ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ ᠣᠷᠣᠬᠤ | ᠠᠰᠠᠭᠤᠳᠠᠯ ᠢ ᠨᠡᠩ ᠰᠠᠶᠢᠨ ᠰᠢᠢᠳᠪᠦᠷᠢᠯᠡᠵᠦ᠂ ᠮᠠᠯᠴᠢᠨ ᠲᠠᠷᠢᠶᠠᠴᠢᠳ ᠤᠨ ᠭᠡᠷ ᠪᠦᠯᠢ ᠶᠢᠨ ᠠᠵᠤ ᠠᠬᠤᠶ ᠶᠢᠨ | ᠳᠠᠷᠤᠭᠠᠰᠤ ᠶᠢ ᠤᠯᠠᠮ ᠨᠢᠭᠡ ᠠᠯᠬᠤᠮ ᠬᠥᠡᠭᠭᠡᠷᠡᠭᠦᠯᠦᠨ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠲᠥᠯᠦᠭᠡ᠂ | ᠬᠢᠩᠭᠠᠨ ᠠᠶᠢᠮᠠᠭ 2015 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠲᠤᠰᠢᠶᠠᠬᠤ ᠶᠢ ᠬᠡᠯᠲᠦᠷᠢᠭᠦᠯᠬᠦ᠂ ᠰᠦᠢᠳᠬᠡᠯ | ᠬᠤᠷᠢᠶᠠᠬᠤ ᠦᠭᠡᠢ ᠪᠠᠷ ᠰᠤᠷᠬᠤ ᠪᠢᠴᠢᠭ ᠬᠠᠨᠭ᠍ᠭᠠᠬᠤ ᠪᠡᠯᠡ ᠮᠥᠡᠭᠭᠦ 3345 ᠲᠥᠮᠡᠨ ᠲᠥᠭᠦᠷᠢᠭ ᠢ | ᠪᠤᠲᠠᠲᠠᠶᠢᠵᠢᠭᠤᠯᠪᠠ᠃ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠨᠢ ᠰᠤᠷᠤᠭᠴᠢ ᠪᠣᠯᠭᠠᠨ ᠵᠢᠯ ᠪᠦᠷᠢ | 2000 ᠲᠥᠭᠦᠷᠢᠭ ᠪᠣᠯᠤᠨ᠎ᠠ᠃ ᠪᠦᠬᠦ ᠠᠶᠢᠮᠠᠭ ᠤᠨ 20524 ᠰᠤᠷᠤᠬᠴᠢ ᠠᠰᠢᠭ ᠭᠦᠷᠲᠡᠪᠡ᠂ ᠡᠭᠦᠨ ᠤ ᠬᠠᠮᠲᠤ | ᠪᠠᠰᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠡᠪ ᠤᠨ ᠠᠵᠢᠯᠯᠠᠭ᠎ᠠ ᠶᠢ ᠪᠠᠲᠤᠯᠠᠵᠤ᠂ | ᠰᠤᠷᠭᠠᠭᠤᠯᠢ ᠶᠢᠨ ᠳᠠᠷᠤᠭᠠᠰᠤ ᠶᠢ ᠬᠥᠡᠭᠭᠡᠷᠡᠭᠦᠯᠪᠡ᠃ |