ᠤᠯᠠᠭᠠᠨᠬᠠᠳᠠ ᠬᠤᠲᠠ ᠶᠢᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠳᠤ ᠬᠠᠮᠵᠢᠯᠴᠠᠬᠤ ᠶᠢᠨ | ᠲᠤᠰᠠᠳᠠ᠂ 2014 ᠣᠨ ᠤ 3 ᠳ᠋ᠤᠭᠠᠷ ᠰᠠᠷ᠎ᠠ ᠠᠴᠠ ᠡᠬᠢᠯᠡᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠤᠯᠠᠭᠠᠨᠬᠠᠳᠠ ᠳᠠᠬᠢ ᠲᠥᠪ ᠰᠠᠯᠪᠤᠷᠢ ᠪᠠᠩᠬᠢ ︽ᠲᠠᠷᠢᠶᠠᠯᠠᠩ ᠮᠠᠯᠵᠢᠬᠤ ᠣᠷᠣᠨ ᠢ ᠲᠤᠰᠠᠯᠠᠬᠤ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠴᠢᠭ᠋︾ ᠢ ᠪᠦᠷᠢᠨ ᠪᠦᠷᠬᠦᠭᠦᠯᠬᠦ ᠢᠨᠵᠧᠨᠧᠷᠢᠩ ᠢ ᠬᠡᠷᠡᠭᠵᠢᠭᠦᠯᠪᠡ᠂ ᠥᠨᠥ | ᠪᠣᠯᠬᠤ ᠳᠤ᠂ ᠤᠯᠠᠭᠠᠨᠬᠠᠳᠠ ᠬᠤᠲᠠᠲ᠋ᠠᠷᠢᠶᠠᠯᠠᠬᠤ ᠮᠠᠯᠵᠢᠬᠤ ᠣᠷᠣᠨ ᠢ ᠲᠤᠰᠠᠯᠠᠬᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠴᠢᠭ᠋ ᠨᠡᠶᠢᠲᠡ 2246 ᠢ ᠪᠠᠶᠢᠭᠤᠯᠵᠤ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠪᠣᠯᠤᠨ | ᠤᠯᠤᠰ ᠤᠨ ᠥᠮᠴᠢᠯᠡᠯ ᠤᠨ ᠲᠠᠷᠢᠶᠠᠯᠠᠩ ᠮᠠᠯ ᠠᠵᠤ ᠠᠬᠤᠶ ᠤᠢ ᠰᠢᠭᠤᠶ ᠶᠢᠨ ᠲᠠᠯᠠᠪᠠᠢ ᠶᠢ ᠪᠦᠷᠢᠨ ᠪᠦᠷᠬᠦᠭᠦᠯᠬᠦ ᠶᠢ | ᠦᠨᠳᠦᠰᠦᠨ ᠳᠡᠭᠡᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠲᠡᠷᠢᠭᠦᠨ ᠳᠤ | ᠣᠷᠣᠪᠠ᠃ ︽ᠲᠠᠷᠢᠶᠠᠯᠠᠬᠤ ᠮᠠᠯᠵᠢᠬᠤ ᠣᠷᠣᠨ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠭ᠋︾ | ᠨᠢ ᠲᠠᠷᠢᠶᠠᠯᠠᠬᠤ ᠮᠠᠯᠵᠢᠬᠤ ᠣᠷᠣᠨ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠲᠤᠲᠠᠭᠳᠠᠵᠤ ᠪᠠᠶᠢᠭ᠎ᠠ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠳᠠᠷᠠᠭᠠᠬᠢ | ᠲᠠᠷᠢᠶᠠᠯᠠᠬᠤ ᠮᠠᠯᠵᠢᠬᠤ ᠣᠷᠣᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠬᠡᠨ | ᠪᠠᠶᠢᠭᠤᠯᠤᠯᠲᠠ ᠶᠢᠨ ᠰᠢᠨ᠎ᠡ ᠭᠢᠯᠠᠰ ᠴᠢᠭ᠋ ᠪᠣᠯᠵᠤ᠂ ᠤᠯᠠᠭᠠᠨᠬᠠᠳᠠ ᠬᠤᠳᠠ ᠶᠢᠨ ᠲᠠᠷᠢᠶᠠᠯᠠᠬᠤ ᠮᠠᠯᠵᠢᠬᠤ ᠣᠷᠣᠨ ᠤ | ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠠᠪᠰᠢᠯᠳᠠ ᠳᠤ ᠮᠥᠩᠭᠦᠨ ᠭᠦᠢᠯᠭᠡᠭᠡᠨ ᠤ ᠬᠦᠴᠦᠲᠡᠶ ᠳᠡᠮᠵᠢᠯᠭᠡ | ᠦᠵᠡᠭᠦᠯᠪᠡ᠃ ︽ᠲᠠᠷᠢᠶᠠᠯᠠᠬᠤ ᠮᠠᠯᠵᠢᠬᠤ ᠣᠷᠣᠨ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠭ᠋︾ | ᠤᠨ ᠢᠨᠵᠧᠨᠧᠷᠢᠩ ᠨᠢ ᠡᠯ᠎ᠡ ᠭᠠᠵᠠᠷ ᠤᠨ ᠰᠢᠶᠠᠩ ᠪᠠᠯᠭᠠᠰᠤ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ | ᠪᠣᠯᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠢᠶ᠎ᠠ ᠶᠢ ᠲᠦᠰᠢᠭᠯᠡᠨ᠂ ᠲᠠᠷᠢᠶᠠᠯᠠᠬᠤ ᠮᠠᠯᠵᠢᠬᠤ | ᠣᠷᠣᠨ ᠤ ᠡᠯ᠎ᠡ ᠭᠠᠴᠠᠭ᠎ᠠ ᠲᠣᠰᠬᠤᠨ ᠠᠴᠠ ᠣᠷᠣᠯᠠᠭᠴᠢ ᠬᠤᠳᠠᠯᠳᠤᠭᠠᠨ ᠤ ᠡᠷᠦᠬᠡ ᠡᠯᠰᠡᠪᠡ᠃ ᠡᠳᠡᠭᠡᠷ | ᠣᠷᠣᠯᠠᠭᠴᠢ ᠬᠤᠳᠠᠯᠳᠤᠭᠠᠨ ᠤ ᠡᠷᠦᠭᠡ ᠨᠢ ᠭᠤᠣᠯᠳᠠᠭᠤ ᠨᠡᠯᠢᠶᠡᠳ ᠲᠣᠮᠣ ᠳᠡᠯᠭᠡᠭᠦᠷ᠂ ᠡᠮ ᠤᠨ ᠳᠡᠯᠭᠡᠭᠦᠷ ᠲᠤ | ᠵᠣᠭᠤᠰ ᠭᠠᠷᠭᠠᠵᠤ ᠠᠪᠬᠤ᠂ ᠵᠣᠭᠤᠰ ᠭᠤᠪᠢᠭᠤᠯᠬᠤ᠂ ᠳᠠᠩᠰᠠ ᠰᠢᠯᠵᠢᠭᠦᠯᠬᠦ᠂ ᠰᠦᠢᠳᠬᠡᠯ ᠲᠤᠰᠢᠶᠠᠬᠤ᠂ | ᠪᠠᠶᠢᠴᠠᠭᠠᠨ ᠠᠰᠠᠭᠤᠬᠤ ᠵᠡᠷᠭᠡ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠵᠦ | ᠥᠭᠭᠦᠨ᠎ᠡ᠃ ᠬᠡᠷᠡᠭᠵᠢᠭᠦᠯᠬᠦ ᠶᠠᠪᠤᠴᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠭᠠᠨᠬᠠᠳᠠ ᠳᠠᠬᠢ | ᠰᠠᠯᠪᠤᠷᠢ ᠪᠠᠩᠬᠢ ᠨᠢ ᠣᠷᠣᠯᠠᠭᠴᠢ ᠬᠤᠳᠠᠯᠳᠤᠭᠠᠨ ᠤ ᠡᠷᠦᠭᠡ ᠳᠡᠭᠡᠨ ᠲᠠᠷᠢᠶᠠᠯᠠᠬᠤ ᠮᠠᠯᠵᠢᠬᠤ ᠣᠷᠣᠨ ᠢ ᠲᠤᠰᠠᠯᠠᠬᠤ | ᠠᠦ᠋ᠲ᠋ᠣ᠋ ᠦᠵᠦᠭᠦᠷ ᠶᠢ ᠦᠨ᠎ᠡ ᠲᠥᠯᠥᠪᠦᠷᠢ ᠦᠭᠡᠶ ᠪᠠᠷ ᠬᠠᠩᠭᠠᠭᠰᠠᠨ ᠪᠥᠭᠡᠳ ᠲᠤᠬᠠᠶᠢᠯᠠᠭᠰᠠᠨ ᠠᠵᠢᠯ ᠪᠦᠷᠢ ᠳᠤ | ᠨᠦᠬᠦᠪᠦᠷᠢ ᠥᠭᠴᠦ᠂ ᠲᠡᠳᠡᠭᠡᠷ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠢᠳᠡᠪᠬᠢᠵᠢᠯ ᠢ ᠨᠢ | ᠳᠡᠭᠡᠭᠰᠢᠯᠡᠭᠦᠯᠵᠡᠢ᠃ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠪᠦᠬᠦ ᠬᠤᠲᠠ ᠶᠢᠨ ᠲᠠᠷᠢᠶᠠᠯᠠᠬᠤ ᠮᠠᠯᠵᠢᠬᠤ | ᠣᠷᠣᠨ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠯ᠎ᠡ ᠴᠢᠭ᠋ ᠨᠢ ᠵᠠᠷᠤᠳᠠᠯ ᠥᠭᠬᠦ ᠲᠤᠬᠠᠶᠢᠯᠠᠭᠰᠠᠨ | ᠠᠵᠢᠯ ᠢ ᠨᠡᠶᠢᠲᠡ 80 ᠲᠦᠮᠡᠨ ᠭᠦᠢᠴᠡᠳᠬᠡᠵᠦ᠂ 3.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢᠨ | ᠰᠣᠯᠢᠯᠴᠠᠭ᠎ᠠ ᠠᠷᠠᠯᠵᠢᠶ᠎ᠠ ᠶᠢ ᠪᠡᠶᠡᠯᠡᠭᠦᠯᠪᠡ᠃ |