ᠵᠢᠯ ᠤᠨ ᠡᠬᠢᠨ ᠠᠴᠠ ᠨᠠᠰᠢ᠂ ᠲᠦᠩᠯᠢᠶᠣᠤ ᠬᠤᠳᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠠᠵᠢᠯ ᠨᠢ ᠮᠤᠵᠢ ᠶᠢᠨ ᠱᠠᠲᠤᠨ ᠤ ᠤᠳᠤᠷᠢᠳᠬᠤ ᠺᠠᠳ᠋ᠷ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠲᠠᠢ | ᠬᠠᠷᠢᠯᠴᠠᠬᠤ᠂ ᠬᠤᠳᠠ ᠶᠢᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ ᠰᠤᠮᠤ | ᠪᠠᠯᠭᠠᠰᠤ ᠲᠠᠢ ᠬᠠᠷᠢᠯᠴᠠᠬᠤ ᠪᠠᠷ ᠠᠵᠠ ᠲᠣᠬᠢᠶᠠᠯ ᠪᠣᠯᠭᠠᠨ᠂ ︽ᠲᠦᠩᠯᠢᠶᠣᠤ ᠬᠤᠲᠠ ᠶᠢᠨ 2015 ᠣᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ︾ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠦᠬᠡᠷᠡᠴᠢᠯᠡᠨ ᠰᠢᠨ᠎ᠡ ᠶᠢ | ᠡᠭᠦᠳᠴᠦ᠂ ᠶᠠᠳᠠᠭᠤ ᠶᠢ ᠲᠡᠳᠬᠦᠬᠦ ᠠᠵᠢᠯ ᠤᠨ ᠠᠷᠭ᠎ᠠ ᠶᠢ ᠰᠠᠶᠢᠵᠢᠷᠠᠭᠤᠯᠵᠤ᠂ ᠨᠠᠮ ᠤᠨ ᠣᠯᠠᠨ ᠲᠦᠮᠡᠨᠴᠢ | ᠱᠤᠭᠤᠮ ᠢ ᠦᠢᠯᠡᠳᠦᠯᠭᠡᠵᠢᠬᠦᠯᠵᠤ᠂ ︽ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ | ᠪᠠᠶᠠᠵᠢᠭᠤᠯᠬᠤ︾ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠡᠴᠦᠰ ᠤᠨ ᠨᠢᠭᠡ ᠺᠢᠯᠤᠮᠧᠲᠷ ᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ ᠦᠨᠦ ᠪᠤᠯᠬᠤ ᠳᠤ᠂ ᠲᠦᠩᠯᠢᠶᠣᠤ | ᠬᠤᠲᠠ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ | ᠵᠢᠭᠡᠯᠡᠯᠭᠡ ᠶᠢ 31468 ᠡᠷᠦᠬᠡ ᠳᠤ ᠨᠡᠶᠢᠲᠡ19.59 ᠳ᠋ᠦᠡᠭᠰᠢᠭᠤᠷ ᠲᠥᠭᠦᠷᠢᠭ ᠲᠠᠯᠪᠢᠪᠡ᠃ ᠡᠭᠦᠨ ᠳᠤ᠂ | 2015 ᠣᠨ ᠤ ᠳᠡᠭᠡᠷ᠎ᠡ ᠬᠠᠭᠠᠰ ᠵᠢᠯ ᠳᠤ ᠰᠢᠨ᠎ᠡ ᠪᠠᠷ ᠨᠡᠮᠡᠭᠳᠡᠭᠰᠡᠨ ᠮᠥᠩᠭᠦᠨ ᠭᠦᠢᠯᠭᠡᠭᠡᠨ ᠢᠶᠠᠷ ᠶᠠᠳᠠᠭᠤ ᠶᠢ | ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠭᠡᠯᠡᠯᠭᠡ 7.45 ᠳ᠋ᠦᠡᠭᠰᠢᠭᠤᠷ ᠲᠥᠭᠦᠷᠢᠭ ᠲᠤ ᠬᠦᠷᠴᠦ᠂ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 5.5 ᠳ᠋ᠦᠡᠭᠰᠢᠭᠤᠷ ᠲᠦᠭᠦᠷᠢᠩ ᠤᠨ ᠵᠢᠭᠡᠯᠡᠯᠭᠡ ᠲᠠᠯᠪᠢᠬᠤ | ᠡᠭᠦᠷᠭᠡ ᠶᠢ 135% ᠪᠠᠷ ᠪᠡᠶᠡᠯᠡᠭᠦᠯᠵᠤ᠂ ᠲᠤᠰ ᠱᠠᠲᠤᠨ ᠤ 8.5 ᠳ᠋ᠦᠡᠭᠰᠢᠭᠤᠷ ᠲᠥᠭᠦᠷᠢᠭ ᠤᠨ ᠲᠡᠮᠡᠴᠡᠬᠦ | ᠬᠠᠷᠠᠯᠲᠠ ᠶᠢᠨ 88% ᠶᠢ ᠨᠢ ᠪᠡᠶᠡᠯᠡᠭᠦᠯᠪᠡ᠃ ᠡᠭᠦᠨ ᠳᠤ᠂ ︽ᠠᠯᠳᠠᠨ ᠲᠦᠷᠦᠭᠦᠦ ᠲᠠᠷᠢᠶᠠᠴᠢᠳ ᠢ ᠪᠠᠶᠠᠵᠢᠭᠤᠯᠬᠤ | ᠵᠢᠭᠡᠯᠡᠯᠭᠡ︾ 6.38 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ︽ᠠᠯᠳᠠᠨ ᠲᠦᠷᠦᠭᠦᠦ ᠲᠠᠷᠢᠶᠠᠯᠠᠩ ᠢ | ᠬᠦᠴᠦᠷᠭᠡᠭᠵᠢᠬᠦᠯᠬᠦ ᠵᠢᠭᠡᠯᠡᠯᠭᠡ︾ 1.07 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠡᠭᠦᠷᠭᠡ ᠪᠠᠨ | ᠬᠠᠭᠠᠰ ᠵᠢᠯ ᠤᠷᠢᠳᠴᠢᠯᠠᠨ ᠪᠡᠶᠡᠯᠡᠭᠦᠯᠵᠦ᠂ ᠥᠷᠭᠡᠨ ᠤᠯᠠᠨ ᠮᠠᠯᠴᠢᠨ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ | ᠪᠠᠶᠠᠵᠢᠨ ᠴᠢᠨᠡᠭᠡᠯᠢᠭᠵᠢᠬᠦ ᠠᠯᠬᠤᠴᠠ ᠶᠢ ᠲᠦᠷᠭᠡᠳᠭᠡᠭᠰᠡᠨ ᠪᠠᠶᠢᠨ᠎ᠠ᠃ |