭᠴᠢ ᠳᠤ ᠪᠠᠶᠠᠷᠯᠠᠯ᠎ᠠ ︕ ᠲᠡᠭᠡᠷ᠎ᠡ ᠶᠠᠷᠢᠭᠰᠠᠨ ᠤᠯᠤᠰ ᠤᠨ ᠬᠤᠶᠠᠷ ᠵᠦᠢᠯ ᠤᠨ ᠦᠨ᠎ᠡ ᠶᠢ ᠦᠭᠡᠷᠡᠴᠢᠯᠡᠬᠦ ᠲᠤᠷᠰᠢᠯᠳᠠ ᠶᠢᠨ ᠴᠢᠭ᠋ ᠤᠨ ᠠᠵᠢᠯ | ᠠᠴᠠ ᠭᠠᠳᠠᠨ᠎ᠠ᠂ ᠮᠠᠨ ᠤ ᠤᠷᠤᠨ ᠪᠠᠰᠠ ᠠᠯᠢ ᠤᠯᠠᠨ ᠭᠤᠤᠯᠳᠠᠯᠭ᠎ᠠ ᠲᠠᠢ ᠬᠦᠷᠢᠶᠡᠨ ᠤ ᠦᠨ᠎ᠡ ᠦᠬᠡᠷᠡᠴᠢᠯᠡᠯᠳᠠ ᠶᠢᠨ ᠠᠵᠢᠯ ᠢ ᠶᠠᠪᠤᠭᠳᠠᠭᠤᠯᠤᠭᠰᠠᠨ ᠪᠠᠶᠢᠨ᠎ᠠ᠃ | ᠡᠬᠢ ᠪᠠᠶᠠᠯᠢᠭ ᠤᠨ ᠡᠨᠧᠷᠬᠢ ᠶᠢᠨ ᠦᠨ᠎ᠡ ᠬᠠᠩᠰᠢ ᠶᠢᠨ ᠲᠠᠯ᠎ᠠ ᠪᠠᠷ᠂ ᠪᠢᠳᠡ ᠨᠡᠬᠦᠷᠡᠰᠤ ᠴᠠᠬᠢᠯᠭᠠᠨ ᠢ ᠬᠤᠯᠪᠤᠯᠴᠠᠬᠤ ᠲᠤᠭᠳᠠᠴᠠ ᠶᠢ ᠨᠠᠶᠢᠳᠠᠪᠤᠷᠢᠵᠢᠭᠤᠯᠵᠤ᠂ | ᠨᠡᠬᠦᠷᠡᠰᠤ ᠪᠠᠷ ᠭᠠᠷᠭᠠᠭᠰᠠᠨ ᠴᠠᠬᠢᠯᠭᠠᠨ ᠤ ᠰᠦᠯᠵᠢᠶᠡᠨ ᠳᠤ ᠭᠠᠷᠬᠤ ᠦᠨ᠎ᠡ ᠪᠠ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠤᠨ ᠪᠤᠷᠤᠯᠠᠭᠤᠯᠭ᠎ᠠ ᠶᠢᠨ | ᠴᠠᠬᠢᠯᠭᠠᠨ ᠤ ᠦᠨ᠎ᠡ ᠶᠢ ᠲᠤᠬᠢᠷᠠᠭᠤᠯᠤᠭᠰᠠᠨ ᠪᠠᠶᠢᠨ᠎ᠠ᠃ ᠰᠠᠭᠤᠭᠠᠯᠢ ᠠᠷᠠᠳ ᠤᠨ ᠪᠤᠰᠤ ᠪᠠᠶᠢᠭᠠᠯᠢ ᠶᠢᠨ ᠰᠢᠳᠠᠮᠠᠬᠠᠢ ᠬᠡᠢ ᠶᠢ ᠭᠡᠷᠡᠭᠯᠡᠬᠦ ᠦᠨ᠎ᠡ ᠶᠢ ᠲᠤᠬᠢᠷᠠᠭᠤᠯᠬᠤ | ᠲᠦᠷᠦ ᠶᠢᠨ ᠪᠤᠳᠤᠯᠭ᠎ᠠ ᠶᠢ ᠲᠤᠭᠳᠠᠭᠠᠪᠠ︔ ᠰᠠᠭᠤᠭᠠᠯᠢ ᠠᠷᠠᠳ ᠤᠨ ᠠᠮᠢᠳᠤᠷᠠᠯ ᠤᠨ ᠤᠰᠤᠨ ᠤ ᠱᠠᠳᠤᠯᠢᠭ ᠦᠨ᠎ᠡ᠂ ᠰᠢᠳᠠᠮᠠᠬᠠᠢ ᠬᠡᠢ ᠶᠢᠨ ᠱᠠᠳᠤᠯᠢᠭ ᠦᠨ᠎ᠡ ᠶᠢᠨ | ᠦᠬᠡᠷᠡᠴᠢᠯᠡᠯᠳᠡ ᠶᠢ ᠲᠦᠯᠬᠢᠨ ᠠᠬᠢᠭᠤᠯᠪᠡ︔ ᠤᠷᠴᠢᠨ ᠲᠤᠭᠤᠷᠢᠨ ᠤ ᠡᠬᠢ ᠪᠠᠶᠠᠯᠢᠭ ᠠᠴᠠ ᠰᠦᠢᠳᠭᠡᠯ ᠬᠤᠷᠢᠶᠠᠬᠤ ᠦᠬᠡᠷᠡᠴᠢᠯᠡᠯᠳᠡ ᠶᠢ ᠠᠬᠢᠭᠤᠯᠵᠤ᠂ ᠤᠰᠤᠨ ᠤ | ᠡᠬᠢ ᠪᠠᠶᠠᠯᠢᠭ ᠠᠴᠠ ᠰᠦᠢᠳᠭᠡᠯ ᠬᠤᠷᠢᠶᠠᠬᠤ ᠪᠠᠷᠢᠮᠵᠢᠶ᠎ᠠ ᠪᠠ ᠪᠤᠬᠢᠷ ᠤᠰᠤ ᠶᠢ ᠭᠠᠳᠠᠭᠰᠢᠯᠠᠭᠤᠯᠬᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠤᠬᠢᠷᠠᠭᠤᠯᠪᠡ︔ ᠵᠠᠮ | ᠲᠡᠭᠡᠭᠡᠪᠦᠷᠢ ᠶᠢᠨ ᠦᠨ᠎ᠡ ᠬᠠᠩᠰᠢ ᠶᠢᠨ ᠲᠠᠯ᠎ᠠ ᠪᠠᠷ᠂ ᠪᠢᠳᠡ ᠤᠷᠤᠨ ᠨᠤᠳᠤᠭ ᠤᠨ ᠲᠡᠮᠤᠷ ᠵᠠᠮ ᠤᠨ ᠲᠡᠭᠡᠭᠡᠪᠦᠷᠢ ᠶᠢᠨ ᠦᠨ᠎ᠡ ᠶᠢ ᠵᠠᠰᠠᠭ ᠤᠨ ᠤᠷᠳᠤᠨ ᠲᠤᠭᠳᠠᠭᠠᠵᠤ | ᠪᠠᠶᠢᠭᠰᠠᠨ ᠠᠴᠠ ᠦᠬᠡᠷᠡᠴᠢᠯᠡᠭᠡᠳ ᠵᠠᠰᠠᠭ ᠤᠨ ᠤᠷᠳᠤᠨ ᠵᠢᠭᠠᠨ ᠵᠢᠯᠤᠭᠤᠳᠬᠤ ᠪᠤᠯᠭᠭᠠᠰᠠᠨ ᠪᠠᠶᠢᠨ᠎ᠠ︔ ᠵᠠᠰᠠᠭ ᠤᠨ ᠤᠷᠳᠤᠨ ᠠᠴᠠ ᠵᠢᠭᠡᠯᠡᠯᠭᠡ ᠲᠦᠯᠦᠬᠦ | ᠬᠤᠶᠠᠳᠤᠭᠠᠷ ᠲᠡᠰ ᠤᠨ ᠵᠠᠰᠠᠮᠠᠯ ᠵᠠᠮ ᠠᠴᠠ ᠰᠦᠢᠳᠭᠡᠯ ᠬᠤᠷᠢᠶᠠᠬᠤ ᠲᠤᠷᠰᠢᠯᠳᠠ ᠶᠢᠨ ᠴᠢᠭ᠋ ᠤᠨ ᠠᠵᠢᠯ ᠢ ᠭᠦᠴᠦᠨ ᠦᠬᠡᠢ ᠪᠤᠯᠭᠠᠬᠤ ᠶᠢ ᠲᠦᠯᠬᠢᠨ ᠠᠬᠢᠭᠤᠯᠪᠠ︔ | ᠵᠠᠰᠠᠮᠠᠯ ᠵᠠᠮ ᠤᠨ ᠲᠡᠷᠭᠡ ᠨᠡᠪᠳᠡᠷᠡᠬᠦ ᠰᠦᠢᠳᠭᠡᠯ ᠤᠨ ᠪᠠᠷᠢᠮᠵᠢᠶ᠎ᠠ ᠶᠢ ᠨᠢᠭᠡᠳᠦᠯᠳᠡᠢ ᠲᠦᠷᠢᠮᠵᠢᠬᠦᠯᠵᠤ᠂ ᠰᠦᠢᠳᠭᠡᠯ ᠬᠤᠷᠢᠶᠠᠬᠤ ᠪᠠᠷᠢᠮᠵᠢᠶ᠎ᠠ ᠶᠢ 16% ᠪᠠᠷ | ᠲᠤᠷᠤᠭᠰᠢᠯᠠᠭᠤᠯᠵᠤ᠂ ᠠᠵᠤ ᠠᠬᠤᠶᠢᠯᠠᠯ ᠪᠤᠯᠤᠨ ᠨᠡᠶᠢᠭᠡᠮ ᠤᠨ ᠲᠠᠷᠤᠭᠠᠰᠤ ᠶᠢ ᠵᠢᠯ ᠪᠦᠷᠢ ᠠᠷᠪᠠᠨ ᠳ᠋ᠦᠩᠰᠢᠭᠤᠷ ᠲᠦᠭᠦᠷᠢᠭ ᠬᠦᠩᠭᠡᠯᠡᠪᠡ︔ ᠮᠠᠨ ᠤ ᠤᠷᠤᠨ ᠤ | ᠪᠠᠷᠠᠭᠤᠨ ᠭᠡᠰᠡᠭ ᠤᠨ ᠲᠡᠭᠡᠳᠤ ᠬᠤᠷᠳᠤ ᠶᠢᠨ ᠵᠠᠰᠠᠮᠠᠯ ᠵᠠᠮ ᠤᠨ ᠰᠦᠯᠵᠢᠶᠡᠨ ᠲᠡᠭᠡᠷ᠎ᠡ ᠰᠦᠢᠳᠭᠡᠯ ᠬᠤᠷᠢᠶᠠᠬᠤ ᠶᠢ ᠪᠡᠶᠡᠯᠡᠬᠦᠯᠵᠤ᠂ ᠵᠢᠷᠭᠤᠭᠠᠨ ᠰᠠᠷ᠎ᠠ ᠶᠢᠨ ᠰᠡᠬᠦᠯᠴᠢ | ᠪᠠᠷ ᠲᠡᠭᠡᠳᠤ ᠬᠤᠷᠳᠤ ᠶᠢᠨ ᠭᠤᠤᠯ ᠵᠠᠰᠠᠮᠠᠯ ᠵᠠᠮ ᠤᠨ ᠰᠦᠢᠳᠭᠡᠯ ᠬᠤᠷᠢᠶᠠᠬᠤ ᠦᠷᠳᠡᠭᠡ ᠶᠢ ᠪᠦᠬᠦᠨ ᠢ ᠦᠬᠡᠶᠢᠰᠭᠡᠪᠡ᠃ ᠡᠮ ᠤᠨ ᠵᠦᠢᠯ ᠤᠨ ᠦᠨ᠎ᠡ ᠬᠠᠩᠰᠢ ᠶᠢ | ᠦᠭᠡᠷᠡᠴᠢᠯᠡᠬᠦ ᠲᠠᠯ᠎ᠠ ᠪᠠᠷ᠂ ᠤᠯᠤᠰ ᠤᠨ ᠨᠢᠬᠡᠳᠦᠯᠳᠡᠢ ᠲᠤᠬᠢᠷᠠᠭᠤᠯᠤᠯᠳᠠ ᠶᠤᠰᠤᠭᠠᠷ᠂ ᠡᠮ ᠤᠨ ᠵᠦᠢᠯ ᠤᠨ ᠦᠨ᠎ᠡ ᠶᠢ ᠵᠠᠬ᠎ᠠ ᠲᠡᠯᠭᠡᠭᠦᠷ ᠠᠴᠠ ᠲᠤᠭᠳᠠᠭᠠᠬᠤ | ᠲᠤᠭᠳᠠᠴᠠ ᠶᠢ ᠪᠦᠬᠦ ᠲᠠᠯ᠎ᠠ ᠪᠠᠷ ᠭᠡᠷᠡᠭᠵᠢᠬᠦᠯᠪᠠ᠃ ᠡᠮ ᠤᠨ ᠵᠦᠢᠯ ᠤᠨ ᠦᠨ᠎ᠡ ᠶᠢ ᠴᠢᠯᠦᠭᠡᠳᠡᠢ ᠪᠤᠯᠭᠠᠭᠰᠠᠨ ᠤ ᠲᠠᠷᠠᠭ᠎ᠠ ᠵᠠᠬ᠎ᠠ ᠲᠡᠯᠭᠡᠭᠦᠷ ᠤᠨ ᠦᠨ᠎ᠡ ᠬᠠᠩᠰᠢ | ᠡᠮᠬᠢ ᠵᠢᠷᠤᠮ ᠦᠬᠡᠢ ᠪᠤᠯᠵᠤ ᠰᠠᠮᠠᠭᠤᠷᠠᠬᠤ ᠪᠠᠶᠢᠳᠠᠯ ᠡᠭᠦᠰᠬᠦ ᠠᠴᠠ ᠵᠠᠶᠢᠯᠠᠰᠬᠢᠬᠦ ᠶᠢᠨ ᠲᠤᠰᠠᠳᠠ᠂ ᠡᠮ ᠤᠨ ᠵᠦᠢᠯ ᠤᠨ ᠦᠢᠯᠡᠳᠪᠦᠷᠢᠯᠡᠯ ᠤᠨ ᠬᠦᠢᠯᠭᠡᠭᠡᠨ ᠤ ᠠᠵᠤ | ᠠᠬᠤᠶᠢᠯᠠᠯ᠂ ᠡᠮ ᠡᠮᠨᠡᠯᠭᠡ ᠶᠢᠨ ᠪᠠᠶᠢᠭᠤᠯᠤᠮᠵᠢ᠂ ᠵᠢᠵᠢᠭᠯᠡᠨ ᠪᠤᠷᠤᠯᠠᠭᠤᠯᠬᠤ ᠡᠮ ᠤᠨ ᠲᠡᠯᠭᠡᠭᠦᠷ ᠤᠳ ᠢ ᠤᠷᠤᠯᠴᠠᠭᠤᠯᠤᠭᠰᠠᠨ ᠦᠨ᠎ᠡ ᠬᠠᠩᠰᠢ ᠶᠢ ᠰᠠᠷᠠᠮᠵᠢᠯᠠᠨ | ᠴᠡᠭᠡᠷᠯᠡᠬᠦᠯᠬᠦ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠷᠠᠳᠢᠤ᠋ ᠲᠧᠯᠸᠢᠰ᠂ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠰᠦᠯᠵᠢᠶ᠎ᠡ ᠵᠡᠷᠭᠡ ᠪᠠᠷ | ᠲᠠᠮᠵᠢᠭᠤᠯᠤᠨ ᠤᠯᠤᠰ ᠠᠴᠠ ᠶᠡᠬᠡᠩᠬᠢ ᠡᠮ ᠤᠨ ᠵᠦᠢᠯ ᠤᠨ ᠦᠨ᠎ᠡ ᠶᠢ ᠴᠢᠯᠦᠭᠡᠳᠡᠢ ᠪᠤᠯᠭᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠬᠢᠨᠠᠮᠠᠭᠠᠢ ᠤᠬᠠᠭᠤᠯᠵᠤ᠂ | ᠡᠮ ᠤᠨ ᠵᠦᠢᠯ ᠤᠨ ᠦᠨ᠎ᠡ ᠶᠢ ᠴᠢᠯᠦᠭᠡᠳᠡᠢ ᠪᠤᠯᠭᠠᠭᠰᠠᠨ ᠨᠢ ᠡᠮ ᠤᠨ ᠵᠦᠢᠯ ᠤᠨ ᠦᠨ᠎ᠡ ᠶᠢᠨ ᠬᠢᠨᠠᠯᠳᠠ ᠬᠠᠮᠢᠶᠠᠷᠤᠯᠳᠠ ᠶᠢ ᠬᠦᠴᠦᠨ ᠦᠬᠡᠢ ᠪᠤᠯᠭᠠᠭᠰᠠᠨ ᠶᠠᠪᠤᠳᠠᠯ | ᠪᠢᠰᠢ᠂ ᠵᠦᠪᠬᠡᠨ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠳᠤ ᠬᠤᠪᠢᠷᠠᠯᠳᠠ ᠭᠠᠷᠤᠭᠰᠠᠨ ᠲᠡᠳᠦᠢ ᠶᠤᠮ᠂ ᠡᠯ᠎ᠡ ᠵᠦᠢᠯ ᠤᠨ ᠦᠨ᠎ᠡ ᠬᠠᠩᠰᠢ ᠶᠢᠨ ᠬᠠᠤᠯᠢ ᠠᠴᠠ | ᠵᠦᠷᠢᠴᠡᠬᠦ ᠦᠢᠯᠡ ᠠᠵᠢᠯᠯᠠᠭᠠᠨ ᠤ ᠢᠯᠡᠷᠡᠬᠦ ᠬᠡᠯᠪᠡᠷᠢ ᠶᠢ ᠵᠢᠭᠠᠨ ᠭᠠᠷᠭᠠᠵᠤ᠂ ᠡᠮ ᠤᠨ ᠵᠦᠢᠯ ᠤᠨ ᠦᠢᠯᠡᠳᠪᠦᠷᠢᠯᠡᠯ ᠤᠨ ᠬᠦᠢᠯᠭᠡᠭᠡᠨ ᠤ ᠠᠵᠤ ᠠᠬᠤᠶᠢᠯᠠᠯ᠂ ᠡᠮ | ᠡᠮᠨᠡᠯᠭᠡ ᠶᠢᠨ ᠪᠠᠶᠢᠭᠤᠯᠤᠮᠵᠢ᠂ ᠵᠢᠵᠢᠭᠯᠡᠨ ᠪᠤᠷᠤᠯᠠᠭᠤᠯᠬᠤ ᠡᠮ ᠤᠨ ᠲᠡᠯᠭᠡᠭᠦᠷ ᠤᠳ ᠢ ᠦᠨ᠎ᠡ ᠶᠢᠨ ᠬᠠᠮᠢᠶᠠᠳᠠᠢ ᠬᠠᠤᠯᠢ ᠴᠠᠭᠠᠵᠠ ᠬᠠᠤᠯᠢ ᠲᠦᠷᠢᠮ ᠢ ᠤᠬᠠᠮᠰᠠᠷ ᠠᠴᠠ | ᠪᠠᠨ ᠵᠢᠷᠤᠮᠯᠠᠬᠤ ᠶᠢ ᠰᠡᠷᠡᠮᠵᠢᠯᠡᠬᠦᠯᠤᠭᠡᠳ᠂ ᠨᠡᠯᠢᠶᠡᠳ ᠰᠠᠶᠢᠨ ᠦᠷ᠎ᠡ ᠪᠦᠳᠦᠮᠵᠢ ᠤᠯᠤᠭᠰᠠᠨ ᠪᠠᠶᠢᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ | ᠲᠠᠯ᠎ᠠ ᠪᠠᠷ᠂ ᠪᠢᠳᠡ ᠬᠤᠶᠠᠷ ᠵᠢᠯ ᠭᠠᠷᠤᠢ ᠶᠢᠨ ᠴᠠᠭ ᠵᠠᠷᠤᠴᠠᠭᠤᠯᠵᠤ᠂ 8756 ᠵᠦᠢᠯ ᠤᠨ ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ | ᠶᠢᠨ ᠦᠪᠡᠷ ᠤᠨ ᠦᠷᠳᠡᠭ ᠢ ᠵᠢᠱᠢᠨ ᠪᠤᠳᠤᠯᠳᠠ ᠶᠢ ᠪᠡᠶᠡᠯᠡᠬᠦᠯᠵᠤ᠂ ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢ ᠲᠤᠬᠢᠷᠠᠭᠤᠯᠬᠤ | ᠲᠦᠰᠦᠯ ᠲᠤᠭᠳᠠᠭᠠᠵᠤ᠂ ᠦᠨ᠎ᠡ ᠬᠠᠩᠰᠢ ᠶᠢᠨ ᠭᠡᠷᠡᠴᠢᠯᠡᠯᠳᠡ ᠰᠤᠨᠤᠰᠬᠤ ᠬᠤᠷᠠᠯ ᠢ ᠠᠮᠵᠢᠯᠳᠠᠳᠠᠢ ᠬᠤᠷᠠᠯᠳᠤᠭᠤᠯᠤᠭᠰᠠᠨ ᠤ ᠬᠠᠮᠳᠤ ᠦᠨ᠎ᠡ ᠲᠤᠬᠢᠷᠠᠭᠤᠯᠬᠤ ᠨᠡᠶᠢᠭᠡᠮ | ᠤᠨ ᠲᠦᠭᠰᠢᠬᠦᠷᠢ ᠶᠢᠨ ᠦᠨᠡᠯᠡᠨ ᠵᠢᠱᠢᠯᠳᠠ ᠶᠢ ᠬᠢᠵᠤ᠂ 10 ᠳ᠋ᠤᠭᠠᠷ ᠰᠠᠷ᠎ᠠ ᠶᠢᠨ ᠡᠬᠢᠨ ᠢᠶᠠᠷ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ | ᠮᠡᠳᠡᠬᠦᠯᠵᠤ ᠬᠢᠨᠠᠨ ᠲᠤᠭᠳᠠᠭᠠᠯᠭᠠᠪᠠ᠃ 2016 ᠤᠨ ᠤ ᠡᠬᠢᠨ ᠳᠤ᠂ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠬᠡᠷᠡᠴᠢᠯᠡᠯᠳᠡ | ᠶᠢᠨ ᠲᠤᠷᠰᠢᠯᠳᠠ ᠶᠢᠨ ᠴᠢᠭ᠋ ᠤᠨ ᠤᠷᠤᠨ ᠳᠤ ᠰᠢᠨ᠎ᠡ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠶᠢ ᠤᠷᠢᠳᠡᠪᠡᠷ ᠲᠤᠷᠰᠢᠨ | ᠭᠡᠷᠡᠭᠵᠢᠬᠦᠯᠵᠤ᠂ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠬᠡᠷᠡᠴᠢᠯᠡᠯᠳᠡ ᠶᠢ ᠠᠬᠢᠭᠤᠯᠪᠠ︔ ᠮᠤᠩᠭᠤᠯ ᠡᠮᠨᠡᠯᠭᠡ ᠶᠢᠨ ᠡᠮᠴᠢᠯᠡᠭᠡᠨ | ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠶᠢ ᠰᠢᠨ᠎ᠡ ᠪᠠᠷ ᠨᠡᠮᠡᠬᠦ ᠪᠠ ᠲᠤᠬᠢᠷᠠᠭᠤᠯᠬᠤ ᠪᠠᠷ ᠲᠠᠮᠵᠢᠭᠤᠯᠤᠨ᠂ ᠮᠤᠩᠭᠤᠯ ᠡᠮᠨᠡᠯᠭᠡ ᠶᠢᠨ ᠡᠮᠴᠢᠯᠡᠭᠡᠨ ᠤ ᠮᠡᠷᠭᠡᠵᠢᠯ | ᠡᠮᠨᠡᠯᠭᠡ ᠶᠢᠨ ᠠᠵᠢᠯᠳᠠᠨ ᠤ ᠦᠢᠯᠡᠴᠢᠯᠡᠬᠦ ᠦᠷᠳᠡᠭ ᠢ ᠢᠯᠡᠷᠡᠬᠦᠯᠵᠤ᠂ ᠮᠤᠩᠭᠤᠯ ᠡᠮᠨᠡᠯᠭᠡ ᠶᠢᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠠᠬᠢᠭᠤᠯᠪᠠ︔ ᠬᠤᠰᠢᠭᠤ | ᠰᠢᠶᠠᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠬᠡᠷᠡᠴᠢᠯᠡᠯᠳᠡ ᠯᠤᠭ᠎ᠠ ᠤᠶᠠᠯᠳᠤᠭᠤᠯᠵᠤ᠂ ᠲᠤᠷᠰᠢᠯᠳᠠ ᠶᠢᠨ ᠴᠢᠭ᠋ ᠤᠨ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠨ᠎ᠡ ᠨᠡᠮᠡᠬᠦ ᠶᠢ ᠪᠦᠬᠦᠨ ᠢ ᠬᠦᠴᠦᠨ ᠦᠬᠡᠢ ᠪᠤᠯᠭᠠᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢ | ᠲᠤᠬᠢᠷᠠᠭᠤᠯᠬᠤ ᠲᠦᠰᠦᠯ ᠢ ᠲᠠᠷᠤᠶᠢᠬᠠᠨ ᠲᠤᠭᠳᠠᠭᠠᠵᠤ᠂ ᠬᠤᠰᠢᠭᠤ ᠰᠢᠶᠠᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠦᠬᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠶᠢ ᠲᠦᠷᠭᠡᠭᠡᠨ ᠭᠡᠷᠡᠭᠵᠢᠬᠦᠯᠦᠭᠳᠡᠬᠦ ᠶᠢ ᠲᠦᠯᠬᠢᠨ ᠠᠬᠢᠭᠤᠯᠪᠡ᠃ | ᠬᠥᠲᠥᠯᠥᠭᠴᠢ᠄ | ᠤᠢᠢᠷ᠎ᠠ ᠳᠤ ᠪᠢ ᠰᠦᠯᠵᠢᠶᠡᠨ ᠳᠡᠭᠡᠷ᠎ᠡ ᠠᠴᠠ ᠪᠠᠰᠠ ᠨᠢᠭᠡ ᠮᠡᠳᠡᠭᠡ ᠣᠯᠵᠤ ᠦᠵᠡᠪᠡ᠂ ᠶᠡᠭᠡ ᠲᠥᠯᠥᠪ ᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠪᠣᠯᠤᠨ ᠬᠥᠭᠵᠢᠭᠦᠯᠦᠯᠲᠡ ᠦᠭᠡᠷᠡᠴᠢᠯᠠᠯᠠᠲᠠ ᠶᠢᠨ ᠵᠥᠪᠯᠡᠯ ᠵᠡᠷᠭᠡ 11 ᠰᠠᠯᠠᠭ᠎ᠠ ᠮᠥᠴᠢᠷ ᠤᠨ ᠨᠡᠶᠢᠲᠡ 18 ᠵᠦᠢᠯ ᠤᠨ ᠵᠠᠰᠠᠭ | ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠭᠰᠡᠨ ᠪᠥᠭᠡᠳ 6 ᠵᠦᠢᠯ ᠤᠨ ᠵᠠᠰᠠᠭ ᠵᠠᠬᠢᠷᠭᠠᠨ ᠤ | ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠣᠷᠣᠭᠰᠢᠯᠠᠭᠤᠯᠪᠠ᠃ ᠡᠨᠡᠬᠦ ᠠᠵᠢᠯ ᠨᠢ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠭᠤᠯᠭ᠎ᠠ | ᠪᠣᠯᠬᠤ ᠤᠤ︖ | ᠸᠠᠩ ᠶᠢᠨ ᠪᠤᠤ᠄ | ᠦᠵᠡᠭᠡᠳ ᠪᠠᠶᠢᠬᠤ ᠳᠤ ᠬᠥᠲᠥᠯᠥᠭᠴᠢ ᠮᠦᠨ ᠴᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠯᠢᠶᠡᠳ ᠠᠩᠬᠠᠷᠳᠠᠭ ᠶᠤᠮ ᠪᠠᠶᠢᠨ᠎ᠠ᠃ ᠳᠣᠣᠷ᠎ᠠ ᠪᠢ | ᠳᠠᠶᠠᠭᠠᠷ ᠲᠤ ᠲᠠᠨᠢᠯᠴᠠᠭᠤᠯᠬᠤ ᠭᠡᠵᠦ ᠪᠠᠶᠢᠭ᠎ᠠ ᠨᠢ ᠳᠠᠷᠤᠢ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢᠨ ᠥᠭᠡᠷᠡᠴᠢᠯᠡᠯᠲᠡ ᠪᠣᠯᠣᠨ᠎ᠠ᠂ ᠲᠠᠨ ᠤ ᠳᠡᠭᠡᠷ᠎ᠡ | ᠳᠤᠷᠠᠳᠤᠭᠰᠠᠨ᠂ ᠡᠨᠡ ᠵᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠ ᠳᠣᠷᠣᠭᠰᠢᠯᠠᠭᠤᠯᠬᠤ ᠲᠥᠷᠥ ᠶᠢᠨ ᠪᠤᠳᠤᠯᠭ᠎ᠠ ᠮᠥᠨ ᠴᠦ ᠲᠡᠭᠦᠨ ᠤ ᠳᠣᠲᠣᠷᠠᠬᠢ ᠨᠢᠭᠡ ᠬᠡᠰᠡᠭ ᠠᠵᠢᠯ | ᠮᠦᠨ᠃ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠪᠢᠳᠡ ᠭᠤᠣᠯᠳᠠᠭᠤ ᠳᠥᠷᠪᠡᠨ ᠲᠠᠯ᠎ᠠ ᠶᠢᠨ ᠠᠵᠢᠯ ᠬᠢᠪᠡ᠃ ᠨᠢᠭᠡ ᠳᠤ | ᠰᠦᠢᠳᠬᠡᠯ ᠬᠤᠷᠢᠶᠠᠬᠤ ᠬᠢᠨᠠᠨ ᠵᠥᠪᠰᠢᠶᠡᠷᠡᠯ ᠤᠨ ᠠᠷᠭ᠎ᠠ ᠬᠡᠯᠪᠡᠷᠢ ᠶᠢ ᠰᠠᠶᠢᠵᠢᠷᠠᠭᠤᠯᠪᠠ᠃ ᠰᠦᠢᠳᠬᠡᠯ ᠬᠤᠷᠢᠶᠠᠬᠤ ᠲᠥᠷᠥᠯ ᠵᠦᠢᠯ ᠤᠨ ᠥᠪᠡᠷ ᠤᠨ ᠦᠷᠳᠡᠭ ᠢ | ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠶᠠᠪᠤᠴᠠ ᠶᠢ ᠢᠯᠡ ᠪᠣᠯᠭᠠᠵᠤ᠂ ᠰᠦᠢᠳᠬᠡᠯ ᠬᠤᠷᠢᠶᠠᠬᠤ ᠬᠢᠨᠠᠨ | ᠵᠥᠪᠰᠢᠶᠡᠷᠡᠯ ᠤᠨ ᠢᠯᠡ ᠲᠣᠳᠣ᠂ ᠲᠥᠪ ᠭᠤᠣᠯᠴᠢ᠂ ᠲᠥᠪ ᠴᠢᠬᠡᠴᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃ ᠬᠢᠨᠠᠨ ᠵᠥᠪᠰᠢᠶᠡᠷᠡᠯ ᠢ ︽ᠵᠢᠵᠢᠭᠯᠡᠨ ᠬᠤᠳᠠᠯᠳᠤᠬᠤ︾ | ᠮᠠᠶ᠋ᠢᠭ ᠠᠴᠠ ︽ᠪᠥᠭᠡᠮ ᠢᠶᠠᠷ ᠬᠤᠳᠠᠯᠳᠤᠬᠤ︾ ᠮᠠᠶ᠋ᠢᠭ ᠪᠣᠯᠭᠠᠨ ᠬᠤᠪᠢᠷᠠᠭᠤᠯᠬᠤ ᠶᠢ ᠢᠳᠡᠪᠬᠢᠲᠡᠢ ᠰᠥᠪᠡᠭᠴᠢᠯᠡᠵᠦ᠂ ᠨᠢᠭᠡ ᠰᠦᠢᠳᠬᠡᠯ ᠬᠤᠷᠢᠶᠠᠬᠤ ᠲᠥᠷᠥᠯ ᠵᠦᠢᠯ | ᠳᠤ ᠨᠢᠭᠡ ᠬᠢᠨᠠᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠬᠢᠵᠦ ᠥᠭᠬᠦ ᠤᠯᠠᠮᠵᠢᠯᠠᠯᠲᠤ ᠠᠷᠭ᠎ᠠ ᠶᠢ ᠰᠠᠯᠠᠭ᠎ᠠ ᠮᠥᠴᠢᠷ᠂ ᠠᠵᠢᠯ ᠲᠦᠷᠦᠯ᠂ ᠢᠵᠢᠯᠢ ᠲᠥᠷᠥᠯ | ᠵᠦᠢᠯ ᠤᠨ ᠶᠣᠰᠣᠭᠠᠷ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠬᠤ ᠪᠣᠯᠭᠠᠵᠤ ᠬᠤᠪᠢᠷᠠᠭᠤᠯᠤᠭᠰᠠᠨ ᠪᠥᠭᠡᠳ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠪᠡ᠃ | ᠵᠢᠱᠢᠶᠡᠯᠡᠪᠡᠯ ᠵᠠᠰᠠᠮᠠᠯ ᠵᠠᠮ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠢᠭᠡᠳᠬᠡᠵᠦ᠂ ᠵᠠᠰᠠᠮᠠᠯ ᠵᠠᠮ ᠪᠦᠷᠢ ᠶᠢ ᠲᠤᠰ ᠲᠤᠰ ᠴᠤᠬᠤᠯᠠᠪᠤᠷᠢᠯᠠᠨ ᠵᠥᠪᠰᠢᠶᠡᠷᠡᠬᠦ ᠪᠢᠰᠢ | ᠪᠣᠯᠭᠠᠵᠤ᠂ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠪᠠᠭᠠᠰᠬᠠᠪᠠ︔ ᠮᠠᠨ ᠤ ᠣᠷᠣᠨ ᠤ ᠳᠡᠭᠡᠳᠦ | ᠵᠡᠷᠭᠡ ᠶᠢᠨ ᠰᠤᠷᠭᠠᠭᠤᠯᠢ ᠨᠤᠭᠤᠳ ᠤᠨ ᠬᠤᠨᠤᠭ ᠤᠨ ᠵᠠᠷᠤᠳᠠᠯ ᠤᠨ ᠪᠠᠷᠢᠮᠵᠢᠶ᠎ᠠ ᠶᠢ ᠨᠢᠭᠡᠳᠬᠡᠵᠦ᠂ ᠨᠡᠶᠢᠭᠡᠮ ᠤᠨ ᠬᠦᠷᠦᠩᠭᠡ ᠪᠠᠷ ᠪᠠᠶᠢᠭᠤᠯᠤᠭᠰᠠᠨ ᠨᠡᠶᠢᠲᠡ ᠶᠢᠨ | ᠪᠠᠶᠢᠷᠢ ᠶᠢ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠨᠢᠭᠡᠳᠦᠯᠲᠡᠶ ᠬᠠᠮᠢᠶᠠᠷᠬᠤ ᠵᠠᠭᠪᠤᠷᠰᠢᠯ ᠢ ᠠᠪᠤᠪᠠ︔ ᠰᠤᠷᠭᠠᠭᠤᠯᠢ ᠬᠢᠭᠡᠳ ᠠᠵᠤ ᠠᠬᠤᠶᠢᠯᠠᠯ ᠬᠠᠮᠲᠤᠷᠠᠨ | ᠡᠷᠬᠢᠯᠡᠭᠰᠡᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠢᠭᠡᠳᠦᠯᠲᠡᠢ ᠪᠠᠭᠤᠷᠠᠭᠤᠯᠵᠤ᠂ ᠰᠤᠷᠤᠭᠴᠢ ᠨᠢᠭᠡᠪᠦᠷᠢ ᠠᠴᠠ ᠰᠤᠷᠤᠯᠭ᠎ᠠ ᠶᠢᠨ ᠬᠤᠭᠤᠴᠠᠭ᠎ᠠ | ᠪᠦᠷᠢ ᠳᠤ 13000 -16700 ᠲᠥᠭᠦᠷᠢᠭ ᠬᠤᠷᠢᠶᠠᠵᠤ ᠪᠠᠶᠢᠭᠰᠠᠨ ᠢ ᠰᠤᠷᠤᠭᠴᠢ ᠨᠢᠭᠡᠪᠦᠷᠢ ᠠᠴᠠ ᠰᠤᠷᠤᠯᠭ᠎ᠠ ᠶᠢᠨ ᠬᠤᠭᠤᠴᠠᠭ᠎ᠠ ᠪᠦᠷᠢ ᠳᠤ 10000 | ᠲᠥᠭᠦᠷᠢᠭ ᠬᠤᠷᠢᠶᠠᠬᠤ ᠪᠣᠯᠭᠠᠨ ᠪᠠᠭᠤᠷᠠᠭᠤᠯᠵᠤ᠂ ᠵᠢᠯ ᠪᠦᠷᠢ ᠳᠤ ᠰᠤᠷᠤᠭᠴᠢᠳ ᠤᠨ ᠳᠠᠷᠤᠭᠠᠰᠤ ᠶᠢ ᠨᠡᠶᠢᠲᠡ 1000 ᠲᠦᠮᠡᠨ ᠲᠥᠭᠦᠷᠢᠭ ᠬᠥᠩᠭᠡᠯᠡᠪᠡ᠃ ᠡᠨᠡ ᠬᠦ | ᠬᠠᠮᠢᠶᠠᠷᠤᠯᠲᠠ ᠶᠢᠨ ᠠᠷᠭ᠎ᠠ ᠶᠢ ᠰᠠᠶᠢᠵᠢᠷᠠᠭᠤᠯᠬᠤ ᠨᠢ᠂ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ ᠶᠡᠭᠡ ᠪᠠᠷ ᠬᠥᠩᠭᠡᠷᠡᠭᠦᠯᠦᠭᠰᠡᠨ ᠮᠥᠷᠲᠡᠭᠡᠨ | ᠬᠠᠮᠢᠶᠠᠷᠤᠭᠳᠠᠭᠴᠢᠳ ᠲᠤ ᠴᠤ ᠲᠤᠶᠢᠯ ᠤᠨ ᠳᠦᠭᠦᠮ ᠳᠦᠳᠡ ᠪᠣᠯᠵᠤ᠂ ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠴᠦᠬᠡᠳᠬᠡᠵᠦ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠠᠯᠠᠭᠤᠨ ᠬᠦᠷᠢᠶᠡᠯᠡᠯ ᠢ ᠣᠯᠵᠠᠶ᠃ | ᠬᠤᠶᠠᠷ ᠲᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠥᠭᠡᠷᠡᠴᠢᠯᠡᠪᠡ᠃ ᠰᠦᠢᠳᠬᠡᠯ ᠬᠤᠷᠢᠶᠠᠬᠤ ᠬᠠᠮᠢᠶᠠᠷᠤᠯᠲᠠ ᠳᠤ ᠰᠦᠢᠳᠬᠡᠯ | ᠬᠤᠷᠢᠶᠠᠬᠤ ᠵᠥᠪᠰᠢᠶᠡᠷᠡᠯ ᠤᠨ ᠦᠨᠡᠮᠯᠡᠯ ᠤᠨ ᠲᠦᠷᠢᠮ ᠢ ᠬᠡᠷᠡᠭᠵᠢᠭᠦᠯᠬᠦ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢᠶᠠᠷ ᠲᠣᠭᠲᠠᠭᠠᠭᠳᠠᠭᠰᠠᠨ ᠶᠤᠮ᠂ ᠤᠤᠯ ᠨᠢ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠬᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ | ᠶᠠᠪᠤᠳᠠᠯ ᠢ ᠵᠠᠰᠠᠬᠤ ᠳᠤ ᠢᠳᠡᠪᠬᠢ ᠦᠢᠯᠡᠳᠦᠯ ᠦᠵᠡᠭᠦᠯᠵᠡᠢ᠃ ᠭᠡᠪᠡᠴᠦ᠂ ᠰᠦᠢᠳᠬᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ ᠰᠣᠯᠢᠵᠤ ᠥᠭᠬᠦ ᠪᠠ ᠣᠨ ᠤ ᠬᠢᠨᠠᠨ | ᠰᠢᠯᠭᠠᠬᠤ ᠳᠦᠷᠢᠮ ᠨᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯ ᠢ ᠬᠦᠨᠳᠦᠷᠡᠭᠦᠯᠦᠭᠰᠡᠨ ᠪᠦᠭᠡᠳ ᠪᠠᠰᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠱᠠᠭᠠᠷᠳᠠᠯᠭ᠎ᠠ ᠲᠠᠢ ᠨᠡᠶᠢᠴᠡᠬᠦ ᠦᠭᠡᠶ ᠪᠣᠯᠵᠠᠢ᠃ ᠮᠠᠨ ᠤ ᠵᠥᠪᠯᠡᠯ ᠤᠨ ᠰᠠᠨᠠᠭᠤᠯᠭ᠎ᠠ ᠪᠠᠷ᠂ ᠤᠯᠤᠰ ᠠᠴᠠ ᠪᠦᠬᠦ ᠤᠯᠤᠰ ᠤᠨ ᠬᠡᠪᠴᠢᠶᠡᠨ ᠳᠤ ᠡᠨᠡ ᠬᠦ | ᠲᠦᠷᠢᠮ ᠢ ᠬᠦᠴᠦᠨ ᠦᠭᠡᠶ ᠪᠣᠯᠭᠠᠪᠠ᠂ ᠮᠠᠨ ᠤ ᠵᠥᠪᠯᠡᠯ ᠵᠠᠰᠠᠭ ᠤᠨ ᠣᠷᠳᠣᠨ ᠠᠴᠠ ᠰᠦᠢᠳᠬᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ ᠣᠯᠭᠤᠬᠤ ᠪᠠ ᠣᠨ ᠤ | ᠬᠢᠨᠠᠨ ᠰᠢᠯᠭᠠᠯᠲᠠ ᠶᠢᠨ ᠲᠦᠷᠢᠮ ᠢ ᠬᠡᠷᠡᠭᠵᠢᠭᠦᠯᠬᠦ ᠶᠢ ᠵᠣᠭᠰᠤᠭᠠᠬᠤ ᠵᠢᠭᠠᠪᠤᠷᠢ ᠠᠪᠬᠤ ᠶᠢᠨ ᠬᠠᠮᠲᠤᠲᠠ᠂ ᠨᠡᠩ ᠰᠢᠨᠵᠢᠯᠡᠬᠦ ᠤᠬᠠᠭᠠᠨᠴᠢ ᠰᠦᠢᠳᠬᠡᠯ ᠬᠤᠷᠢᠶᠠᠬᠤ ᠶᠢ | ᠵᠠᠷᠯᠠᠨ ᠨᠡᠶᠢᠲᠡᠯᠡᠬᠦ ᠲᠦᠷᠢᠮ ᠪᠣᠯᠣᠨ ᠮᠡᠳᠡᠭᠦᠯᠬᠦ ᠳᠦᠷᠢᠮ ᠢ ᠪᠠᠶᠢᠭᠤᠯᠤᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠲᠣᠭᠲᠠᠭᠠᠯ ᠢ | ᠵᠠᠰᠠᠪᠤᠷᠢᠯᠠᠨ ᠲᠣᠭᠲᠠᠭᠠᠬᠤ ᠠᠵᠢᠯ ᠢ ᠡᠬᠢᠯᠡᠭᠦᠯᠪᠡ᠃ | ᠭᠤᠷᠪᠠ ᠳᠤ ᠭᠠᠷᠴᠠᠭ ᠤᠨ ᠨᠠᠷᠢᠨ ᠳᠠᠩᠰᠠᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠪᠠ᠃ ᠨᠢᠳᠤᠨᠤᠨ ᠠᠴᠠ ᠨᠠᠰᠢ᠂ ᠪᠢᠳᠡ ᠡᠯ᠎ᠡ ᠵᠦᠢᠯ ᠤᠨ ᠵᠠᠰᠠᠭ | ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠡᠵᠡᠩᠨᠡᠯᠲᠡ ᠶᠢᠨ ᠦᠢᠯᠡᠴᠢᠯᠡᠭᠡ ᠶᠢᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ | ᠬᠢᠨᠠᠮᠠᠭᠠᠢ ᠪᠠᠷ ᠡᠮᠬᠢᠯᠡᠵᠦ᠂ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠪᠣᠯᠣᠨ ᠰᠠᠭᠤᠷᠢ ᠮᠥᠩᠭᠦ ᠶᠢᠨ ᠭᠠᠷᠴᠠᠭ ᠤᠨ | ᠨᠠᠷᠢᠨ ᠳᠠᠩᠰᠠ︾ ᠶᠢ ᠡᠮᠬᠢᠯᠡᠨ ᠲᠢᠭᠯᠡᠭᠰᠡᠨ ᠪᠦᠭᠡᠳ ᠨᠡᠶᠢᠭᠡᠮ ᠳᠤ ᠨᠡᠶᠢᠲᠡᠯᠡᠨ ᠵᠠᠷᠯᠠᠪᠠ︔ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠠᠵᠢᠯ | ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠳᠠᠩᠰᠠ︾ ᠶᠢ ᠡᠳ᠋ ᠤᠨ ᠵᠠᠰᠠᠭ ᠤᠨ ᠬᠢᠨ ᠲᠠᠢ ᠬᠠᠮᠲᠤ ᠡᠮᠬᠢᠯᠡᠨ | ᠲᠢᠭᠯᠡᠭᠡᠳ ᠨᠡᠶᠢᠭᠡᠮ ᠳᠤ ᠨᠡᠶᠢᠲᠡᠯᠡᠪᠡ︔ ᠮᠠᠨ ᠤ ᠣᠷᠣᠨ ᠤ ︽ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠷᠢᠳᠠᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ | ᠲᠥᠷᠥᠯ ᠵᠦᠢᠯ ᠤᠨ ᠭᠠᠷᠴᠠᠭ ᠤᠨ ᠨᠠᠷᠢᠨ ᠳᠠᠩᠰᠠ︾᠂ ︽ᠵᠠᠰᠠᠭ ᠤᠨ ᠣᠷᠳᠣᠨ ᠤ ᠦᠨ᠎ᠡ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ | ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠳᠠᠩᠰᠠ︾ ᠪᠣᠯᠣᠨ ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠵᠠᠩᠭᠢᠯᠠᠭ᠎ᠠ ᠳᠠᠬᠢ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠡᠵᠡᠩᠨᠡᠯᠲᠡ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠤᠨ | ᠭᠠᠷᠴᠠᠭ ᠤᠨ ᠨᠠᠷᠢᠨ ᠳᠠᠩᠰᠠ︾ ᠶᠢ ᠪᠠᠶᠢᠭᠤᠯᠤᠨ ᠲᠣᠭᠲᠠᠭᠠᠬᠤ ᠶᠢᠨ ᠵᠡᠷᠭᠡᠴᠡᠭᠡᠪᠡᠷ᠂ ᠭᠠᠷᠴᠠᠭ ᠤᠨ ᠨᠠᠷᠢᠨ ᠳᠠᠩᠰᠠ ᠶᠢᠨ ᠬᠦᠷᠢᠶ᠎ᠡ ᠬᠡᠪᠴᠢᠶᠡᠨ ᠳᠤ ᠪᠠᠶᠢᠬᠤ ᠦᠭᠡᠢ | ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠢ ᠪᠣᠯᠭᠠᠨ᠂ ᠦᠯᠡᠮᠵᠢ ᠣᠯᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠵᠠᠶ᠃ | ᠲᠦᠷᠪᠡ ᠳᠤ ᠠᠵᠤ ᠠᠬᠤᠶᠢᠯᠠᠯ ᠤᠨ ᠳᠠᠷᠤᠭᠠᠰᠤ ᠶᠢ ᠶᠡᠬᠡᠪᠡᠷ ᠬᠦᠩᠭᠡᠷᠡᠭᠦᠯᠪᠡ᠃ ︽ᠪᠦᠬᠦ ᠣᠷᠣᠨ ᠤ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ | ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠭᠠᠷᠴᠠᠭ ᠤᠨ ᠨᠠᠷᠢᠨ ᠳᠠᠩᠰᠠ︾ | ᠶᠢ ᠨᠡᠶᠢᠲᠡᠯᠡᠭᠰᠡᠨ ᠤ ᠬᠠᠮᠲᠤ ᠠᠵᠤ ᠠᠬᠤᠶᠢᠯᠠᠯ ᠳᠤ ᠬᠤᠯᠪᠣᠭᠳᠠᠭᠰᠠᠨ 5 ᠵᠦᠢᠯ ᠤᠨ ᠰᠦᠢᠳᠬᠡᠯ ᠬᠤᠷᠢᠶᠠᠯᠲᠠ ᠶᠢ ᠬᠦᠴᠦᠨ ᠦᠭᠡᠢ ᠪᠣᠯᠭᠠᠵᠤ᠂ ᠵᠢᠱᠢᠯᠲᠡ ᠪᠠᠷ ᠵᠢᠯ | ᠪᠦᠷᠢ ᠠᠵᠤ ᠠᠬᠤᠶᠢᠯᠠᠯ ᠤᠨ 10 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠬᠥᠩᠭᠡᠯᠡᠬᠦ ᠪᠣᠯᠣᠨ᠎ᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ12 ᠲᠥᠷᠥᠯ ᠵᠦᠢᠯ ᠢ ᠦᠭᠡᠶᠢᠰᠬᠡᠬᠦ ᠪᠤᠶᠤ ᠵᠣᠭᠰᠤᠭᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ | ᠴᠢᠨᠠᠷᠲᠠᠶ 42 ᠵᠦᠢᠯ ᠤᠨ ᠰᠦᠢᠳᠬᠡᠯ ᠢ ᠨᠢ ᠬᠡᠯᠲᠦᠷᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠬᠦᠴᠦᠯᠡᠨ ᠳᠡᠮᠵᠢᠵᠦ᠂ ᠵᠢᠯ ᠳᠤ 5 | ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠨᠢ ᠬᠦᠩᠭᠡᠯᠡᠪᠡ᠃ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠣᠷᠣᠭᠰᠢᠯᠠᠭᠤᠯᠵᠤ᠂ ᠤᠤᠯ ᠤᠨ ᠪᠠᠷᠢᠮᠵᠢᠶ᠎ᠠ ᠠᠴᠠ 20% ᠪᠠᠷ ᠪᠠᠭᠤᠷᠠᠪᠠ᠂ ᠣᠨᠴᠠ ᠲᠦᠷᠦᠯ ᠤᠨ ᠲᠤᠨᠤᠭ | ᠲᠥᠬᠦᠭᠡᠷᠦᠮᠵᠢ ᠪᠣᠯᠣᠨ ᠳᠠᠷᠤᠯᠲᠠᠲᠤ ᠰᠠᠪᠠ ᠶᠢ ᠰᠢᠯᠭᠠᠨ ᠪᠠᠶᠢᠴᠠᠭᠠᠬᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠵᠤ᠂ ᠤᠤᠯ ᠤᠨ ᠪᠠᠷᠢᠮᠵᠢᠶᠠᠨ ᠤ ᠰᠠᠭᠤᠷᠢᠨ | ᠳᠡᠭᠡᠷ᠎ᠡ ᠠᠴᠠ 30% ᠪᠠᠷ ᠪᠠᠭᠤᠷᠠᠵᠤ᠂ ᠵᠢᠯ ᠪᠦᠷᠢ ᠠᠵᠤ ᠠᠬᠤᠶᠢᠯᠠᠯ ᠤᠨ 0.3 ᠳ᠋ᠦᠩᠰᠢᠭᠤᠷ ᠲᠦᠬᠦᠷᠢᠭ ᠤᠨ ᠳᠠᠷᠤᠭᠠᠰᠤ ᠶᠢ ᠬᠥᠩᠭᠡᠯᠡᠪᠡ᠃ ᠪᠠᠰᠠ ᠨᠢᠭᠡ ᠨᠢ | ᠬᠥᠲᠥᠯᠥᠭᠴᠢ ᠶᠢᠨ ᠳᠤᠷᠠᠳᠤᠭᠰᠠᠨᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ 18 ᠵᠦᠢᠯ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠵᠤ | ᠂ 6 ᠵᠦᠢᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠵᠤ᠂ ᠵᠢᠯ ᠳᠤ ᠨᠡᠶᠢᠭᠡᠮ ᠨᠡᠶᠢᠲᠡ ᠶᠢᠨ 2 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ | ᠬᠥᠩᠭᠡᠷᠡᠭᠦᠯᠪᠡ᠃ ᠳᠡᠭᠡᠷ᠎ᠡ ᠳᠤᠷᠠᠳᠤᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠢ ᠪᠣᠯᠭᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠪᠠᠭᠤᠷᠠᠭᠤᠯᠤᠭᠰᠠᠨ ᠵᠢᠴᠢ ᠴᠠᠬᠢᠯᠭᠠᠨ ᠤ ᠦᠨ᠎ᠡ ᠶᠢ ᠲᠣᠬᠢᠷᠠᠭᠤᠯᠬᠤ᠂ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠠᠴᠠ ᠭᠠᠷᠤᠭᠰᠠᠨ ᠠᠰᠢᠭ | ᠲᠤᠰᠠ ᠨᠢ ᠮᠠᠨ ᠤ ᠣᠷᠣᠨ ᠤ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ | ᠬᠥᠲᠥᠯᠥᠭᠴᠢ᠄ | ᠲᠠᠨ ᠤ ᠲᠠᠨᠢᠯᠴᠠᠭᠤᠯᠤᠯᠭ᠎ᠠ ᠪᠠᠷ ᠳᠠᠮᠵᠢᠭᠠᠳ᠂ ᠮᠠᠨ ᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠨᠢ ᠡᠶᠢᠮᠦ ᠠᠷᠪᠢᠨ ᠴᠢᠬᠤᠯᠠ ᠠᠵᠢᠯ ᠬᠢᠭᠰᠡᠨ ᠢ | ᠪᠢᠳᠡ ᠰᠠᠶᠢ ᠣᠯᠵᠤ ᠮᠡᠳᠡᠯ᠎ᠡ᠃ ᠴᠠᠭ ᠤᠨ ᠬᠠᠷᠠᠭ᠎ᠠ ᠠᠴᠠ ᠪᠣᠯᠵᠤ᠂ ᠮᠠᠨ ᠤ ᠥᠨᠥᠳᠦᠷ ᠤᠨ ᠶᠠᠷᠢᠯᠴᠠᠭ᠎ᠠ ᠪᠠᠨ ᠠᠳᠡ ᠬᠦᠷᠭᠡᠶ᠎ᠡ᠂ ᠸᠠᠩ ᠡᠷᠬᠢᠯᠡᠭᠴᠢ ᠮᠠᠨ ᠤ | ᠰᠤᠷᠪᠤᠯᠵᠢᠯᠠᠬᠤ ᠫᠷᠤᠭ᠍ᠷᠠᠮ ᠳᠤ ᠮᠣᠷᠢᠯᠠᠨ ᠰᠠᠭᠠᠲᠠᠭᠰᠠᠨ ᠳᠤ ᠲᠠᠯᠠᠷᠬᠠᠵᠦ ᠪᠠᠶᠢᠬᠤ ᠶᠢᠨ ᠵᠡᠷᠭᠡᠴᠡᠪᠡᠷ ᠰᠦᠯᠵᠢᠶᠡᠨ ᠠᠨᠳᠠ ᠨᠠᠷ ᠤᠨ ᠠᠩᠬᠠᠷᠤᠯ ᠳᠠᠭᠠᠨ ᠠᠪᠣᠭᠰᠠᠨ ᠳᠤ | ᠲᠤᠩ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕ | | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠤᠨ | ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ︾ ᠶᠢᠨ ᠵᠠᠭᠤᠴᠢ ᠶᠢᠨ ᠬᠢᠨ ᠤ ᠮᠡᠳᠡᠭᠡ ᠨᠡᠪᠲᠡᠷᠡᠯᠴᠡᠬᠦ ᠬᠤᠷᠠᠯ ᠬᠢᠵᠦ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ ᠬᠠᠷᠢᠶ᠎ᠠ ᠨᠢᠭᠡᠴᠡ ᠶᠢᠨ ᠢᠶᠠᠨ ᠳᠡᠭᠡᠳᠦ ᠳᠣᠣᠷᠠᠳᠤ ᠬᠠᠭᠠᠰ ᠵᠢᠯ ᠤᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ | ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ |