ᠪᠦᠬᠦ ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠷᠥᠯ ᠵᠦᠢᠯ ᠤᠨ ᠠᠵᠢᠯ ᠢ ᠳ᠋ᠦᠩᠨᠡᠨ | ᠰᠣᠯᠢᠯᠴᠠᠵᠤ᠂ ᠣᠳᠣᠬᠠᠨ ᠤ ᠬᠢᠵᠢᠭ ᠤᠨ ᠪᠠᠶᠢᠳᠠᠯ ᠢ ᠵᠠᠳᠠᠯᠵᠤ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯᠲᠠᠳ ᠤᠨ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ᠂ ᠥᠪᠥᠷ | ᠮᠣᠩᠭᠤᠯ ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠬᠥᠬᠡᠬᠤᠲᠠ ᠳᠤ | ᠪᠦᠬᠦ ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠬᠤᠷᠠᠯ ᠬᠢᠪᠡ᠂ ᠲᠤᠰ ᠤᠳᠠᠭᠠᠨ ᠤ ᠬᠤᠷᠠᠯ ᠳᠤ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠶᠦᠨ ᡁᠢ ᠾᠧᠦ | ᠳᠡᠳ᠋ ᠡᠷᠬᠢᠯᠡᠭᠴᠢ᠂ ᠥᠪᠥᠷ ᠮᠣᠩᠭᠤᠯ ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠰᠤᠳᠤᠯᠭᠠᠨ ᠤ | ᠲᠥᠪ ᠤᠨ ᠡᠷᠬᠢᠯᠡᠭᠴᠢ᠂ ᠱᠦᠵᠢ᠂ ᠪᠦᠬᠦ ᠣᠷᠣᠨ ᠤ 12 ᠠᠶᠢᠮᠠᠭ ᠬᠤᠳᠠ ᠶᠢᠨ ᠡᠪᠡᠳᠴᠢᠨ ᠬᠢᠵᠢᠭ ᠢ ᠰᠡᠷᠭᠡᠶᠢᠯᠡᠨ | ᠡᠵᠡᠮᠳᠡᠬᠦ ︵ᠤᠷᠤᠨ ᠨᠤᠲᠤᠭ ᠤᠨ ᠡᠪᠡᠳᠴᠢᠨ︶ ᠲᠥᠪ ᠤᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ᠂ | 102 ᠬᠤᠰᠢᠭᠤ ᠰᠢᠶᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠬᠤᠪᠢᠳᠠᠨ ᠬᠠᠮᠢᠶᠠᠷᠴᠤ | ᠪᠥᠬᠦᠢ ᠤᠳᠤᠷᠢᠳᠤᠯᠭ᠎ᠠ ᠬᠢᠭᠡᠳ ᠠᠶᠢᠮᠠᠭ ᠬᠤᠳᠠ ᠬᠤᠰᠢᠭᠤ ᠰᠢᠶᠠᠨ ᠤ ᠬᠤᠯᠪᠣᠭᠳᠠᠯ ᠪᠦᠬᠦᠢ ᠲᠤᠰᠬᠠᠶ | ᠮᠡᠷᠭᠡᠵᠢᠯ ᠤᠨ ᠠᠵᠢᠯᠳᠡᠠ ᠵᠡᠷᠭᠡ 140 ᠭᠠᠷᠤᠶ ᠬᠥᠮᠦᠨ ᠬᠤᠷᠠᠯ ᠳᠤ ᠤᠷᠤᠯᠴᠠᠪᠠ᠃ | ᠬᠤᠷᠠᠯ ᠳᠤ ᠣᠶᠢᠷ᠎ᠠ ᠶᠢᠨ ᠵᠢᠯ ᠤᠳ ᠤᠨ ᠪᠦᠬᠦ ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠤᠨ ᠳ᠋ᠦᠩᠨᠡᠯᠲᠡ ᠬᠢᠵᠦ᠂ ᠠᠮᠵᠢᠯᠲᠠ ᠪᠠᠨ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠷᠢᠵᠦ | ᠭᠠᠷᠭᠠᠵᠤ᠂ ᠬᠤᠶᠢᠰᠢᠳᠠ ᠶᠢᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠵᠠᠶ᠃ | ᠲᠣᠳᠣᠷᠬᠠᠶ ᠳᠤᠷᠠᠳᠤᠨ ᠭᠠᠷᠭᠠᠭᠰᠠᠨ ᠨᠢ᠂ ᠬᠥᠮᠦᠨ ᠤ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ | ᠡᠵᠡᠮᠳᠡᠬᠦ ᠠᠵᠢᠯ ᠤᠨ ᠤᠬᠠᠭᠤᠯᠭ᠎ᠠ ᠬᠥᠮᠦᠵᠢᠯ ᠪᠣᠯᠤᠨ ᠦᠢᠯᠡ ᠠᠵᠢᠯᠯᠠᠭ᠎ᠠ ᠶᠢᠨ ᠭᠠᠷ ᠳᠦᠷᠦᠯᠲᠡ ᠶᠢᠨ ᠠᠵᠢᠯ ᠢ | ᠦᠷᠭᠦᠯᠵᠢᠯᠡᠨ ᠴᠢᠩᠭᠠᠳᠬᠠᠵᠤ᠂ ︽ᠵᠢᠯ ᠵᠢᠯ ᠶᠠᠷᠢᠬᠤ᠂ ᠰᠠᠷ᠎ᠠ ᠪᠦᠷᠢ ᠶᠠᠷᠢᠬᠤ᠂ ᠡᠳᠦᠷ ᠪᠣᠯᠭᠠᠨ ᠶᠠᠷᠢᠬᠤ᠂ ᠬᠥᠮᠦᠨ | ᠪᠦᠬᠦᠨ ᠶᠠᠷᠢᠬᠤ︾ ᠶᠢ ᠪᠡᠶᠡᠯᠡᠭᠦᠯᠬᠦ ᠬᠡᠷᠡᠭᠲᠡᠢ ᠭᠡᠪᠡ᠃ ᠥᠪᠥᠷ ᠮᠣᠩᠭᠤᠯ ᠤᠨ ᠣᠷᠣᠨ ᠨᠤᠲᠤᠭ ᠤᠨ ᠡᠪᠡᠳᠴᠢᠨ ᠢ | ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠪᠥᠬᠦ ᠣᠷᠣᠨ ᠤ ᠲᠥᠷᠥᠯ ᠵᠦᠢᠯ ᠤᠨ ᠠᠵᠢᠯ ᠳᠤ ︵2010-2014 | ᠤᠨ︶ ᠳ᠋ᠦᠩᠨᠡᠯᠲᠡ ᠶᠢᠨ ᠢᠯᠡᠳᠬᠡᠯ ᠬᠢᠪᠡ᠂ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠢ | ᠬᠡᠷᠡᠭᠵᠢᠭᠦᠯᠬᠦ ᠪᠠᠷ ᠳᠠᠮᠵᠢᠭᠤᠯᠤᠨ᠂ ᠪᠦᠬᠦ ᠣᠷᠣᠨ ᠳᠤ ᠵᠠᠰᠠᠭ ᠤᠨ ᠣᠷᠳᠣᠨ ᠬᠠᠷᠢᠭᠤᠴᠠᠵᠤ᠂ ᠰᠠᠯᠠᠭ᠎ᠠ ᠮᠥᠴᠢᠷ | ᠬᠠᠮᠵᠢᠯᠴᠠᠬᠤ᠂ ᠤᠯᠡᠠ ᠢᠶᠠᠷ ᠢᠶᠠᠨ ᠰᠡᠷᠭᠡᠶᠢᠯᠡᠵᠦ ᠤᠯᠡᠠ ᠢᠶᠠᠷ ᠢᠶᠠᠨ ᠵᠠᠰᠠᠬᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠲᠦᠷᠦᠯ ᠬᠤᠪᠢᠶᠠᠨ ᠵᠢᠯᠤᠭᠤᠳᠴᠤ ᠬᠥᠮᠦᠨ ᠤ ᠬᠤᠭᠤᠷᠣᠨᠳᠣᠬᠢ ᠪᠷᠦ᠋ᠼᠧᠯ ᠪᠠᠺᠠᠲ᠋ᠧᠷᠢ ᠶᠢᠨ | ᠡᠪᠡᠳᠴᠢᠨ ᠢ ᠪᠦᠬᠦ ᠲᠠᠯ᠎ᠠ ᠪᠠᠷ ᠰᠡᠷᠭᠡᠶᠢᠯᠡᠨ ᠵᠠᠰᠠᠬᠤ ᠲᠣᠭᠲᠠᠴᠠ ᠶᠢ ᠨᠢᠭᠡᠨᠲᠡ ᠪᠦᠲᠦᠭᠡᠨ ᠪᠠᠶᠢᠭᠤᠯᠪᠠ᠂ ᠪᠦᠬᠦ | ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠡᠯ᠎ᠡ ᠱᠠᠲᠤᠨ ᠤ ᠵᠠᠰᠠᠭ ᠤᠨ ᠣᠷᠳᠣᠨ ᠴᠥᠮ | ᠮᠠᠰᠢ ᠬᠦᠨᠳᠦᠳᠬᠡᠨ ᠦᠵᠡᠵᠦ᠂ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠭᠤᠣᠯ | ᠤᠳᠤᠷᠢᠳᠤᠯᠭ᠎ᠠ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠤᠯᠬᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠦᠭᠰᠡᠨ ᠪᠦᠭᠡᠳ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠲᠦᠷᠦᠭᠦᠯᠡᠨ | ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠰᠡᠨ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠤᠳᠤᠷᠢᠳᠬᠤ | ᠳᠤᠭᠤᠶᠢᠯᠠᠩ ᠪᠠᠶᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ | ᠪᠷᠦ᠋ᠼᠧᠯ ᠡᠪᠡᠳᠴᠢᠨ ᠢᠶᠠᠷ ᠮᠡᠳᠡᠭᠦᠯᠦᠭᠰᠡᠨ ᠡᠪᠡᠳᠴᠢᠲᠡᠨ ᠶᠡᠷᠦᠩᠬᠡᠶ ᠳᠡᠭᠡᠨ ᠪᠠᠭᠤᠷᠠᠬᠤ ᠬᠠᠨᠳᠤᠰᠢ ᠲᠠᠢ ᠪᠤᠯᠵᠤ᠂ ︽ | ᠭᠤᠷᠪᠠ ᠶᠢ ᠨᠢᠭᠡ ᠴᠤᠭᠴᠠᠵᠢᠭᠤᠯᠬᠤ᠂ ᠰᠡᠷᠭᠡᠶᠢᠯᠡᠬᠦ ᠵᠠᠩᠭᠢᠯᠠᠭ᠎ᠠ ᠶᠢ ᠡᠮᠦᠨᠡᠰᠢᠯᠡᠭᠦᠯᠬᠦ︾ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠪᠦᠬᠦ ᠣᠷᠣᠨ ᠤ ᠶᠡᠬᠡᠩᠬᠢ ᠠᠶᠢᠮᠠᠭ ᠬᠤᠳᠠ᠂ ᠬᠤᠰᠢᠭᠤ ᠰᠢᠶᠠᠨ | ᠲᠣᠭᠤᠷᠢᠭ ᠤᠨ ᠬᠢᠨ ᠪᠷᠥ᠋ᠽᠧᠯ ᠡᠪᠡᠳᠴᠢᠨ ᠤ ᠣᠨᠣᠰᠢᠯᠠᠯᠲᠠ ᠪᠠ ᠡᠮᠴᠢᠯᠡᠭᠡ ᠶᠢ ᠡᠮᠦᠨᠡᠰᠢ ᠪᠠᠨ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪ ᠲᠤ | ᠰᠢᠯᠵᠢᠭᠦᠯᠵᠦ᠂ ᠡᠪᠡᠳᠴᠢᠲᠡᠨ ᠤ ᠣᠨᠣᠰᠢᠯᠠᠨ ᠡᠮᠴᠢᠯᠡᠬᠦ ᠳᠤ ᠲᠦᠢᠯ ᠤᠨ ᠲᠦᠬᠦᠮ ᠪᠤᠯᠭᠠᠵᠡᠢ᠃ | ᠡᠨᠡ ᠤᠳᠠᠭᠠᠨ ᠤ ᠬᠤᠷᠠᠯᠳᠤᠭᠠᠨ ᠳᠡᠭᠡᠷ᠎ᠡ ᠪᠠᠰᠠ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠫᠷᠤᠹᠧᠰᠰᠤᠷ ᠢ ᠲᠤᠰᠬᠠᠶᠢᠯᠠᠨ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠨ᠂ ᠪᠷᠦ᠋ᠼᠧᠯ | ᠡᠪᠡᠳᠴᠢᠨ ᠳᠡᠯᠭᠡᠷᠡᠬᠦ ᠲᠦᠢᠮᠣ ᠪᠠᠶᠢᠳᠠᠯ᠂ ᠸᠠᠺᠼᠢᠨ ᠢ ᠰᠤᠳᠤᠯᠤᠨ᠂ ᠪᠷᠦ᠋ᠼᠧᠯ ᠡᠪᠡᠳᠴᠢᠨ ᠰᠤᠳᠤᠯᠬᠤ | ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠵᠢᠴᠢ ᠬᠥᠮᠦᠨ ᠤ ᠪᠡᠶ᠎ᠡ ᠶᠢᠨ ᠴᠠᠷᠤᠯᠲᠠ ᠶᠢᠨ ᠰᠤᠳᠤᠯᠤᠯ ᠵᠡᠷᠭᠡ ᠠᠭᠤᠯᠭ᠎ᠠ | ᠳᠤ ᠴᠢᠭᠯᠡᠭᠦᠯᠦᠨ ᠬᠠᠪᠤᠲᠠᠶ ᠰᠠᠶᠢᠬᠠᠨ ᠲᠠᠶᠢᠯᠪᠤᠷᠢᠯᠠᠭᠰᠠᠨ ᠪᠠᠶᠢᠨ᠎ᠠ᠃ 12 ᠠᠶᠢᠮᠠᠭ ᠬᠤᠳᠠ ᠶᠢᠨ ᠲᠦᠯᠦᠭᠡᠯᠡᠭᠴᠢ | ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠳ᠋ᠦᠩᠨᠡᠯᠲᠡ ᠶᠢᠨ ᠢᠯᠡᠳᠬᠡᠯ ᠬᠢᠭᠰᠡᠨ ᠪᠦᠭᠡᠳ ᠦᠪᠡᠷ | ᠦᠪᠡᠷ ᠤᠨ ᠠᠵᠢᠯ ᠤᠨ ᠲᠤᠷᠰᠢᠯᠭ᠎ᠠ ᠪᠠ ᠠᠷᠭ᠎ᠠ ᠪᠠᠷᠢᠯ ᠢᠶᠠᠨ ᠰᠤᠯᠢᠯᠴᠠᠪᠠ᠃ |