5. ᠵᠠᠮ ᠬᠠᠷᠢᠯᠴᠠᠭᠠᠨ ᠤ ᠡ᠊ᠨᠳᠡᠯ ᠢ ᠴᠠᠭᠳᠠᠭ᠎ᠠ ᠳᠤ ᠮᠡᠳᠡᠬᠦᠯᠬᠦ 122 ᠤᠳᠠᠰᠤ
ᠨᠡᠶᠢᠲᠡᠯᠡᠭᠰᠡᠨ ᠴᠠᠭ᠄
2015/11/17
        ᠵᠠᠮ ᠬᠠᠷᠢᠯᠴᠠᠭᠠᠨ ᠤ ᠠᠳᠡᠯ ᠡᠬᠦᠰᠥᠭᠰᠡᠨ ᠪᠤᠶᠤ ᠵᠠᠮ ᠬᠠᠷᠢᠯᠴᠠᠭᠠᠨ ᠤ ᠵᠢᠭᠤᠷᠠᠭᠠᠨ ᠡᠬᠦᠰᠪᠡᠯ  122 ᠴᠠᠭᠳᠠᠭ᠎ᠠ ᠳᠤ ᠮᠡᠳᠡᠬᠦᠯᠬᠦ ᠤᠳᠠᠰᠤ ᠪᠠᠷ ᠭᠡᠷᠡᠭ ᠮᠡᠳᠡᠬᠦᠯᠵᠤ ᠪᠤᠯᠤᠨ᠎ᠠ᠃ ᠵᠠᠮ ᠬᠠᠷᠢᠯᠴᠠᠭᠠᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ᠄        ︵1︶ 122 ᠤᠳᠠᠰᠤ ᠪᠠᠷ ᠤᠳᠠᠰᠤᠳᠠᠬᠤ ᠳᠠᠭᠠᠨ ᠡᠷᠭᠡᠪᠰᠢ ᠠᠳᠡᠯ ᠡᠬᠦᠰᠥᠭᠰᠡᠨ ᠭᠠᠵᠠᠷ ᠤᠷᠤᠨ ᠬᠢᠭᠡᠳ ᠬᠥᠮᠥᠨ᠂ ᠲᠡᠷᠭᠡ ᠬᠥᠰᠭᠡ ᠶᠢᠨ ᠰᠥᠢᠳᠥᠭᠰᠡᠨ ᠪᠠᠶᠢᠳᠠᠯ ᠢ ᠲᠤᠳᠤᠷᠬᠠᠢ ᠭᠡᠯᠡᠵᠤ ᠦᠭᠭᠦᠨ᠎ᠡ᠃         ︵2︶ ᠬᠤᠶᠠᠷ ᠡᠳᠡᠭᠡᠳ ᠢᠶᠠᠷ ᠢᠶᠠᠨ ᠥᠪᠡᠰᠥᠪᠡᠨ ᠰᠢᠢᠳᠪᠥᠷᠢᠯᠡᠵᠤ ᠪᠤᠯᠤᠨ᠎ᠠ ᠭᠡᠵᠤ ᠥᠵᠡᠭᠰᠡᠨ ᠭᠡᠷᠡᠭ ᠡ᠊ᠨᠳᠡᠯ ᠳᠤ ᠲᠡᠷᠭᠡ ᠬᠥᠰᠭᠡ ᠪᠠᠨ ᠵᠠᠮ ᠬᠠᠷᠢᠯᠴᠠᠭ᠎ᠠ ᠶᠢ ᠬᠠᠷᠰᠢᠯᠠᠬᠤ ᠥᠭᠡᠢ ᠭᠠᠵᠠᠷ ᠲᠤ ᠰᠢᠯᠵᠢᠬᠦᠯᠥᠨ ᠵᠥᠪᠳᠡᠯᠴᠡᠨ ᠰᠢᠢᠳᠪᠥᠷᠢᠯᠡᠨ᠎ᠡ᠃ ᠪᠤᠰᠤᠳ ᠭᠡᠷᠡᠭ ᠡ᠊ᠨᠳᠡᠯ ᠳᠤ ᠲᠤᠬᠠᠢ ᠶᠢᠨ ᠲᠠᠯᠠᠪᠠᠢ ᠠᠴᠠ ᠰᠢᠯᠵᠢᠬᠦᠯᠬᠦ ᠴᠢᠬᠤᠯᠠ ᠲᠠᠢ ᠪᠤᠯ ᠭᠡᠷᠡᠭ ᠡ᠊ᠨᠳᠡᠯ ᠤᠨ ᠲᠤᠬᠠᠢ ᠶᠢᠨ ᠲᠠᠯᠠᠪᠠᠢ ᠶᠢ ᠲᠤᠳᠤᠷᠬᠠᠢᠢᠯᠠᠨ ᠲᠡᠮᠳᠡᠭᠯᠡᠵᠤ᠂ ᠲᠡᠷᠭᠡ ᠬᠥᠰᠭᠡ ᠪᠠᠨ ᠵᠠᠮ ᠬᠠᠷᠢᠯᠴᠠᠭ᠎ᠠ ᠶᠢ ᠬᠠᠷᠰᠢᠯᠠᠬᠤ ᠥᠭᠡᠢ ᠭᠠᠵᠠᠷ ᠲᠤ ᠰᠢᠯᠵᠢᠬᠦᠯᠥᠨ᠂ ᠵᠠᠮ ᠬᠠᠷᠢᠯᠴᠠᠭᠠᠨ ᠤ ᠴᠠᠭᠳᠠᠭ᠎ᠠ ᠢᠷᠡᠵᠤ ᠰᠢᠢᠳᠪᠥᠷᠢᠯᠡᠬᠦ ᠶᠢ ᠬᠦᠯᠢᠶᠡᠨ᠎ᠡ᠃        ︵3︶ ᠵᠠᠮ ᠬᠠᠷᠢᠯᠴᠠᠭᠠᠨ ᠤ ᠠᠳᠡᠯ ᠠᠴᠠ ᠤᠷᠭᠤᠨ ᠲᠤᠳᠠᠭᠠᠭᠰᠠᠨ ᠲᠡᠷᠭᠡ ᠬᠥᠰᠭᠡ ᠲᠤᠬᠢᠶᠠᠯᠳᠤᠪᠠᠯ᠂ ᠡ᠊ᠨᠳᠡᠯ ᠡᠬᠦᠰᠭᠡᠭᠰᠡᠨ ᠲᠡᠷᠭᠡ ᠬᠥᠰᠭᠡ ᠶᠢᠨ ᠲᠡᠷᠭᠡᠨ ᠨᠤᠮᠧᠷ ᠢ ᠲᠡᠮᠳᠡᠭᠯᠡᠨ ᠠᠪᠤᠨ᠎ᠠ᠃ ᠭᠡᠷᠪᠡ ᠡ᠊ᠨᠳᠡᠯ ᠡᠬᠦᠰᠭᠡᠭᠰᠡᠨ ᠲᠡᠷᠭᠡ ᠬᠥᠰᠭᠡ ᠶᠢᠨ ᠲᠡᠷᠭᠡᠨ ᠤ ᠨᠤᠮᠧᠷ ᠢ ᠠᠩᠬᠠᠷᠴᠤ ᠠᠮᠵᠢᠭᠰᠠᠨ ᠥᠭᠡᠢ ᠪᠤᠯ ᠡ᠊ᠨᠳᠡᠯ ᠡᠬᠦᠰᠭᠡᠭᠰᠡᠨ ᠲᠡᠷᠭᠡ ᠬᠥᠰᠭᠡ ᠶᠢᠨ ᠲᠡᠷᠭᠡᠨ ᠤ ᠭᠡᠯᠪᠡᠷᠢ ᠶᠠᠩᠵᠤ᠂ ᠥᠡᠭᠭᠡ ᠲᠥᠷᠰᠤ ᠵᠡᠷᠭᠡ ᠭᠤᠤᠯ ᠤᠨᠴᠠᠯᠢᠬ ᠢ ᠨᠢ ᠲᠡᠮᠳᠡᠭᠯᠡᠨ ᠠᠪᠴᠤ ᠪᠠᠶᠢᠭᠠᠷᠠᠢ᠃         ︵4︶ ᠵᠠᠮ ᠬᠠᠷᠢᠯᠴᠠᠭᠠᠨ ᠤ ᠠᠳᠡᠯ ᠳᠤ ᠬᠥᠮᠥᠨ ᠥᠬᠦᠵᠤ ᠰᠢᠷᠬᠠᠳᠤᠭᠰᠠᠨ ᠪᠤᠯ ᠲᠡᠷᠡ ᠲᠡᠷᠤᠢ ᠳᠤᠨᠢ ᠪᠠᠴᠢᠮ ᠠᠪᠤᠷᠠᠯᠳᠠ ᠶᠢᠨ ᠲᠤᠰᠠᠯᠠᠮᠵᠢ ᠭᠤᠶᠤᠴᠢᠯᠠᠬᠤ 120 ᠳᠤ ᠤᠳᠠᠰᠤᠳᠠᠬᠤ ᠶᠢᠨ ᠵᠡᠷᠭᠡᠴᠡᠭᠡ ᠪᠠᠷ ᠲᠤᠬᠠᠢ ᠶᠢᠨ ᠲᠠᠯᠠᠪᠠᠢ ᠶᠢ ᠡᠪᠳᠡᠬᠦ ᠥᠭᠡᠢ᠂ ᠰᠢᠷᠬᠠᠳᠤᠭᠰᠠᠳ ᠢ ᠲᠤᠷ᠎ᠠ ᠪᠠᠷ ᠢᠶᠠᠨ ᠰᠢᠯᠵᠢᠬᠦᠯᠬᠦ ᠥᠭᠡᠢ ᠪᠠᠶᠢᠬᠤ ᠭᠡᠷᠡᠭᠳᠡᠢ᠃        ᠰᠠᠨᠠᠭᠤᠯᠬᠤ ᠨᠢ᠄        ︵1︶ 122 ᠤᠳᠠᠰᠤ ᠪᠤᠯ ᠰᠥᠢᠳᠭᠡᠯ ᠠᠪᠳᠠᠭ ᠥᠭᠡᠢ᠂ ᠮᠥᠡᠭᠬᠦᠨ ᠵᠤᠭᠤᠰ ᠤᠷᠬᠢᠬᠤ᠂ ᠰᠤᠷᠢᠨᠵᠢᠨ ᠺᠠᠷᠲ ᠭᠡᠷᠡᠭᠯᠡᠬᠦ ᠵᠡᠷᠭᠡ ᠠᠷᠭ᠎ᠠ ᠪᠠᠷ ᠨᠡᠶᠢᠳᠡ ᠶᠢᠨ ᠬᠡᠷᠡᠭᠯᠡᠭᠡᠨ ᠤ ᠤᠳᠠᠰᠤ ᠪᠠᠷ ᠪᠥᠷ ᠰᠢᠭᠤᠳ ᠤᠳᠠᠰᠤᠳᠠᠵᠤ ᠪᠤᠯᠤᠨ᠎ᠠ᠃         ︵2︶ ᠵᠠᠮ ᠬᠠᠷᠢᠯᠴᠠᠭᠠᠨ ᠤ ᠴᠠᠭᠳᠠᠭ᠎ᠠ ᠶᠢ ᠡᠷᠢᠵᠤ᠂ ᠵᠠᠮ ᠬᠠᠷᠢᠯᠴᠠᠭᠠᠨ ᠤ ᠡ᠊ᠨᠳᠡᠯ ᠢ ᠰᠢᠢᠳᠪᠥᠷᠢᠯᠡᠬᠦ ᠪᠤᠯ ᠬᠠᠮᠤᠭ ᠰᠠᠶᠢᠨ ᠰᠢᠢᠳᠪᠥᠷᠢᠯᠡᠬᠦ ᠠᠷᠭ᠎ᠠ ᠪᠠᠷᠢᠯ ᠪᠤᠯᠤᠨ᠎ᠠ᠃        ︵3︶ ᠵᠠᠮ ᠬᠠᠷᠢᠯᠴᠠᠭᠠᠨ ᠤ ᠴᠠᠭᠳᠠᠭ᠎ᠠ ᠨᠢ ᠲᠤᠬᠠᠢ ᠶᠢᠨ ᠲᠠᠯᠠᠪᠠᠢ ᠳᠤ ᠬᠥᠷᠬᠦ ᠠᠴᠠ ᠡᠮᠥᠨ᠎ᠡ ᠲᠤᠬᠠᠢ ᠶᠢᠨ ᠲᠠᠯᠠᠪᠠᠢ ᠶᠢ ᠬᠠᠮᠠᠭᠠᠯᠠᠨ᠎ᠠ᠃  
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ