| ᠭᠠᠯ ᠲᠥᠢᠮᠡᠷ ᠤᠨ ᠪᠠᠶᠢᠳᠠᠯ ᠢ ᠰᠡᠷᠡᠵᠤ ᠮᠡᠳᠡᠪᠡᠯ᠂ ᠲᠡᠷᠡ ᠲᠠᠷᠤᠢ ᠳᠤᠨᠢ ᠴᠠᠭᠳᠠᠭ᠎ᠠ ᠳᠤ ᠭᠡᠷᠡᠭ ᠮᠡᠳᠡᠬᠦᠯᠬᠦ ᠪᠤᠯ ᠠᠷᠠᠳ ᠢᠷᠭᠡᠳ ᠨᠢᠭᠡᠪᠥᠷᠢ ᠶᠢᠨ | ᠬᠥᠢᠴᠡᠳᠭᠡᠪᠡᠰᠤ ᠵᠤᠬᠢᠬᠤ ᠡᠬᠦᠷᠭᠡ ᠬᠠᠷᠢᠭᠤᠴᠠᠯᠭ᠎ᠠ ᠪᠤᠯᠤᠨ᠎ᠠ᠃ ᠶᠠᠮᠠᠷᠪᠠ ᠨᠢᠭᠡᠴᠢ᠂ ᠬᠤᠪᠢ ᠬᠥᠮᠥᠨ ᠭᠡᠳ ᠴᠥᠮ ᠬᠥᠯᠥᠰᠤ ᠬᠠᠷᠠᠮᠵᠢ ᠠᠪᠬᠤ ᠥᠭᠡᠢ ᠪᠠᠷ | ᠴᠠᠭᠳᠠᠭ᠎ᠠ ᠳᠤ ᠭᠡᠷᠡᠭ ᠮᠡᠳᠡᠬᠦᠯᠬᠦ ᠳᠤᠨᠢ ᠲᠥᠬᠦᠮ ᠥᠵᠡᠬᠦᠯᠬᠦ ᠭᠡᠷᠡᠭᠳᠡᠢ᠃ ᠭᠠᠯ ᠤᠨᠳᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠳᠤ᠄ | ︵1︶ 119 ᠳᠤ ᠤᠳᠠᠰᠤᠳᠠᠬᠤ ᠳᠠᠭᠠᠨ᠂ ᠡᠷᠭᠡᠪᠰᠢ ᠭᠠᠯ ᠲᠥᠢᠮᠡᠷ ᠡᠬᠦᠰᠥᠭᠰᠡᠨ ᠤᠷᠤᠨ ᠪᠠᠶᠢᠷᠢ ᠶᠢ ᠨᠢ ᠲᠤᠳᠤᠷᠬᠠᠢ ᠮᠡᠳᠡᠬᠦᠯᠬᠦ ᠭᠡᠷᠡᠭᠳᠡᠢ᠃ ᠭᠡᠷᠪᠡ | ᠭᠠᠯ ᠲᠥᠢᠮᠡᠷ ᠡᠬᠦᠰᠥᠭᠰᠡᠨ ᠭᠠᠵᠠᠷ ᠤᠨ ᠨᠡᠷᠡᠶᠢᠳᠥᠯ ᠢ ᠮᠡᠳᠡᠬᠦ ᠥᠭᠡᠢ ᠪᠤᠯ ᠤᠢᠢᠷ᠎ᠠ ᠬᠠᠪᠢ ᠶᠢᠨ ᠬᠢᠨᠢ ᠢᠯᠡ ᠲᠤᠳᠤ ᠲᠡᠮᠳᠡᠭ ᠲᠠᠢ᠂ ᠵᠢᠱᠢᠶᠡᠯᠡᠪᠡᠯ ᠪᠠᠷᠢᠯᠭ᠎ᠠ ᠵᠡᠷᠭᠡ ᠶᠢ | ᠴᠢᠳᠠᠬᠤ ᠶᠢᠨ ᠲᠤᠳᠤᠷ᠎ᠠ ᠲᠤᠳᠤᠷᠬᠠᠢ ᠭᠡᠯᠡᠵᠤ ᠥᠭᠬᠦ ᠭᠡᠷᠡᠭᠳᠡᠢ᠃ | ︵2︶ ᠭᠠᠯ ᠲᠥᠢᠮᠡᠷ ᠡᠬᠦᠰᠥᠭᠰᠡᠨ ᠤᠷᠤᠨ ᠪᠠᠶᠢᠷᠢ᠂ ᠰᠢᠳᠠᠭᠳᠠᠭᠰᠠᠨ ᠡᠳ᠋ ᠪᠤᠳᠠᠰ᠂ ᠭᠠᠯ ᠲᠥᠢᠮᠡᠷ ᠤᠨ ᠶᠡᠭᠡ ᠪᠠᠭ᠎ᠠ ᠶᠢᠨ ᠭᠡᠮᠵᠢᠶ᠎ᠡ᠂ ᠬᠥᠮᠥᠨ | ᠬᠤᠷᠢᠬᠳᠠᠭᠰᠠᠨ ᠡᠰᠡᠬᠦ ᠵᠡᠷᠭᠡ ᠶᠢᠨ ᠪᠠᠶᠢᠳᠠᠯ ᠢ ᠴᠢᠳᠠᠬᠤ ᠶᠢᠨ ᠲᠤᠳᠤᠷ᠎ᠠ ᠲᠤᠳᠤᠷᠬᠠᠢ ᠭᠡᠯᠡᠵᠤ ᠥᠭᠬᠦ ᠭᠡᠷᠡᠭᠳᠡᠢ᠃ | ︵3︶ ᠭᠠᠯ ᠤᠨᠳᠠᠷᠠᠭᠠᠬᠤ ᠲᠡᠷᠭᠡ ᠬᠥᠷᠬᠦ ᠠᠴᠠ ᠡᠮᠥᠨ᠎ᠡ ᠭᠠᠯ ᠤᠨᠳᠠᠷᠠᠭᠠᠬᠤ ᠠᠷᠭ᠎ᠠ ᠭᠡᠮᠵᠢᠶ᠎ᠡ ᠠᠪᠴᠤ᠂ ᠭᠠᠯ ᠲᠥᠢᠮᠡᠷ ᠤᠨ ᠶᠡᠭᠡᠰᠤᠨ ᠥᠷᠭᠡᠵᠢᠬᠦ ᠠᠴᠠ | ᠰᠡᠷᠭᠡᠶᠢᠯᠡᠬᠦ ᠭᠡᠷᠡᠭᠳᠡᠢ᠂ ᠭᠠᠯ ᠤᠨᠳᠠᠷᠠᠭᠠᠬᠤ ᠥᠶ᠎ᠡ ᠳᠤ ᠥᠪᠡᠷ ᠤᠨ ᠢᠶᠠᠨ ᠠᠮᠤᠷ ᠲᠥᠪᠰᠢᠨ ᠢ ᠠᠩᠬᠠᠷᠤᠨ᠎ᠠ᠃ | ᠰᠠᠨᠠᠭᠤᠯᠬᠤ ᠨᠢ᠄ | ︵1︶ 119 ᠤᠳᠠᠰᠤ ᠪᠤᠯ ᠰᠥᠢᠳᠭᠡᠯ ᠠᠪᠳᠠᠭ ᠥᠭᠡᠢ᠂ ᠮᠥᠡᠭᠬᠦᠨ ᠵᠤᠭᠤᠰ ᠤᠷᠬᠢᠬᠤ᠂ ᠰᠤᠷᠢᠨᠵᠢᠨ ᠺᠠᠷᠲ ᠭᠡᠷᠡᠭᠯᠡᠬᠦ ᠵᠡᠷᠭᠡ ᠠᠷᠭ᠎ᠠ ᠪᠠᠷ ᠨᠡᠶᠢᠳᠡ ᠶᠢᠨ | ᠭᠡᠷᠡᠭᠯᠡᠭᠡᠨ ᠤ ᠤᠳᠠᠰᠤ ᠪᠠᠷ ᠪᠥᠷ ᠰᠢᠭᠤᠳ ᠤᠳᠠᠰᠤᠳᠠᠵᠤ ᠪᠤᠯᠤᠨ᠎ᠠ᠃ | ︵2︶ 119 ᠤᠳᠠᠰᠤ ᠶᠢ ᠪᠠᠰᠠ ᠪᠤᠰᠤᠳ ᠭᠠᠮᠰᠢᠬ ᠪᠤᠶᠤ ᠭᠡᠷᠡᠭ ᠡ᠊ᠨᠳᠡᠯ ᠠᠴᠠ ᠠᠪᠤᠷᠠᠨ ᠲᠤᠰᠠᠯᠠᠬᠤ ᠠᠵᠢᠯ ᠳᠤ ᠭᠡᠷᠡᠭᠯᠡᠵᠤ ᠪᠤᠯᠤᠨ᠎ᠠ᠃ ᠡᠬᠦᠨ ᠳᠤ | ᠡᠯ᠎ᠡ ᠵᠥᠢᠯ ᠤᠨ ᠬᠢᠮᠢ ᠶᠢᠨ ᠠᠶᠤᠯᠳᠤ ᠪᠤᠳᠠᠰ ᠨᠡᠪᠴᠢᠨ ᠲᠠᠷᠬᠠᠭᠰᠠᠨ ᠭᠡᠷᠡᠭ ᠠᠴᠠ ᠠᠪᠤᠷᠠᠨ ᠲᠤᠰᠠᠯᠠᠬᠤ᠂ ᠥᠶᠡᠷ ᠤᠰᠤᠨ ᠤ ᠭᠠᠮᠰᠢᠬ᠂ ᠰᠠᠯᠬᠢᠨ ᠤ ᠭᠠᠮᠰᠢᠬ᠂ | ᠭᠠᠵᠠᠷ ᠬᠥᠳᠡᠯᠥᠯᠳᠡ ᠵᠡᠷᠭᠡ ᠬᠥᠨᠳᠤ ᠶᠡᠭᠡ ᠪᠠᠶᠢᠭᠠᠯᠢ ᠶᠢᠨ ᠭᠠᠮᠰᠢᠬ ᠠᠴᠠ ᠠᠪᠤᠷᠠᠨ ᠲᠤᠰᠠᠯᠠᠬᠤ᠂ ᠠᠭᠠᠷ ᠤᠨ ᠠᠶᠠᠯᠠᠯ ᠤᠨ ᠠᠶᠤᠯ ᠵᠢᠴᠢ ᠬᠥᠨᠳᠤ ᠶᠡᠭᠡ ᠡ᠊ᠨᠳᠡᠯ | ᠠᠴᠠ ᠠᠪᠤᠷᠠᠨ ᠲᠤᠰᠠᠯᠠᠬᠤ᠂ ᠪᠠᠷᠢᠯᠭ᠎ᠠ ᠨᠤᠷᠠᠭᠰᠠᠨ ᠭᠡᠷᠡᠭ ᠠᠳᠡᠯ ᠠᠴᠠ ᠠᠪᠤᠷᠠᠨ ᠲᠤᠰᠠᠯᠠᠬᠤ᠂ ᠲᠠᠭᠠᠷᠢᠯᠳᠠ ᠳᠤ ᠤᠴᠠᠷᠠᠭᠰᠠᠨ ᠵᠡᠷᠭᠡ ᠭᠡᠨᠡᠳᠳᠡ ᠡᠬᠦᠰᠥᠭᠰᠡᠨ ᠭᠡᠷᠡᠭ | ᠤᠴᠢᠷ ᠢ ᠪᠠᠴᠢᠮ ᠠᠷᠭᠠᠴᠠᠭᠠᠵᠦ ᠠᠪᠤᠷᠠᠨ ᠲᠤᠰᠠᠯᠠᠬᠤ᠂ ᠨᠢᠭᠡᠴᠢ ᠬᠢᠭᠡᠳ ᠤᠯᠠᠨ ᠲᠥᠮᠡᠨ ᠠᠶᠤᠯ ᠲᠥᠭᠰᠢᠬᠦᠷᠢ ᠳᠤ ᠤᠴᠠᠷᠠᠵᠤ ᠲᠤᠰᠠᠯᠠᠮᠵᠢ ᠭᠤᠶᠤᠴᠢᠯᠠᠭᠰᠠᠨ ᠥᠶ᠎ᠡ | ᠳᠤ ᠠᠪᠤᠷᠠᠨ ᠲᠤᠰᠠᠯᠠᠬᠤ ᠵᠡᠷᠭᠡ ᠪᠠᠭᠳᠠᠨ᠎ᠠ᠃ | ︵3︶ ᠬᠤᠳᠠᠯ ᠢᠶᠠᠷ ᠭᠡᠷᠡᠭ ᠮᠡᠳᠡᠬᠦᠯᠬᠦ ᠪᠤᠶᠤ ᠮᠠᠭᠤ ᠰᠠᠨᠠᠭ᠎ᠠ ᠪᠠᠷ 119 ᠤᠳᠠᠰᠤ ᠶᠢ ᠰᠠᠮᠠᠭᠤᠷᠠᠭᠤᠯᠤᠭᠰᠠᠨ ᠥᠢᠯᠡ ᠠᠵᠢᠯᠯᠠᠭ᠎ᠠ ᠶᠢ ᠬᠠᠤᠯᠢ ᠴᠠᠭᠠᠵᠠ | ᠪᠠᠷ ᠰᠢᠳᠭᠡᠨ᠎ᠠ᠃ |