16. ᠤᠯᠠᠨ ᠨᠡᠶᠢᠳᠡ ᠶᠢᠨ ᠲᠠᠯᠠᠪᠤᠷ ᠤᠨ ᠭᠡᠨᠡᠳᠳᠡ ᠶᠢᠨ ᠲᠥᠭᠰᠢᠬᠦᠷᠢ ᠲᠠᠢ ᠪᠠᠶᠢᠳᠠᠯ
ᠨᠡᠶᠢᠲᠡᠯᠡᠭᠰᠡᠨ ᠴᠠᠭ᠄
2015/11/17
       ︵1︶ ᠪᠥᠮᠪᠥᠭᠡᠨ ᠲᠠᠯᠠᠪᠠᠢ ᠶᠢᠨ ᠰᠠᠮᠠᠭᠤᠷᠠᠯ ᠤᠨ ᠭᠡᠷᠡᠭ         ᠬᠥᠯ ᠪᠥᠮᠪᠦᠭᠡ᠂ ᠰᠠᠭᠰᠤᠨ ᠪᠥᠮᠪᠦᠭᠡ ᠵᠡᠷᠭᠡ ᠤᠷᠤᠯᠳᠤᠭᠠᠨ ᠢ ᠰᠤᠨᠢᠷᠬᠠᠬᠤ ᠥᠶ᠎ᠡ ᠳᠤ ᠭᠡᠷᠪᠡ ᠰᠠᠮᠠᠭᠤᠷᠠᠯ ᠭᠠᠷᠴᠤ᠂ ᠭᠡᠳᠥᠷᠡᠪᠡᠯ ᠪᠥᠯᠥᠭ ᠢᠶᠠᠷ ᠥᠬᠦᠵᠤ ᠰᠢᠷᠬᠠᠳᠤᠬᠤ ᠬᠥᠨᠳᠤ ᠭᠡᠴᠡᠬᠦᠥ ᠭᠡᠷᠡᠭ ᠵᠢᠴᠢ ᠨᠡᠶᠢᠭᠡᠮ ᠤᠨ ᠮᠠᠭᠤ ᠨᠥᠯᠥᠭᠡ ᠪᠤᠯᠳᠠᠭ᠃ ᠪᠥᠮᠪᠥᠭᠡᠨ ᠲᠠᠯᠠᠪᠠᠢ ᠶᠢᠨ ᠰᠠᠮᠠᠭᠤᠷᠠᠯ ᠤᠨ ᠭᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ᠄        ① ᠪᠥᠮᠪᠥᠭᠡᠨ ᠲᠠᠯᠠᠪᠠᠢ ᠶᠢᠨ ᠰᠠᠮᠠᠭᠤᠷᠠᠯ ᠪᠤᠯᠬᠤ ᠥᠶ᠎ᠡ ᠳᠤ ᠥᠵᠡᠭᠰᠡᠳ ᠲᠠᠶᠢᠰᠠᠨ ᠲᠡᠭᠡᠬᠦᠷ ᠨᠠᠰᠢ ᠴᠠᠰᠢ ᠬᠥᠶᠥᠯᠳᠥᠬᠦ ᠠᠴᠠ ᠵᠠᠶᠢᠯᠠᠰᠭᠢᠨ᠎ᠡ᠃ ᠪᠤᠰᠢᠭᠤᠬᠠᠨ ᠡᠮᠬᠢ ᠲᠡᠷᠠᠭᠠᠯᠠᠯ ᠲᠠᠢ ᠪᠠᠷ ᠥᠪᠡᠷ ᠤᠨ ᠪᠠᠶᠢᠭ᠎ᠠ ᠲᠠᠶᠢᠰᠠᠨ ᠤ ᠠᠶᠤᠯ ᠥᠭᠡᠢ ᠭᠠᠷᠬᠤ ᠡᠬᠦᠳᠡ ᠵᠥᠭ ᠰᠢᠯᠵᠢᠬᠦ ᠭᠡᠷᠡᠭᠳᠡᠢ᠃        ② ᠬᠠᠵᠠᠭᠤ ᠬᠠᠪᠢ ᠶᠢᠨ ᠬᠥᠮᠥᠰ ᠰᠠᠮᠠᠭᠤᠷᠠᠬᠤ ᠪᠠᠶᠢᠳᠠᠯ ᠳᠤ ᠤᠷᠤᠪᠠᠯ᠂ ᠰᠤᠬᠤᠷ ᠪᠠᠯᠠᠢ ᠪᠠᠷ ᠲᠡᠭᠠᠵᠤ ᠬᠥᠶᠥᠯᠳᠥᠵᠤ ᠪᠤᠯᠬᠤ ᠥᠭᠡᠢ᠂ ᠬᠠᠷᠢᠨ ᠠᠶᠤᠯ ᠥᠭᠡᠢ ᠭᠠᠵᠠᠷ ᠢ ᠰᠤᠩᠭᠤᠨ ᠬᠥᠯᠢᠶᠡᠵᠤ ︵ᠲᠤᠬᠠᠢᠢᠯᠠᠪᠠᠯ ᠥᠪᠡᠷ ᠤᠨ ᠰᠠᠭᠤᠳᠠᠯ ᠲᠡᠭᠡᠷ᠎ᠡ ᠪᠠᠨ ᠪᠠᠶᠢᠬᠤ︶᠂ ᠰᠢᠬᠠᠭᠳᠠᠨ ᠰᠢᠷᠬᠠᠳᠤᠬᠤ ᠥᠭᠡᠢ ᠪᠠᠶᠢᠬᠤ ᠶᠢ ᠪᠠᠳᠤᠯᠠᠵᠤ ᠪᠠᠶᠢᠬᠤ ᠨᠢ ᠴᠢᠬᠤᠯᠨ᠃        ③ ᠬᠥᠳᠡᠯᠭᠡᠭᠡᠨ ᠤ ᠲᠤᠬᠠᠢ ᠶᠢᠨ ᠲᠠᠯᠠᠪᠠᠢ ᠶᠢᠨ ᠪᠠᠶᠢᠳᠠᠯ ᠪᠤᠯᠤᠨ ᠰᠡᠷᠡᠮᠵᠢ ᠶᠢᠨ ᠲᠤᠬᠢᠶ᠎ᠠ ᠲᠡᠮᠳᠡᠭ ᠢ ᠢᠯᠭᠠᠬᠤ ᠶᠢ ᠠᠩᠬᠠᠷᠤᠨ ᠠᠵᠢᠭᠯᠠᠵᠤ᠂ ᠲᠤᠳᠤᠷ᠎ᠠ  ᠪᠠᠨ ᠲᠤᠭ᠎ᠠ ᠲᠠᠢ ᠪᠠᠶᠢᠵᠤ᠂ ᠲᠤᠬᠠᠢ ᠶᠢᠨ ᠲᠠᠯᠠᠪᠠᠢ ᠶᠢᠨ ᠠᠶᠤᠯ ᠥᠭᠡᠢ ᠨᠡᠪᠳᠡᠷᠡᠬᠦ ᠵᠠᠮ ᠪᠤᠯᠤᠨ ᠤᠷᠤᠵᠤ ᠭᠠᠷᠬᠤ ᠡᠬᠦᠳᠡᠨ ᠤ ᠤᠷᠤᠨ ᠪᠠᠶᠢᠷᠢ ᠶᠢ ᠰᠠᠨᠠᠭᠠᠴᠢᠯᠠᠭ᠎ᠠ  ᠲᠠᠢ ᠪᠠᠷ ᠤᠢᠢᠯᠠᠭᠠᠵᠤ᠂ ᠠᠶᠤᠯ ᠭᠠᠷᠬᠤ ᠥᠶ᠎ᠡ ᠳᠤ ᠬᠠᠮᠤᠭ ᠤᠢᠢᠷᠠᠯᠴᠠᠭ᠎ᠠ ᠪᠠᠶᠢᠭ᠎ᠠ ᠠᠶᠤᠯ ᠥᠭᠡᠢ ᠡᠬᠦᠳᠡ ᠪᠠᠷ ᠪᠤᠰᠢᠭᠤᠬᠠᠨ ᠭᠠᠷᠴᠤ ᠵᠠᠶᠢᠯᠠᠬᠤ ᠭᠡᠷᠡᠭᠳᠡᠢ᠃        ④ ᠭᠡᠷᠡᠰᠭᠡ ᠠᠴᠠ ᠵᠠᠶᠢᠳᠠᠭᠤ ᠪᠠᠶᠢᠵᠤ᠂ ᠰᠢᠬᠠᠯᠳᠠ ᠠᠴᠠ ᠪᠤᠯᠵᠤ ᠬᠤᠭᠤᠷᠠᠵᠤ ᠨᠤᠭᠤᠷᠠᠭᠰᠠᠨ ᠭᠡᠷᠡᠰᠭᠡ ᠳᠤ ᠤᠨᠤᠭᠳᠠᠨ ᠰᠢᠷᠬᠠᠳᠤᠬᠤ ᠶᠢ ᠬᠢᠴᠢᠶᠡᠬᠦ ᠭᠡᠷᠡᠭᠳᠡᠢ᠃        ⑤ ᠲᠡᠷᠬᠠᠭᠠᠬᠤ ᠥᠶ᠎ᠡ ᠳᠤ ᠬᠠᠵᠠᠭᠤ ᠬᠠᠪᠢ ᠶᠢᠨ ᠨᠠᠰᠤᠳᠠᠳ᠂ ᠭᠡᠥᠭᠡᠳ ᠪᠠᠭᠠᠴᠤᠳ᠂ ᠡᠮᠡᠭᠳᠡᠶᠢᠴᠤᠳ ᠵᠡᠷᠭᠡ ᠪᠠᠭᠤᠷᠠᠶᠢᠴᠤᠳ ᠲᠤ ᠤᠨᠴᠠᠭᠠᠶᠢᠯᠠᠨ ᠨᠠᠶᠢᠷ ᠲᠠᠯᠪᠢᠵᠤ᠂ ᠰᠢᠬᠠᠯᠳᠤᠬᠤ ᠥᠭᠡᠢ ᠪᠥᠭᠡᠳ ᠡᠮᠬᠢ ᠲᠠᠷᠠᠭᠠᠯᠠᠯ ᠲᠠᠢ ᠲᠡᠷᠬᠠᠭᠠᠬᠤ ᠶᠢ ᠪᠠᠳᠤᠯᠠᠬᠤ ᠭᠡᠷᠡᠭᠳᠡᠢ᠃       ᠰᠠᠨᠠᠭᠤᠯᠬᠤ ᠨᠢ᠄       ① ᠪᠥᠮᠪᠥᠭᠡᠨ ᠲᠠᠯᠠᠪᠠᠢ ᠶᠢᠨ ᠲᠤᠭᠳᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠤᠷᠤᠯᠳᠤᠭᠠᠨ ᠤ ᠲᠠᠯᠠᠪᠠᠢ ᠶᠢᠨ ᠡᠮᠬᠢ ᠵᠢᠷᠤᠮ ᠢ ᠬᠠᠮᠠᠭᠠᠯᠠᠬᠤ ᠭᠡᠷᠡᠭᠳᠡᠢ᠃ ᠴᠥᠭᠡᠨ ᠲᠤᠭᠠᠨ ᠤ ᠬᠥᠮᠥᠰ ᠤᠨ ᠥᠢᠮᠡᠯᠳᠥᠬᠦ᠂ ᠭᠡᠷᠡᠭ ᠦᠳᠤᠬᠡᠬᠦ ᠵᠡᠷᠭᠡ ᠪᠠᠶᠢᠳᠠᠯ ᠲᠤᠬᠢᠶᠠᠯᠳᠤᠪᠠᠯ ᠰᠤᠬᠤᠷ ᠪᠠᠯᠠᠢ ᠪᠠᠷ ᠲᠠᠭᠠᠨ ᠲᠡᠷᠪᠡᠵᠤ ᠪᠤᠯᠬᠤ ᠥᠭᠡᠢ᠃        ② ᠥᠵᠡᠭᠰᠡᠳ ᠤᠨ ᠲᠠᠶᠢᠰᠠ ᠨᠢ ᠴᠥᠮ ᠵᠤᠬᠢᠬᠤ ᠨᠠᠯᠠᠤᠴᠠ ᠲᠠᠢ ᠪᠠᠶᠢᠳᠠᠭ᠃ ᠡᠶᠢᠮᠥ ᠠᠴᠠ ᠪᠥᠮᠪᠥᠭᠡᠨ ᠲᠠᠯᠠᠪᠠᠢ ᠳᠤ ᠰᠠᠮᠠᠭᠤᠷᠠᠯ ᠭᠠᠷᠬᠤ ᠥᠶ᠎ᠡ ᠳᠤ ᠰᠢᠬᠠᠯᠳᠤᠬᠤ ᠪᠤᠶᠤ ᠭᠡᠷᠡᠰᠭᠡ ᠲᠡᠪᠠᠵᠤ ᠪᠤᠯᠬᠤ ᠥᠭᠡᠢ᠂ ᠢᠡᠭᠬᠢᠪᠡᠯ ᠬᠥᠮᠥᠨ ᠥᠬᠦᠵᠤ ᠰᠢᠷᠬᠠᠳᠤᠬᠤ ᠭᠡᠷᠡᠭ ᠭᠠᠷᠬᠤ ᠠᠴᠠ ᠵᠠᠶᠢᠯᠠᠰᠬᠢᠵᠦ ᠴᠢᠳᠠᠨ᠎ᠠ᠃        ︵2︶ ᠤᠯᠠᠨ ᠨᠡᠶᠢᠳᠡ ᠶᠢᠨ ᠲᠠᠯᠠᠪᠤᠷ ᠤᠨ ᠲᠥᠭᠰᠢᠬᠦᠷᠢ ᠲᠠᠢ ᠪᠠᠶᠢᠳᠠᠯ        ᠤᠯᠠᠨ ᠬᠥᠮᠥᠨ ᠰᠢᠬᠠᠯᠳᠤᠭᠰᠠᠨ ᠲᠠᠯᠠᠪᠤᠷ ᠲᠤ ᠭᠡᠷᠪᠡ ᠰᠠᠮᠠᠭᠤᠷᠠᠯ ᠭᠠᠷᠪᠠᠯ᠂ ᠥᠷ᠎ᠡ ᠳ᠋ᠦᠩ ᠢ ᠲᠥᠰᠥᠭᠡᠯᠡᠬᠦ ᠳᠤ ᠪᠡᠷᠭᠡ ᠲᠠᠢ᠃ ᠡᠶᠢᠮᠥ ᠠᠴᠠ ᠳ᠋ᠧᠩ ᠤᠨ ᠥᠵᠡᠬᠦᠯᠥᠯᠭᠡ᠂ ᠴᠡᠴᠡᠷᠯᠢᠭ᠂ ᠬᠤᠳᠠᠯᠳᠤᠭ᠎ᠠ᠂ ᠲᠠᠮᠢᠷ ᠤᠨ ᠲᠠᠯᠠᠪᠤᠷ᠂ ᠺᠢᠨᠤ᠋ ᠵᠥᠴᠥᠭᠡ ᠶᠢᠨ ᠬᠥᠷᠢᠶᠡᠯᠡᠩ᠂ ᠲᠠᠭᠤᠤ ᠪᠥᠵᠢᠭ ᠤᠨ ᠲᠢᠩᠬᠢᠮ᠂ ᠰᠥᠯᠵᠢᠶᠡᠨ ᠪᠠᠭᠠᠷ ᠵᠡᠷᠭᠡ ᠤᠯᠠᠨ ᠨᠡᠶᠢᠳᠡ ᠶᠢᠨ ᠲᠠᠯᠠᠪᠤᠷ ᠤᠨ ᠭᠡᠰᠡᠭ ᠭᠠᠵᠠᠷ ᠢᠶᠠᠷ ᠬᠥᠮᠥᠨ ᠭᠡᠳᠥᠷᠭᠡᠢ ᠰᠢᠬᠠᠯᠳᠤᠬᠤ ᠪᠠᠶᠢᠳᠠᠯ ᠭᠠᠷᠬᠤ ᠶᠢ ᠬᠢᠴᠢᠶᠡᠬᠦ ᠭᠡᠷᠡᠭᠳᠡᠢ᠃ ᠤᠯᠠᠨ ᠨᠡᠶᠢᠳᠡ ᠶᠢᠨ ᠲᠠᠯᠠᠪᠤᠷ ᠤᠨ ᠲᠥᠭᠰᠢᠬᠦᠷᠢ ᠲᠠᠢ ᠪᠠᠶᠢᠳᠠᠯ ᠢ ᠪᠠᠴᠢᠮ ᠠᠷᠭᠠᠴᠠᠬᠤ ᠳᠤ᠄        ① ᠰᠢᠬᠠᠯᠳᠤᠬᠤ ᠪᠤᠶᠤ ᠪᠠᠴᠢᠮ ᠪᠠᠶᠢᠳᠠᠯ ᠲᠤᠬᠢᠶᠠᠯᠳᠤᠬᠤ ᠥᠶ᠎ᠡ ᠳᠤ ᠨᠠᠮᠵᠢᠭᠤᠨ ᠲᠤᠭᠳᠠᠭᠤᠨ ᠪᠠᠶᠢᠬᠤ ᠶᠢ ᠪᠠᠳᠤᠯᠠᠵᠤ᠂ ᠬᠠᠷᠢᠴᠠᠩᠭᠤᠢ ᠠᠶᠤᠯ ᠥᠭᠡᠢ ᠭᠠᠵᠠᠷ ᠤᠷᠤᠨ ᠢᠶᠠᠷ ᠲᠥᠷ ᠬᠥᠯᠢᠭᠡᠯᠵᠡᠬᠦ ᠶᠢ ᠠᠩᠬᠠᠷᠤᠯ ᠳᠤ ᠪᠠᠨ ᠠᠪᠤᠭᠠᠷᠠᠢ᠃         ② ᠷᠠᠳᠢᠤ᠋ ᠨᠡᠪᠳᠡᠷᠡᠬᠦᠯᠭᠡ ᠶᠢ ᠠᠩᠬᠠᠷᠤᠨ ᠰᠤᠨᠤᠰᠴᠤ᠂ ᠲᠤᠬᠠᠢ ᠶᠢᠨ ᠲᠠᠯᠠᠪᠠᠢ ᠶᠢᠨ ᠠᠵᠢᠯᠳᠠᠨ ᠤ ᠬᠥᠳᠥᠯᠥᠨ ᠵᠢᠯᠤᠭᠤᠳᠬᠤ ᠶᠢ ᠲᠠᠭᠠᠵᠤ᠂ ᠬᠠᠮᠤᠭ ᠤᠢᠢᠷᠠᠯᠴᠠᠭ᠎ᠠ ᠪᠠᠶᠢᠭ᠎ᠠ ᠠᠶᠤᠯ ᠥᠭᠡᠢ ᠡᠬᠦᠳᠡ ᠪᠠᠷ ᠲᠡᠰ ᠲᠠᠷᠠᠭᠠᠯᠠᠯ ᠲᠠᠢ ᠭᠠᠷᠤᠨ ᠵᠠᠶᠢᠯᠠᠵᠤ᠂ ᠬᠥᠮᠥᠨ ᠤ ᠤᠷᠤᠰᠬᠠᠯ ᠰᠥᠷᠬᠦ ᠪᠤᠶᠤ ᠲᠥᠳᠡᠯᠡᠨ ᠶᠠᠪᠤᠵᠤ ᠪᠤᠯᠬᠤ ᠥᠭᠡᠢ᠃        ③ ᠵᠠᠶᠢᠯᠠᠬᠤ ᠥᠶ᠎ᠡ ᠳᠤ ᠨᠠᠰᠤᠳᠠᠶᠢᠴᠤᠤᠯ᠂ ᠡᠮᠡᠭᠳᠡᠶᠢᠴᠤᠳ᠂ ᠭᠡᠥᠭᠡᠳ ᠢ ᠬᠠᠷᠠᠭᠠᠯᠵᠠᠬᠤ ᠶᠢ ᠠᠩᠬᠠᠷᠤᠨ᠂ ᠲᠡᠳᠡᠨ ᠳᠤ ᠵᠠᠮ ᠲᠡᠯᠪᠢᠵᠤ ᠥᠭᠬᠦ ᠨᠢ ᠴᠢᠬᠤᠯᠨ ᠶᠤᠮ᠃        ④ ᠤᠯᠠᠨ ᠬᠥᠮᠥᠨ ᠤ ᠲᠤᠮᠳᠠ ᠰᠠᠨᠠᠮᠰᠠᠷ ᠥᠭᠡᠢ ᠤᠢᠢᠴᠢᠬᠤ ᠳᠤ ᠬᠥᠷᠪᠡᠯ᠂ ᠲᠡᠷᠦ᠋ᠢᠬᠠᠨ ᠪᠡᠶ᠎ᠡ ᠪᠠᠨ ᠬᠤᠮᠢᠵᠤ᠂ ᠲᠤᠯᠤᠭᠠᠢ ᠪᠠᠨ ᠬᠢᠴᠢᠶᠡᠵᠤ᠂ ᠰᠢᠷᠬᠠᠳᠤᠬᠤ ᠠᠴᠠ ᠪᠤᠯᠭᠤᠮᠵᠢᠯᠠᠭᠠᠷᠠᠢ᠃        ᠰᠠᠨᠠᠭᠤᠯᠬᠤ ᠨᠢ᠄        ① ᠤᠯᠠᠨ ᠨᠡᠶᠢᠳᠡ ᠶᠢᠨ ᠲᠠᠯᠠᠪᠤᠷ ᠲᠤ ᠤᠷᠤᠬᠤ ᠥᠶ᠎ᠡ ᠳᠤ᠂ ᠤᠷᠢᠳ ᠢᠶᠠᠷ ᠠᠶᠤᠯ ᠥᠭᠡᠢ ᠨᠡᠪᠳᠡᠷᠡᠬᠦ ᠵᠠᠮ᠂ ᠪᠠᠴᠢᠮ ᠪᠠᠶᠢᠳᠠᠯ ᠢ ᠠᠷᠭᠠᠴᠠᠬᠤ ᠡᠬᠦᠳᠡᠨ ᠤ ᠤᠷᠤᠨ ᠪᠠᠶᠢᠷᠢ ᠶᠢ ᠰᠠᠶᠢᠳᠤᠷ ᠠᠵᠢᠭᠯᠠᠬᠤ ᠭᠡᠷᠡᠭᠳᠡᠢ᠃         ② ᠥᠷᠥᠭᠡᠨ ᠭᠠᠳᠠᠨᠠᠬᠢ ᠲᠤᠮᠤ ᠭᠡᠯᠪᠡᠷᠢ ᠶᠢᠨ ᠠᠵᠢᠯᠯᠠᠭ᠎ᠠ ᠳᠤ ᠤᠷᠤᠯᠴᠠᠬᠤ ᠥᠶ᠎ᠡ ᠳᠤ᠂ ᠤᠷᠢᠳ ᠢᠶᠠᠷ ᠬᠥᠳᠡᠯᠭᠡᠭᠡᠨ ᠤ ᠭᠠᠵᠠᠷ ᠤᠨ ᠪᠠᠶᠢᠴᠠ ᠪᠠᠶᠢᠳᠠᠯ ᠢ ᠰᠠᠶᠢᠳᠤᠷ ᠠᠵᠢᠭᠯᠠᠵᠤ᠂ ᠪᠤᠯᠬᠤ ᠶᠢᠨ ᠲᠤᠳᠤᠷ᠎ᠠ ᠠᠶᠤᠯ ᠲᠠᠢ ᠤᠷᠴᠢᠨ ᠠᠴᠠ ᠵᠠᠶᠢᠯᠠᠵᠤ᠂ ᠬᠥᠮᠥᠨ ᠤ ᠤᠷᠤᠰᠬᠠᠯ ᠢ ᠲᠠᠭᠠᠨ ᠡᠮᠬᠢ ᠵᠢᠷᠤᠮ ᠲᠠᠢ ᠶᠠᠪᠤᠬᠤ ᠭᠡᠷᠡᠭᠳᠡᠢ᠃        ③ ᠬᠥᠮᠥᠨ ᠤᠯᠠᠨ ᠰᠢᠬᠠᠯᠳᠤᠬᠤ ᠥᠶ᠎ᠡ ᠳᠤ ᠬᠤᠶᠠᠷ ᠭᠠᠷ ᠢᠶᠠᠷ ᠢᠶᠠᠨ ᠴᠡᠭᠡᠵᠢ ᠪᠠᠨ ᠬᠠᠮᠠᠭᠠᠯᠠᠵᠤ᠂ ᠲᠠᠪᠤᠨ ᠴᠤᠯᠤ ᠰᠢᠬᠠᠯᠳᠤᠬᠤ ᠠᠴᠠ ᠪᠤᠯᠵᠤ ᠰᠢᠷᠬᠠᠳᠤᠬᠤ ᠶᠢ ᠬᠢᠴᠢᠶᠡᠨ᠂ ᠬᠠᠵᠠᠭᠤ ᠬᠥᠪᠡᠭᠡ ᠪᠠᠷ ᠶᠠᠪᠤᠵᠤ ᠪᠤᠯᠪᠠᠯ ᠪᠤᠯᠬᠤ ᠶᠢᠨ ᠲᠤᠳᠤᠷ᠎ᠠ ᠬᠥᠪᠡᠭᠡ ᠲᠠᠭᠠᠵᠤ᠂ ᠬᠥᠮᠥᠨ ᠤᠯᠠᠨ ᠤ ᠲᠠᠷᠤᠭᠠᠰᠤ ᠶᠢ ᠬᠥᠡᠭᠭᠡᠷᠡᠬᠦᠯᠬᠦ ᠭᠡᠷᠡᠭᠳᠡᠢ᠃        ④ ᠠᠶᠤᠯ ᠥᠭᠡᠢ ᠭᠠᠷᠬᠤ ᠡᠬᠦᠳᠡ ᠶᠢ ᠪᠥᠭᠯᠡᠬᠦ ᠪᠤᠶᠤ ᠰᠠᠭᠠᠳ ᠥᠭᠡᠢ ᠨᠡᠪᠳᠡᠷᠡᠬᠦ ᠵᠠᠮ ᠲᠡᠭᠡᠷ᠎ᠡ ᠰᠤᠯᠠ ᠶᠠᠭᠤᠮ᠎ᠠ ᠤᠪᠤᠭᠠᠯᠠᠵᠤ ᠪᠤᠯᠬᠤ ᠥᠭᠡᠢ᠃ ᠭᠠᠯ ᠰᠡᠷᠭᠡᠶᠢᠯᠡᠯᠳᠡ ᠶᠢᠨ ᠪᠡᠯᠡᠳᠭᠡᠮᠵᠢ ᠶᠢᠨ ᠪᠥᠷᠢᠨ ᠲᠥᠬᠦᠷ ᠪᠠᠶᠢᠬᠤ ᠶᠢ ᠥᠨᠡᠨ ᠬᠦ ᠪᠠᠳᠤᠯᠠᠨ᠂ ᠪᠠᠴᠢᠮ ᠪᠠᠶᠢᠳᠠᠯ ᠢ ᠠᠷᠭᠠᠴᠠᠬᠤ ᠱᠠᠭᠠᠷᠳᠠᠯᠭ᠎ᠠ ᠳᠤ ᠨᠡᠶᠢᠴᠡᠬᠦᠯᠬᠦ ᠭᠡᠷᠡᠭᠳᠡᠢ        ︵3︶ ᠲᠤᠭᠯᠠᠭᠠᠮ ᠤᠨ ᠪᠡᠯᠡᠳᠭᠡᠮᠵᠢ ᠶᠢᠨ ᠲᠥᠭᠰᠢᠬᠦᠷᠢ ᠲᠠᠢ ᠪᠠᠶᠢᠳᠠᠯ        ᠲᠤᠭᠯᠠᠭᠠᠮ ᠤᠨ ᠪᠡᠯᠡᠳᠭᠡᠮᠵᠢ ᠪᠤᠯ ᠤᠨᠴᠠᠭᠠᠢ ᠲᠤᠭᠳᠠᠭᠰᠠᠨ ᠭᠡᠪᠴᠢᠶᠡᠨ ᠲᠤᠳᠤᠷ᠎ᠠ ᠠᠵᠢᠯᠯᠠᠵᠤ᠂ ᠵᠤᠭᠠᠴᠠᠭᠰᠠᠳ ᠢ ᠲᠡᠭᠡᠭᠡᠪᠥᠷᠢᠯᠡᠨ ᠲᠤᠭᠯᠠᠭᠤᠯᠬᠤ ᠠᠴᠢᠶᠠᠯᠠᠪᠤᠷᠢ ᠪᠤᠯᠤᠨ᠎ᠠ᠃ ᠡᠩ ᠤᠨ ᠪᠠᠶᠢᠳᠠᠯ ᠳᠤ ᠮᠠᠰᠢᠨᠳᠤ᠂ ᠴᠠᠬᠢᠯᠭᠠᠨᠳᠤ᠂ ᠰᠢᠩᠭᠡᠨ ᠲᠠᠷᠤᠴᠠᠳᠤ ᠵᠡᠷᠭᠡ ᠰᠢᠰᠲ᠋ᠧᠮ ᠤᠨ ᠴᠤᠭᠴᠠᠯᠠᠪᠤᠷᠢ ᠪᠤᠯᠤᠨ᠎ᠠ᠃ ᠲᠤᠭᠯᠠᠭᠠᠮ  ᠤᠨ ᠪᠡᠯᠡᠳᠭᠡᠮᠵᠢ ᠨᠢ ᠡ᠊ᠨᠳᠡᠯ ᠭᠠᠷᠬᠤ ᠥᠶ᠎ᠡ ᠳᠤ ᠵᠤᠭᠠᠴᠠᠭᠰᠠᠳ ᠠᠶᠤᠨ ᠰᠤᠴᠢᠵᠤ᠂ ᠬᠤᠷᠢᠭᠳᠠᠬᠤ ᠵᠢᠴᠢ ᠪᠤᠰᠤᠳ ᠠᠶᠤᠯ ᠲᠠᠢ ᠡ᠊ᠨᠳᠡᠯ ᠭᠠᠷᠬᠤ ᠳᠤ ᠬᠥᠷᠳᠡᠭ᠃ ᠪᠠᠶᠢᠡᠭᠭᠤ ᠬᠠᠷᠠᠭᠳᠠᠬᠤ ᠡ᠊ᠨᠳᠡᠯ ᠨᠢ ᠭᠡᠨᠡᠳᠳᠡ ᠮᠠᠰᠢᠨ ᠨᠢ ᠵᠤᠭᠰᠤᠬᠤ᠂ ᠮᠠᠰᠢᠨᠴᠢᠯᠠᠯ ᠨᠢ ᠲᠠᠰᠤᠷᠠᠬᠤ᠂ ᠥᠨᠳᠥᠷ ᠲᠡᠭᠡᠷ᠎ᠡ ᠠᠴᠠ ᠲᠤᠷᠤᠭᠰᠢ ᠤᠨᠠᠬᠤ ᠪᠤᠯᠤᠨ᠎ᠠ᠃ ᠲᠤᠭᠯᠠᠭᠠᠮ ᠤᠨ ᠪᠡᠯᠡᠳᠭᠡᠮᠵᠢ ᠶᠢᠨ ᠲᠥᠭᠰᠢᠬᠦᠷᠢ ᠲᠠᠢ ᠪᠠᠶᠢᠳᠠᠯ ᠢ ᠪᠠᠴᠢᠮ ᠠᠷᠭᠠᠴᠠᠬᠤ ᠳᠤ᠄        ① ᠵᠤᠭᠠᠴᠠᠬᠤ ᠲᠤᠮᠳᠠ ᠪᠡᠶ᠎ᠡ ᠴᠢᠨᠢ ᠡᠪ ᠥᠭᠡᠶᠢᠳᠡᠬᠦ ᠪᠤᠶᠤ ᠲᠡᠰᠪᠥᠷᠢᠯᠡᠬᠦ ᠳᠤ ᠪᠡᠷᠭᠡ ᠲᠠᠢ ᠪᠤᠯᠪᠠᠯ ᠴᠠᠭ ᠲᠤᠬᠠᠢ ᠳᠤᠨᠢ ᠠᠷᠭ᠎ᠠ ᠰᠥᠪᠡᠭᠴᠢᠯᠡᠨ ᠠᠵᠢᠯᠳᠠᠨ  ᠳᠤ ᠮᠡᠳᠡᠭᠳᠡᠵᠤ ᠮᠠᠰᠢᠨ ᠢ ᠵᠤᠭᠰᠤᠭᠠᠯᠭᠠᠨ᠎ᠠ᠃        ② ᠬᠡᠪ ᠪᠤᠰᠤ ᠪᠠᠶᠢᠳᠠᠯ ᠢᠶᠠᠷ ᠮᠠᠰᠢᠨ ᠵᠤᠭᠰᠤᠪᠠᠯ᠂ ᠲᠤᠷ᠎ᠠ ᠪᠠᠷ ᠢᠶᠠᠨ ᠬᠥᠳᠡᠯᠬᠦ ᠪᠤᠶᠤ ᠠᠶᠤᠯ ᠥᠭᠡᠢ ᠪᠦᠰᠡᠯᠡᠬᠦᠷ ᠢᠶᠠᠨ ᠶᠠᠭᠠᠬᠢᠭᠰᠠᠨ ᠴᠤ ᠲᠡᠶᠢᠯᠵᠤ ᠪᠤᠯᠬᠤ ᠥᠭᠡᠢ᠂ ᠬᠠᠷᠢᠨ ᠨᠠᠮᠵᠢᠭᠤᠨ ᠲᠤᠭᠳᠠᠭᠤᠨ ᠪᠠᠶᠢᠵᠤ᠂ ᠠᠵᠢᠯᠳᠠᠨ ᠤ ᠵᠢᠯᠤᠭᠤᠳᠬᠤ ᠶᠢ ᠰᠤᠨᠤᠰᠴᠤ ᠠᠪᠤᠷᠠᠬᠤ ᠶᠢ ᠬᠦᠯᠢᠶᠡᠪᠡᠯ ᠰᠠᠶᠢᠨ᠃        ③ ᠰᠠᠨᠠᠭᠠᠨ ᠠᠴᠠ ᠭᠠᠳᠠᠭᠤᠷ ᠥᠬᠦᠵᠤ ᠰᠢᠷᠬᠠᠳᠤᠬᠤ ᠵᠡᠷᠭᠡ ᠪᠠᠴᠢᠮ ᠪᠠᠶᠢᠳᠠᠯ ᠤᠨ ᠲᠤᠤᠷ᠎ᠠ ᠠᠶᠤᠨ ᠰᠠᠨᠳᠤᠷᠤᠨ᠂ ᠥᠢᠮᠡᠯᠳᠥᠵᠤ ᠰᠢᠬᠠᠯᠳᠤᠵᠤ ᠪᠤᠯᠬᠤ ᠥᠭᠡᠢ᠂ ᠬᠠᠷᠢᠨ ᠲᠡᠷᠦ᠋ᠢᠬᠠᠨ ᠬᠥᠮᠥᠰ ᠢ ᠵᠤᠬᠢᠶᠠᠨ ᠪᠠᠶᠢᠭᠤᠯᠵᠤ ᠲᠠᠷᠬᠠᠭᠠᠬᠤ ᠭᠡᠷᠡᠭᠳᠡᠢ᠃        ᠰᠠᠨᠠᠭᠤᠯᠬᠤ ᠢ᠄        ① ︽ᠵᠤᠭᠠᠴᠠᠭᠰᠠᠳ ᠤᠨ ᠵᠠᠪᠠᠯ ᠮᠡᠳᠡᠬᠦ ᠵᠥᠢᠯ︾ ᠢ ᠬᠢᠨᠠᠮᠠᠭᠠᠢ ᠤᠡᠭᠰᠢᠵᠤ᠂ ᠠᠵᠢᠯᠳᠠᠨ ᠤ ᠤᠡᠭᠰᠢᠨ ᠲᠠᠶᠢᠯᠪᠤᠷᠢᠯᠠᠬᠤ ᠶᠢ ᠰᠤᠨᠤᠰᠤᠨ ᠵᠤᠭᠠᠴᠠᠨ ᠨᠠᠭᠠᠳᠬᠤ ᠶᠢᠨ ᠴᠢᠬᠤᠯᠠ ᠵᠥᠢᠯ ᠢ ᠡᠵᠡᠮᠰᠢᠬᠦ᠂ ᠮᠡᠳᠡᠵᠤ ᠠᠪᠤᠭᠰᠠᠨ ᠪᠠᠶᠢᠬᠤ ᠬᠡᠷᠡᠭᠳᠠᠢ᠃        ② ᠴᠢᠰᠤᠨ ᠲᠠᠷᠤᠯᠳᠠ ᠥᠨᠳᠥᠷ᠂ ᠵᠢᠷᠥᠭᠡᠨ ᠡᠪᠡᠳᠴᠢᠨ ᠲᠠᠢ ᠬᠥᠮᠥᠰ ᠪᠡᠶ᠎ᠡ ᠳᠡᠭᠡᠨ ᠲᠤᠬᠢᠷᠠᠬᠤ ᠥᠭᠡᠢ ᠲᠤᠭᠯᠠᠭᠠᠮ ᠨᠠᠭᠠᠳᠴᠤ ᠪᠤᠯᠬᠤ ᠥᠭᠡᠢ᠃         ③ ᠨᠠᠰᠤᠨ ᠳᠤ ᠬᠥᠷᠥᠭᠡᠳᠥᠢ ᠬᠥᠮᠥᠰ ᠤᠨ ᠨᠠᠭᠠᠳᠬᠤ ᠶᠢ ᠬᠢᠨᠠᠨ ᠬᠠᠮᠠᠭᠠᠯᠠᠬᠤ ᠭᠡᠷᠡᠭᠳᠡᠢ᠃        ︵4︶ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠶᠢᠨ ᠲᠥᠭᠰᠢᠬᠦᠷᠢ ᠲᠠᠢ ᠪᠠᠶᠢᠳᠠᠯ        ᠭᠠᠵᠠᠷ ᠲᠤᠤᠷᠠᠬᠢ ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠪᠤᠯ ᠪᠢᠳᠡᠬᠦᠥ ᠪᠠᠶᠢᠳᠠᠭ᠃        ᠭᠡᠷᠪᠡ ᠭᠠᠯ ᠤᠨ ᠠᠶᠤᠯ ᠭᠠᠷᠬᠤ ᠳᠤ ᠬᠥᠷᠪᠡᠯ᠂ ᠥᠨᠳᠥᠷ ᠲᠤᠯᠠᠭᠠᠨ᠂ ᠤᠳᠤᠭ᠎ᠠ ᠮᠠᠨᠠᠨ ᠪᠤᠶᠤ ᠬᠤᠤᠷᠳᠤ ᠭᠡᠢ ᠪᠤᠢ ᠪᠤᠯᠤᠨ᠎ᠠ᠃        ᠡᠬᠦᠨ ᠠᠴᠠ ᠭᠠᠳᠠᠨ᠎ᠠ ᠤᠰᠤᠨ ᠵᠠᠮ ᠤᠨ ᠲᠥᠭᠵᠢᠷᠡᠯ ᠠᠴᠠ ᠪᠤᠷᠤᠭᠠᠨ ᠤ ᠤᠰᠤ ᠤᠷᠬᠢᠬᠤ ᠪᠠᠶᠢᠳᠠᠯ ᠭᠠᠷᠳᠠᠭ᠃ ᠠᠩᠬᠠᠨ ᠤ ᠬᠤᠭᠤᠴᠠᠭᠠᠨ ᠤ ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠬᠢᠯᠪᠠᠷᠬᠠᠨ ᠲᠤᠷᠤᠭᠰᠢ ᠰᠠᠭᠤᠵᠤ ᠨᠤᠷᠠᠬᠤ ᠡ᠊ᠨᠳᠡᠯ ᠭᠠᠷᠳᠠᠭ᠃ ᠠᠷᠠᠳ  ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠶᠢᠨ ᠲᠥᠭᠰᠢᠬᠦᠷᠢ ᠲᠠᠢ ᠪᠠᠶᠢᠳᠠᠯ ᠢ ᠪᠠᠴᠢᠮ ᠠᠷᠭᠠᠴᠠᠬᠤ ᠳᠤ᠄        ① ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠶᠢᠨ ᠲᠤᠮᠳᠠ ᠭᠠᠯ ᠤᠨ ᠠᠶᠤᠯ ᠲᠤᠬᠢᠶᠠᠯᠳᠤᠪᠠᠯ ᠬᠤᠪᠴᠠᠰᠤ ᠬᠤᠨᠠᠷ᠂ ᠭᠠᠷ ᠠᠯᠴᠢᠭᠤᠷ ᠵᠡᠷᠭᠡ ᠪᠠᠷ ᠠᠮᠠ ᠬᠠᠮᠠᠷ ᠢᠶᠠᠨ ᠪᠥᠭᠯᠡᠨ ᠪᠥᠬᠦ᠋ᠢᠵᠤ᠂ ᠪᠤᠰᠢᠭᠤᠬᠠᠨ ᠡᠮᠬᠢ ᠲᠠᠷᠠᠭᠠᠯᠠᠯ ᠲᠠᠢ ᠪᠠᠷ ᠭᠠᠵᠠᠷ ᠤᠨ ᠭᠠᠳᠠᠷᠭᠤ ᠪᠤᠶᠤ ᠭᠡᠷᠡᠮ ᠲᠠᠭᠠᠵᠤ ᠠᠶᠤᠯ ᠥᠭᠡᠢ ᠪᠠᠷ ᠲᠡᠷᠬᠠᠭᠠᠬᠤ ᠵᠢᠭᠠᠯᠳᠠ ᠶᠢᠨ ᠴᠢᠭᠯᠡᠯ ᠢᠶᠠᠷ ᠲᠡᠷᠬᠠᠵᠤ ᠶᠠᠪᠤᠬᠤ ᠭᠡᠷᠡᠭᠳᠡᠢ᠃        ② ᠭᠡᠷᠪᠡ ᠭᠠᠯ ᠤᠨ ᠠᠶᠤᠯ ᠢᠶᠠᠷ ᠪᠠᠷᠢᠯᠭ᠎ᠠ ᠶᠢᠨ ᠲᠤᠳᠤᠷ᠎ᠠ ᠬᠤᠷᠢᠭᠳᠠᠪᠠᠯ ᠤᠰᠤᠨ ᠤ ᠬᠤᠭᠤᠯᠠᠢ ᠶᠢ ᠲᠠᠰᠤᠷᠠᠯ ᠥᠭᠡᠢ ᠴᠤᠬᠢᠬᠤ ᠪᠤᠶᠤ ᠤᠳᠠᠰᠤ ᠠᠪᠬᠤ ᠵᠡᠷᠭᠡ ᠠᠷᠭ᠎ᠠ ᠪᠠᠷ ᠠᠪᠤᠷᠠᠯ ᠭᠤᠶᠤᠬᠤ ᠭᠡᠷᠡᠭᠳᠡᠢ᠂ ᠴᠤᠩᠬᠤᠨ ᠤ ᠭᠡᠷᠡᠯ ᠲᠠᠢ ᠭᠠᠵᠠᠷ ᠢᠶᠠᠷ ᠭᠠᠳᠠᠭᠰᠢ ᠠᠪᠤᠷᠠᠯ ᠭᠤᠶᠤᠵᠤ ᠪᠤᠯᠤᠨ᠎ᠠ᠃       ③ ᠲᠥᠭᠰᠢᠬᠦᠷᠢ ᠲᠠᠢ ᠪᠠᠶᠢᠳᠠᠯ ᠭᠠᠷᠪᠠᠯ ᠠᠵᠢᠯᠳᠠᠨ ᠤ ᠵᠢᠯᠤᠭᠤᠳᠤᠨ ᠲᠠᠭᠠᠭᠤᠯᠬᠤ ᠶᠢ ᠰᠤᠨᠤᠰᠴᠤ ᠪᠠᠶᠢᠭᠠᠷᠠᠢ᠃        ④ ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠳᠤ ᠭᠡᠷᠪᠡ ᠤᠰᠦ ᠴᠢᠳᠬᠤᠯᠠᠨ ᠪᠤᠷᠬᠢᠯᠬᠤ ᠥᠵᠡᠭᠳᠡᠯ ᠭᠠᠷᠪᠠᠯ᠂ ᠴᠠᠭ ᠲᠤᠬᠠᠢ ᠳᠤᠨᠢ ᠪᠤᠬᠢᠷ ᠤᠰᠤᠨ ᠤ ᠬᠤᠭᠤᠯᠠᠢ ᠶᠢᠨ ᠨᠡᠬᠡᠯᠡᠬᠡᠢ ᠶᠢ ᠬᠠᠭᠠᠬᠤ ᠭᠡᠷᠡᠭᠳᠡᠢ᠃       ᠰᠠᠨᠠᠭᠤᠯᠬᠤ ᠨᠢ᠄        ① ᠶᠡᠷᠥ ᠶᠢᠨ ᠥᠶ᠎ᠡ ᠳᠤ ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠶᠢᠨ      ᠲᠤᠳᠤᠷᠠᠬᠢ ᠤᠳᠤᠭ᠎ᠠ᠂ ᠭᠠᠯ ᠤᠨ ᠲᠥᠭᠰᠢᠬᠦᠷᠢ ᠮᠡᠳᠡᠬᠡᠯᠡᠬᠦ ᠮᠠᠰᠢᠨ ᠢ ᠠᠩᠬᠠᠷᠴᠤ᠂ ᠲᠡᠬᠦᠨ ᠤ ᠴᠢᠳᠠᠪᠤᠷᠢ ᠶᠢ ᠨᠢ ᠬᠥᠴᠥᠨ ᠲᠠᠢ ᠪᠠᠶᠢᠯᠭᠠᠬᠤ ᠶᠢ ᠪᠠᠳᠤᠯᠠᠬᠤ ᠭᠡᠷᠡᠭᠳᠡᠢ᠃ ᠪᠠᠰᠠ ᠭᠠᠯ ᠰᠡᠷᠭᠡᠶᠢᠯᠡᠬᠦ ᠵᠠᠭᠠᠭ ᠤᠨ ᠬᠡᠪᠴᠢᠶᠡᠨ ᠳᠤ ᠭᠠᠯ ᠤᠨᠳᠠᠷᠠᠭᠠᠬᠤ ᠪᠠᠭᠠᠵᠢ ᠬᠠᠩᠭᠠᠨ᠎ᠠ᠃        ② ᠥᠶᠡᠷ ᠠᠴᠠ ᠡᠮᠥᠨ᠎ᠡ ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠶᠢᠨ ᠬᠠᠵᠠᠭᠤ ᠬᠠᠪᠢ ᠶᠢᠨ ᠭᠠᠵᠠᠷ ᠤᠳ ᠤᠨ ᠭᠡᠢ ᠤᠰᠤ ᠵᠠᠯᠠᠬᠤ ᠭᠤᠤ ᠲᠤᠳᠤᠷᠠᠬᠢ ᠬᠤᠭ ᠨᠤᠪᠰᠢ ᠶᠢ ᠠᠷᠢᠯᠭᠠᠵᠤ᠂ ᠤᠰᠤ ᠵᠠᠯᠠᠬᠤ ᠵᠠᠮ ᠤᠨ ᠰᠠᠭᠠᠳ ᠥᠭᠡᠢ ᠨᠡᠪᠳᠡᠷᠡᠬᠦ ᠶᠢ ᠪᠠᠳᠤᠯᠠᠨ᠎ᠠ᠃         ③ ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠨᠢ ᠭᠡᠷᠪᠡ ᠲᠤᠷᠤᠭᠰᠢ ᠰᠠᠭᠤᠬᠤ᠂ ᠨᠤᠷᠠᠬᠤ ᠪᠠᠶᠢᠳᠠᠯ ᠲᠠᠢ ᠪᠤᠯ ᠲᠥᠭᠰᠢᠬᠦᠷᠢ ᠲᠠᠢ ᠭᠠᠵᠠᠷ ᠠᠴᠠ ᠲᠡᠷᠦ᠋ᠢᠬᠠᠨ ᠵᠠᠶᠢᠯᠠᠬᠤ ᠶᠢ ᠬᠦᠢᠴᠡᠳᠭᠡᠨ᠎ᠡ᠃         ④ ᠭᠠᠵᠠᠷ ᠲᠤᠤᠷ᠎ᠠ ᠪᠠᠶᠢᠭᠤᠯᠵᠤ ᠪᠠᠶᠢᠭ᠎ᠠ ᠠᠷᠠᠳ ᠤᠨ ᠠᠭᠠᠷ ᠰᠡᠷᠭᠡᠶᠢᠯᠡᠯᠳᠡ ᠶᠢᠨ ᠪᠠᠷᠢᠯᠭ᠎ᠠ ᠲᠡᠭᠡᠷᠡᠬᠢ ᠲᠡᠭᠰᠢ ᠤᠷᠤᠢ ᠲᠠᠢ ᠭᠡᠷ ᠤᠨ ᠭᠡᠪᠴᠢᠶᠡᠨ ᠤ ᠰᠠᠭᠤᠭᠠᠯᠢ ᠠᠷᠠᠳ ᠤᠨ ᠭᠡᠷ ᠪᠠᠶᠢᠰᠢᠩ ᠨᠢ ᠲᠤᠷᠤᠭᠰᠢ ᠰᠠᠭᠤᠬᠤ ᠪᠤᠶᠤ ᠪᠥᠳᠥᠴᠡ ᠶᠢᠨ ᠭᠡᠯᠪᠡᠷᠢ ᠪᠠᠨ ᠠᠯᠳᠠᠬᠤ ᠪᠠᠶᠢᠳᠠᠯ ᠲᠠᠢ ᠪᠤᠯ ᠲᠡᠷᠦ᠋ᠢᠬᠠᠨ ᠲᠤᠰ ᠭᠠᠵᠠᠷ ᠤᠷᠤᠨ ᠤ ᠬᠥᠮᠥᠰ ᠢ ᠵᠤᠬᠢᠶᠠᠨ ᠪᠠᠶᠢᠭᠤᠯᠤᠨ ᠵᠠᠶᠢᠯᠠᠭᠤᠯᠵᠤ ᠪᠠᠶᠢᠭᠠᠷᠠᠢ᠃        ︵5︶ ᠪᠠᠭᠠᠵᠢ ᠵᠡᠪᠰᠡᠭ ᠢᠶᠠᠷ ᠲᠡᠮᠡᠴᠡᠬᠦ ᠭᠢᠭᠡᠳ ᠴᠤᠭᠯᠠᠭᠠᠨ ᠪᠤᠯᠵᠤ ᠭᠡᠷᠡᠭ ᠥᠳᠥᠭᠡᠬᠦ        ᠪᠠᠭᠠᠵᠢ ᠵᠡᠪᠰᠡᠭ ᠢᠶᠠᠷ ᠲᠡᠮᠡᠴᠡᠬᠦ ᠭᠡᠳᠡᠭ ᠨᠢ ᠤᠨᠴᠠᠭᠠᠢ ᠪᠥᠯᠥᠭᠯᠡᠯ ︵ᠬᠥᠮᠥᠨ ᠤ ᠴᠤᠭᠯᠠᠭᠠᠨ︶ ᠢ ᠵᠢᠭᠠᠳᠠᠭ᠃ ᠶᠠᠮᠠᠷ ᠨᠢᠭᠡᠨ ᠵᠥᠢᠯ ᠤᠨ ᠤᠨᠴᠠᠭᠠᠢ ᠭᠡᠷᠡᠭᠴᠡᠭᠡ ᠶᠢ ᠬᠠᠨᠭ᠍ᠭᠠᠬᠤ ᠪᠤᠶᠤ ᠶᠠᠮᠠᠷ ᠨᠢᠭᠡᠨ ᠵᠥᠢᠯ ᠤᠨ ᠤᠨᠴᠠᠭᠠᠢ ᠵᠤᠷᠢᠯᠭ᠎ᠠ ᠳᠤ ᠬᠥᠷᠬᠦ ᠶᠢᠨ ᠲᠤᠰᠠᠳᠠ ᠵᠤᠬᠢᠬᠤ ᠲᠠᠯᠠᠪᠤᠷ ᠭᠠᠵᠠᠷ᠂ ᠴᠠᠭ ᠲᠤᠬᠢᠶᠠᠯ ᠪᠤᠯᠤᠨ ᠤᠷᠴᠢᠨ ᠲᠤᠭᠤᠷᠢᠨ ᠢ ᠠᠰᠢᠭᠯᠠᠬᠤ ᠪᠤᠶᠤ ᠰᠤᠩᠭᠤᠵᠤ᠂ ᠵᠡᠪᠰᠡᠭ ᠢᠶᠠᠷ ᠡᠰᠡᠷᠬᠦᠴᠡᠯᠳᠥᠬᠦ ᠪᠤᠶᠤ ᠵᠡᠪᠰᠡᠭ ᠠᠳᠬᠤᠨ ᠴᠤᠬᠢᠯᠳᠤᠵᠤ ᠨᠡᠶᠢᠭᠡᠮ ᠤᠨ ᠠᠮᠤᠷ ᠲᠥᠪᠰᠢᠨ ᠢ ᠰᠠᠮᠠᠭᠤᠷᠠᠭᠤᠯᠵᠤ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠳᠤ ᠠᠵᠢᠯᠯᠠᠭ᠎ᠠ ᠪᠤᠯᠬᠤ ᠶᠢ ᠭᠡᠯᠡᠨ᠎ᠡ᠃ ᠵᠡᠪᠰᠡᠭ ᠢᠶᠠᠷ ᠲᠡᠮᠡᠴᠡᠬᠦ ᠨᠢ ᠶᠡᠷᠥ ᠳᠡᠭᠡᠨ ᠬᠤᠶᠠᠷ ᠡᠳᠡᠭᠡᠳ  ᠢᠶᠠᠷ ᠢᠶᠠᠨ ᠪᠤᠶᠤ ᠤᠯᠠᠨ ᠲᠠᠯ᠎ᠠ ᠶᠢᠨ ᠡᠳᠡᠭᠡᠳ ᠤᠨ ᠥᠬᠦᠯ ᠰᠢᠷᠬᠠᠳᠤᠯ ᠪᠤᠯᠵᠤ᠂ ᠲᠡᠬᠦᠨᠴᠢᠯᠡᠨ ᠪᠦᠬᠡᠮᠨᠡᠷᠡᠨ ᠥᠵᠡᠭᠰᠡᠳ ᠢ ᠬᠥᠨᠥᠭᠡᠯ ᠳᠤ ᠤᠴᠠᠷᠠᠭᠤᠯᠬᠤ ᠳᠤ ᠬᠥᠷᠥᠨ᠎ᠡ᠃       ᠴᠤᠭᠯᠠᠭᠠᠨ ᠪᠤᠯᠵᠤ ᠭᠡᠷᠡᠭ ᠥᠳᠥᠭᠡᠬᠦ ᠨᠢ ᠬᠠᠮᠳᠤᠯᠢᠭ ᠪᠤᠶᠤ ᠬᠤᠪᠢ ᠬᠥᠮᠥᠨ ᠶᠠᠮᠠᠷ ᠨᠢᠭᠡ ᠵᠥᠢᠯ ᠤᠨ ᠤᠨᠴᠠᠭᠠᠢ ᠭᠡᠷᠡᠭᠴᠡᠭᠡ ᠠᠴᠠ ᠪᠤᠯᠤᠭᠰᠠᠨ ᠪᠤᠶᠤ ᠶᠠᠮᠠᠷ ᠨᠢᠭᠡ ᠵᠥᠢᠯ ᠤᠨ ᠤᠨᠴᠠᠭᠠᠢ ᠵᠤᠷᠢᠯᠭ᠎ᠠ ᠳᠠᠭᠠᠨ ᠬᠥᠷᠬᠦ ᠶᠢᠨ ᠲᠤᠰᠠᠳᠠ ᠴᠤᠭᠯᠠᠷᠠᠨ ᠬᠠᠮᠳᠤ ᠳᠠᠭᠠᠨ ᠤᠯᠤᠰ ᠤᠨ ᠬᠠᠤᠯᠢ ᠴᠠᠭᠠᠵᠠ᠂ ᠬᠠᠤᠯᠢ ᠲᠤᠭᠳᠠᠭᠠᠯ᠂ ᠲᠥᠷᠢᠮ ᠲᠤᠭᠳᠠᠭᠠᠯ ᠠᠴᠠ ᠵᠥᠷᠢᠴᠡᠨ᠂ ᠨᠡᠶᠢᠭᠡᠮ ᠤᠨ ᠡᠮᠬᠢ ᠲᠢᠭᠯᠢᠮ ᠢ ᠰᠠᠮᠠᠭᠤᠷᠠᠭᠤᠯᠤᠨ᠂ ᠨᠡᠶᠢᠳᠡ ᠶᠢᠨ ᠠᠮᠤᠷ ᠲᠥᠪᠰᠢᠨ ᠢ ᠬᠥᠨᠥᠭᠡᠵᠤ᠂ ᠠᠷᠠᠳ ᠢᠷᠭᠡᠳ ᠤᠨ ᠠᠮᠤᠷ ᠲᠥᠪᠰᠢᠨ ᠪᠤᠯᠤᠨ ᠨᠡᠶᠢᠳᠡ ᠪᠤᠶᠤ ᠬᠤᠪᠢ ᠶᠢᠨ ᠡᠳ᠋ ᠬᠥᠷᠥᠩᠭᠡ ᠶᠢᠨ ᠠᠮᠤᠷ ᠲᠥᠪᠰᠢᠨ ᠳᠤ ᠬᠠᠯᠳᠠᠭᠰᠠᠨ ᠥᠢᠯᠡ ᠠᠵᠢᠯᠯᠠᠭ᠎ᠠ ᠶᠢ ᠵᠢᠭᠠᠨ᠎ᠠ᠃ ᠪᠠᠭᠠᠵᠢ ᠵᠡᠪᠰᠡᠭ ᠢᠶᠠᠷ ᠲᠡᠮᠡᠴᠡᠬᠦ ᠭᠢᠭᠡᠳ ᠴᠤᠭᠯᠠᠭᠠᠨ ᠪᠤᠯᠵᠤ ᠭᠡᠷᠡᠭ ᠥᠳᠥᠭᠡᠬᠦ ᠪᠠᠴᠢᠮ ᠪᠠᠶᠢᠳᠠᠯ ᠢ ᠠᠷᠭᠠᠴᠠᠬᠤ ᠳᠤ᠄        ① ᠵᠡᠪᠰᠡᠭ ᠢᠶᠠᠷ ᠲᠡᠮᠡᠴᠡᠬᠦ ᠪᠤᠯᠤᠨ ᠴᠤᠯᠠᠭᠠᠨ ᠪᠤᠯᠵᠤ ᠭᠡᠷᠡᠭ ᠡᠳᠥᠭᠰᠡᠨ ᠭᠡᠷᠡᠭ ᠲᠤ ᠪᠤᠯ᠂ ᠨᠡᠶᠢᠳᠡ ᠤᠯᠠᠨ ᠢᠶᠠᠷ ᠢᠶᠠᠨ ᠲᠥᠪ ᠨᠠᠮᠵᠢᠭᠤᠨ ᠤᠪᠤᠷ ᠢᠶᠠᠷ ᠬᠠᠨᠳᠤᠵᠤ᠂ ᠥᠪᠡᠷ ᠤᠨ ᠥᠵᠡᠯᠳᠡ ᠪᠠ ᠰᠠᠨᠠᠯ ᠢᠶᠠᠨ ᠲᠤᠷᠠᠳᠬᠤ ᠥᠭᠡᠢ ᠪᠠᠶᠢᠵᠤ ᠭᠡᠯᠡ ᠠᠮᠠ ᠠᠴᠠ ᠪᠤᠯᠵᠤ ᠭᠡᠷᠡᠭ ᠡᠳᠥᠬᠦ ᠠᠴᠠ ᠵᠠᠶᠢᠯᠠᠰᠭᠢᠨ᠎ᠠ᠃       ② ᠵᠡᠪᠰᠡᠭ ᠢᠶᠠᠷ ᠲᠡᠮᠡᠴᠡᠬᠦ ᠪᠤᠶᠤ ᠭᠡᠷᠡᠭ ᠥᠳᠥᠭᠡᠵᠤ ᠪᠥᠬᠦᠢ ᠲᠤᠬᠠᠢ ᠶᠢᠨ ᠲᠠᠯᠠᠪᠠᠢ ᠠᠴᠠ ᠵᠠᠶᠢᠳᠠᠭᠤ ᠪᠠᠶᠢᠵᠤ᠂ ᠬᠠᠤᠯᠢ ᠪᠤᠰᠤ ᠶᠢᠨ ᠰᠢᠷᠬᠠᠳᠤᠯ ᠳᠤ ᠤᠨᠤᠭᠳᠠᠬᠤ ᠠᠴᠠ ᠵᠠᠶᠢᠯᠠᠰᠭᠢᠵᠤ ᠪᠡᠶ᠎ᠡ ᠪᠠᠨ ᠬᠠᠮᠠᠭᠠᠯᠠᠬᠤ ᠶᠢ ᠠᠩᠬᠠᠷᠤᠨ᠎ᠠ᠃       ᠰᠠᠨᠠᠭᠤᠯᠬᠤ ᠨᠢ᠄       ᠤᠷᠤᠯᠴᠠᠬᠤ ᠥᠭᠡᠢ᠂ ᠪᠦᠬᠡᠮᠨᠡᠷᠡᠨ ᠥᠵᠡᠬᠦ ᠥᠭᠡᠢ᠂ ᠴᠤᠭᠯᠠᠷᠠᠬᠤ ᠥᠭᠡᠢ᠂ ᠲᠥᠷᠭᠡᠨ ᠴᠠᠭᠳᠠᠭ᠎ᠠ ᠳᠤ ᠮᠡᠳᠡᠬᠦᠯᠬᠦ ᠭᠡᠷᠡᠭᠳᠡᠢ᠃  
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ