ᠦᠬᠠᠶ ᠬᠤᠲᠠ ᠶᠢᠨ ᠪᠦᠬᠦ ᠤᠯᠤᠰ ᠤᠨ ᠤᠰᠤᠨ ᠤ ᠠᠮᠢ ᠠᠬᠤᠶ ᠶᠢᠨ ᠪᠣᠯᠪᠠᠰᠤᠨ ᠬᠤᠳᠠ ᠪᠠᠶᠢᠭᠤᠯᠬᠤ ᠲᠤᠷᠰᠢᠯᠲᠠ ᠶᠢᠨ ᠴᠢᠬ ᠤᠨ ᠠᠵᠢᠯ ᠡᠮᠬᠢ ᠵᠢᠷᠤᠮ ᠲᠠᠢ ᠪᠠᠷ ᠠᠬᠢᠵᠤ ᠪᠤᠢ
ᠨᠡᠶᠢᠲᠡᠯᠡᠭᠰᠡᠨ ᠴᠠᠭ᠄
2015/11/20
     ᠣᠷᠴᠢᠮᠬᠠᠨ᠂ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠺᠣᠮᠢᠰ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠦᠬᠠᠶ ᠬᠤᠳᠠ ᠶᠢᠨ ᠪᠦᠬᠦ ᠤᠯᠤᠰ ᠤᠨ ᠤᠰᠤᠨ ᠤ ᠠᠮᠢ ᠠᠬᠤᠶ ᠶᠢᠨ ᠪᠣᠯᠪᠠᠰᠤᠨ ᠬᠤᠳᠠ ᠪᠠᠶᠢᠭᠤᠯᠬᠤ ᠲᠤᠷᠰᠢᠯᠲᠠ ᠶᠢᠨ ᠴᠢᠬ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠲᠠᠯ᠎ᠠ ᠪᠠᠷ ᠬᠤᠭᠤᠴᠠᠭᠠᠨ ᠳᠤᠮᠳᠠᠬᠢ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠎ ᠬᠢᠨ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠤᠳᠤ  ᠦᠶ᠎ᠡ ᠎ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ᠂ ᠬᠠᠲᠤᠨ ᠭᠤᠣᠯ ᠤᠨ ᠬᠠᠶᠢᠷᠤᠪ ᠤᠨ ᠲᠤᠬᠤᠢ ᠤᠰᠤᠨ ᠠᠰᠢᠭᠯᠠᠯᠲᠠ ᠶᠢᠨ ᠵᠠᠩᠭᠢᠯᠠᠭ᠎ᠠ᠂ ᠬᠤᠳᠠ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠬᠠᠶᠢᠷᠤᠪ ᠤᠨ ᠲᠤᠬᠤᠢ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠠᠷᠢᠯᠭ᠎ᠠ ᠪᠣᠯᠣᠨ ᠶᠢᠦ ᠯᠦᠩ ᠸᠠᠨ ᠨᠤᠭᠤ ᠭᠠᠵᠠᠷ ᠤᠨ ᠴᠡᠴᠡᠷᠯᠢᠭ ᠵᠡᠷᠭᠡ ᠭᠤᠣᠯᠳᠠᠯᠭ᠎ᠠ ᠲᠠᠢ ᠢᠨᠵᠧᠨᠧᠷᠢᠩ ᠵᠢᠴᠢ ᠵᠢᠱᠢᠶ᠎ᠡ ᠦᠵᠡᠭᠦᠯᠬᠦ ᠴᠢᠭ᠋ ᠤᠨ ᠲᠣᠬᠠᠢ ᠶᠢᠨ ᠭᠠᠵᠠᠷ ᠎ ᠲᠤᠨᠢ ᠪᠠᠶᠢᠴᠠᠭᠠᠨ ᠰᠤᠳᠤᠯᠤᠯᠲᠠ ᠬᠢᠵᠦ᠂ ᠦᠬᠠᠶ ᠬᠤᠳᠠ ᠶᠢᠨ ᠪᠦᠬᠦ ᠤᠯᠤᠰ ᠤᠨ ᠤᠰᠤᠨ ᠤ ᠠᠮᠢ ᠠᠬᠤᠶ ᠶᠢᠨ ᠪᠣᠯᠪᠠᠰᠤᠨ ᠢ ᠡᠭᠦᠳᠦᠨ ᠪᠠᠶᠢᠭᠤᠯᠬᠤ ᠰᠣᠶᠣᠯ ᠤᠬᠠᠭᠤᠯᠭ᠎ᠠ ᠬᠥᠮᠦᠵᠢᠯ᠂ ᠠᠮᠢ ᠠᠬᠤᠶ ᠶᠢᠨ ᠦᠵᠡᠮᠵᠢ ᠶᠢᠨ ᠪᠦᠳᠦᠭᠡᠨ ᠪᠠᠶᠢᠭᠤᠯᠤᠯᠲᠠ᠂ ᠭᠤᠣᠯ ᠨᠠᠭᠤᠷ ᠤᠨ ᠤᠰᠤᠨ ᠤ ᠰᠢᠰᠲ᠋ᠧᠮ ᠢ ᠵᠠᠰᠠᠬᠤ ᠪᠠ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠪᠣᠬᠢᠷᠲᠤᠯ ᠢ ᠵᠠᠰᠠᠬᠤ ᠦᠷ᠎ᠡ ᠪᠦᠲᠦᠭᠡᠯ ᠢ ᠣᠶᠢᠯᠠᠭᠠᠭᠰᠠᠨ ᠪᠦᠭᠡᠳ ᠦᠬᠠᠶ ᠬᠤᠳᠠ ᠶᠢᠨ ᠪᠦᠬᠦ ᠤᠯᠤᠰ ᠤᠨ ᠤᠰᠤᠨ  ᠤ ᠠᠮᠢ ᠠᠬᠤᠶ ᠶᠢᠨ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠭᠰᠠᠨ ᠪᠠ ᠬᠠᠷᠢᠭᠤ ᠮᠡᠳᠡᠭᠦᠯᠦᠯᠲᠡ ᠶᠢ ᠰᠤᠨᠤᠰᠬᠤ ᠪᠠᠷ ᠳᠠᠮᠵᠢᠭᠤᠯᠤᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠬᠠᠢ ᠬᠤᠲᠠ ᠶᠢᠨ ᠪᠦᠬᠦ ᠤᠯᠤᠰ ᠤᠨ ᠤᠰᠤᠨ ᠤ ᠠᠮᠢ ᠠᠬᠤᠶ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠣᠲᠠᠯᠠᠭᠰᠠᠨ ᠤ ᠬᠠᠮᠲᠤ ᠪᠠᠰᠠ ᠡᠳᠦᠶ ᠲᠡᠳᠦᠶ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠨᠢ ᠵᠢᠭᠠᠨ ᠭᠠᠷᠭᠠᠵᠤ᠂ ᠣᠷᠣᠨ ᠪᠦᠰᠡ ᠶᠢᠨ ᠣᠨᠴᠠᠯᠢᠭ ᠢᠶᠠᠨ ᠪᠠᠷᠢᠮᠲᠠᠯᠠᠬᠤ᠂ ᠤᠬᠠᠭᠤᠯᠭ᠎ᠠ ᠬᠥᠮᠦᠵᠢᠯ ᠢ ᠴᠢᠬᠤᠯᠠᠴᠢᠯᠠᠬᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠬᠢᠨᠠᠨ ᠰᠢᠯᠭᠠᠬᠤ ᠳᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠳᠠᠷᠠᠭᠠᠴᠢ ᠶᠢᠨ ᠠᠯᠬᠤᠮ ᠳᠤ᠂ ᠦᠬᠠᠶ ᠬᠤᠳᠠ ᠪᠠᠶᠢᠴᠠᠭᠠᠨ ᠰᠤᠳᠤᠯᠬᠤ ᠳᠤᠭᠤᠶᠢᠯᠠᠩ ᠤᠨ ᠰᠠᠨᠠᠯ ᠪᠠ ᠰᠠᠨᠠᠭᠤᠯᠭ᠎ᠠ ᠶᠢᠨ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠵᠤ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦ ᠤᠯᠤᠰ ᠤᠨ ᠤᠰᠤᠨ ᠤ ᠠᠮᠢ ᠠᠬᠤᠶ ᠶᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠵᠦ᠂ 2017 ᠣᠨ ᠳᠤ ᠤᠰᠤᠨ ᠠᠰᠢᠭᠯᠠᠯᠲᠠ ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠡᠴᠦᠰ ᠤᠨ ᠰᠢᠯᠭᠠᠨ ᠠᠪᠬᠤ ᠶᠢ ᠨᠢ ᠪᠠᠲᠤᠯᠠᠬᠤ ᠪᠠᠷ ᠴᠢᠷᠮᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号