| ᠡᠮᠴᠢᠯᠡᠭᠡ ᠶᠢᠨ ᠪᠠᠴᠢᠮ ᠠᠪᠤᠷᠠᠯᠳᠠ ᠶᠢᠨ ᠥᠢᠯᠡᠴᠢᠯᠡᠭᠡ ᠠᠪᠬᠤ ᠴᠢᠬᠤᠯᠠ ᠲᠠᠢ ᠥᠶ᠎ᠡ ᠳᠤ 120 ᠡᠮᠴᠢᠯᠡᠭᠡ ᠶᠢᠨ ᠪᠠᠴᠢᠮ ᠠᠪᠤᠷᠠᠯᠳᠠ ᠶᠢᠨ 120 | ᠤᠳᠠᠰᠤ ᠶᠢ ᠤᠳᠠᠰᠤᠳᠠᠭᠠᠷᠠᠢ᠃ ᠠᠪᠤᠷᠠᠯᠳᠠ ᠶᠢᠨ ᠪᠠᠴᠢᠮ ᠪᠠᠶᠢᠳᠠᠯ ᠢ ᠠᠷᠭᠠᠴᠠᠬᠤ ᠳᠤ᠄ | ︵1︶ ᠤᠳᠠᠰᠤ ᠨᠡᠪᠳᠡᠷᠡᠭᠰᠡᠨ ᠤ ᠲᠠᠷᠠᠭ᠎ᠠ ᠡᠪᠡᠳᠴᠢᠳᠡᠨ ᠤ ᠤᠷᠤᠨ ᠪᠠᠶᠢᠷᠢ᠂ ᠨᠠᠰᠤ ᠵᠢᠯ᠂ ᠬᠥᠢᠰᠤ ᠢᠯᠭᠠᠯ ᠪᠤᠯᠤᠨ ᠡᠪᠡᠳᠴᠢᠨ ᠤ ᠪᠠᠶᠢᠳᠠᠯ ᠢ ᠲᠤᠳᠤᠷᠬᠠᠢ | ᠭᠡᠯᠡᠵᠤ ᠥᠭᠬᠦ ᠭᠡᠷᠡᠭᠳᠡᠢ᠃ ᠭᠡᠷᠪᠡ ᠤᠷᠤᠨ ᠪᠠᠶᠢᠷᠢ ᠶᠢ ᠨᠢ ᠲᠤᠳᠤᠷᠬᠠᠢ ᠮᠡᠳᠡᠬᠦ ᠥᠭᠡᠢ ᠪᠤᠯ ᠶᠡᠭᠡ ᠲᠥᠯᠥᠪ ᠵᠥᠭ ᠴᠢᠭᠯᠡᠯ ᠢ ᠨᠢ ᠲᠤᠳᠤᠷᠬᠠᠢᠢᠯᠠᠵᠤ᠂ ᠠᠯᠢ ᠶᠡᠭᠡ | ᠵᠡᠭᠡᠯᠢ᠂ ᠶᠠᠮᠠᠷ ᠴᠢᠭᠯᠡᠯ᠂ ᠶᠠᠮᠠᠷ ᠪᠠᠷᠢᠯᠭ᠎ᠠ ᠶᠢᠨ ᠤᠢᠢᠷᠠᠯᠴᠠᠭ᠎ᠠ ᠪᠠᠶᠢᠬᠤ ᠵᠡᠷᠭᠡ ᠶᠢ ᠭᠡᠯᠡᠵᠤ ᠥᠭᠬᠦ ᠭᠡᠷᠡᠭᠳᠡᠢ᠃ | ︵2︶ ᠡᠪᠡᠳᠴᠢᠳᠡᠨ ᠤ ᠡᠪᠡᠳᠴᠢᠨ ᠤ ᠨᠡᠶᠢᠳᠡᠯᠢᠭ ᠢᠯᠡᠷᠡᠯ ᠪᠠᠶᠢᠳᠠᠯ ᠢ ᠴᠢᠳᠠᠬᠤ ᠶᠢᠨ ᠲᠤᠳᠤᠷ᠎ᠠ ᠲᠤᠳᠤᠷᠬᠠᠢ ᠭᠡᠯᠡᠵᠤ ᠥᠭᠬᠦ ᠭᠡᠷᠡᠭᠳᠡᠢ᠃ ᠵᠢᠱᠢᠶᠡᠯᠡᠪᠡᠯ | ᠴᠡᠭᠡᠵᠢᠨ ᠪᠡᠶ᠎ᠡ ᠨᠢ ᠡᠪᠡᠳᠴᠤ ᠪᠠᠶᠢᠬᠤ᠂ ᠤᠬᠠᠭᠠᠨ ᠠᠯᠳᠠᠭᠰᠠᠨ᠂ ᠴᠢᠰᠤ ᠪᠠᠷ ᠪᠥᠭᠡᠯᠵᠢᠭᠰᠡᠨ᠂ ᠵᠤᠭᠰᠤᠯ ᠥᠭᠡᠢ ᠪᠥᠭᠡᠯᠵᠢᠵᠤ ᠪᠠᠶᠢᠭ᠎ᠠ᠂ ᠠᠮᠢᠰᠬᠤᠯ ᠨᠢ | ᠬᠥᠴᠢᠷᠳᠡᠭᠰᠡᠨ ᠵᠡᠷᠭᠡ᠃ | ︵3︶ ᠡᠪᠡᠳᠴᠢᠳᠡᠨ ᠤ ᠪᠠᠶᠢᠳᠠᠯ ᠪᠤᠶᠤ ᠰᠢᠷᠬᠠᠳᠤᠭᠰᠠᠨ ᠴᠠᠭ ᠬᠤᠭᠤᠴᠠᠭ᠎ᠠ ᠶᠢ ᠨᠢ ᠴᠢᠳᠠᠬᠤ ᠶᠢᠨ ᠲᠤᠳᠤᠷ᠎ᠠ ᠲᠤᠳᠤᠷᠬᠠᠢ ᠭᠡᠯᠡᠵᠤ ᠥᠭᠬᠦ ᠭᠡᠷᠡᠭᠳᠡᠢ᠃ | ᠭᠡᠷᠪᠡ ᠰᠠᠨᠠᠭᠠᠨ ᠳᠤ ᠥᠭᠡᠢ ᠪᠠᠷ ᠰᠢᠷᠬᠠᠳᠤᠵᠤ ᠭᠡᠮᠳᠥᠭᠰᠡᠨ ᠪᠤᠯ ᠰᠢᠷᠬᠠᠳᠤᠭᠰᠠᠨ ᠰᠢᠨᠵᠢ ᠴᠢᠨᠠᠷ ᠢ ᠲᠤᠳᠤᠷᠬᠠᠢᠢᠯᠠᠬᠤ ᠭᠡᠷᠡᠭᠳᠡᠢ᠃ ᠵᠢᠱᠢᠶᠡᠯᠡᠪᠡᠯ ᠴᠠᠬᠢᠯᠭᠠᠨ | ᠳᠤ ᠴᠤᠬᠢᠭᠳᠠᠭᠰᠠᠨ᠂ ᠲᠡᠯᠪᠡᠷᠡᠯᠳᠡ ᠳᠤ ᠤᠴᠠᠷᠠᠭᠰᠠᠨ᠂ ᠨᠤᠷᠠᠯᠳᠠ ᠳᠤ ᠤᠴᠠᠷᠠᠭᠰᠠᠨ᠂ ᠤᠰᠤᠨ ᠳᠤ ᠴᠠᠴᠠᠭᠰᠠᠨ᠂ ᠭᠠᠯ ᠲᠥᠢᠮᠡᠷ ᠤᠨ ᠠᠶᠤᠯ ᠳᠤ ᠲᠤᠯᠭᠠᠷᠠᠭᠰᠠᠨ᠂ | ᠬᠤᠤᠷᠳᠠᠭᠳᠠᠭᠰᠠᠨ᠂ ᠵᠠᠮ ᠬᠠᠷᠢᠯᠴᠠᠭᠠᠨ ᠤ ᠡ᠊ᠨᠳᠡᠯ ᠵᠡᠷᠭᠡ ᠶᠢ ᠲᠤᠳᠤᠷᠬᠠᠢ ᠭᠡᠯᠡᠵᠤ ᠥᠭᠬᠦ ᠶᠢᠨ ᠬᠠᠮᠳᠤ ᠰᠢᠷᠬᠠᠳᠤᠭᠰᠠᠨ ᠬᠥᠮᠥᠰ ᠤᠨ ᠰᠢᠷᠬ᠎ᠠ ᠶᠢᠨ ᠤᠷᠤᠨ ᠪᠠᠶᠢᠷᠢ | ᠪᠠ ᠪᠠᠶᠢᠳᠠᠯ ᠢ ᠮᠡᠳᠡᠬᠦᠯᠬᠦ ᠭᠡᠷᠡᠭᠳᠡᠢ᠃ | ︵4︶ ᠥᠪᠡᠷ ᠤᠨ ᠲᠤᠰ ᠪᠡᠶ᠎ᠡ ᠶᠢᠨ ᠤᠨᠴᠠᠭᠠᠢ ᠱᠠᠭᠠᠷᠳᠠᠯᠭ᠎ᠠ ᠪᠠᠨ ᠴᠢᠳᠠᠬᠤ ᠶᠢᠨ ᠲᠤᠳᠤᠷ᠎ᠠ ᠲᠤᠳᠤᠷᠬᠠᠢ ᠭᠡᠯᠡᠵᠤ᠂ ᠪᠠᠴᠢᠮ ᠠᠪᠤᠷᠠᠯᠳᠠ ᠶᠢᠨ ᠲᠡᠷᠭᠡ | ᠬᠥᠷᠴᠤ ᠢᠷᠡᠬᠦ ᠴᠠᠭ ᠢ ᠤᠢᠢᠯᠠᠭᠠᠵᠤ᠂ ᠲᠡᠷᠭᠡ ᠲᠤᠰᠬᠤ ᠪᠠᠷ ᠪᠡᠯᠡᠳᠭᠡᠬᠦ ᠭᠡᠷᠡᠭᠳᠡᠢ᠃ | ᠰᠠᠨᠠᠭᠤᠯᠬᠤ ᠨᠢ᠄ | ︵1︶ 120 ᠤᠳᠠᠰᠤ ᠪᠤᠯ ᠰᠥᠢᠳᠭᠡᠯ ᠠᠪᠳᠠᠭ ᠥᠭᠡᠢ᠂ ᠮᠥᠡᠭᠬᠦᠨ ᠵᠤᠭᠤᠰ ᠤᠷᠬᠢᠬᠤ᠂ ᠰᠤᠷᠢᠨᠵᠢᠨ ᠺᠠᠷᠲ ᠭᠡᠷᠡᠭᠯᠡᠬᠦ ᠵᠡᠷᠭᠡ ᠠᠷᠭ᠎ᠠ ᠪᠠᠷ ᠨᠡᠶᠢᠳᠡ | ᠶᠢᠨ ᠭᠡᠷᠡᠭᠯᠡᠭᠡᠨ ᠤ ᠤᠳᠠᠰᠤ ᠪᠠᠷ ᠪᠥᠷ ᠰᠢᠭᠤᠳ ᠤᠳᠠᠰᠤᠳᠠᠵᠤ ᠪᠤᠯᠤᠨ᠎ᠠ᠃ | ︵2︶ ᠭᠡᠷᠪᠡ ᠡᠪᠡᠳᠴᠢᠳᠡᠨ ᠤ ᠲᠡᠥᠭᠡ ᠶᠢ ᠤᠢᠢᠯᠠᠭᠠᠳᠠᠭ ᠪᠤᠯ ᠪᠠᠴᠢᠮ ᠠᠪᠤᠷᠠᠯᠳᠠ ᠶᠢᠨ ᠥᠢᠯᠡᠴᠢᠯᠡᠭᠡ ᠲᠠᠭᠤᠳᠠᠬᠤ ᠥᠶ᠎ᠡ ᠳᠤ ᠪᠠᠴᠢᠮ ᠠᠪᠤᠷᠠᠯᠳᠠ ᠶᠢᠨ | ᠠᠵᠢᠯᠳᠠᠨ ᠳᠤ ᠯᠠᠪᠯᠠᠯᠳᠠ ᠬᠠᠨᠭ᠍ᠭᠠᠵᠤ ᠥᠭᠬᠦ ᠭᠡᠷᠡᠭᠳᠡᠢ᠃ |