1᠎ ᠠᠴᠠ 10 ᠳ᠋ᠤᠭᠠᠷ ᠰᠠᠷ᠎ᠠ ᠳᠤ ᠬᠦᠬᠡᠬᠤᠲᠠ 22.32 ᠲᠦᠮᠡᠨ ᠲᠠᠷᠢᠶᠠᠴᠢᠨ ᠡᠷᠦᠬᠡ ᠶᠢᠨ ᠠᠵᠢᠯᠴᠢᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2015/11/20
      ᠡᠨᠡ ᠵᠢᠯ ᠠᠴᠠ ᠨᠠᠰᠢ᠂ ᠬᠦᠬᠡᠬᠤᠲᠠ ᠬᠦᠳᠡᠭᠡ ᠲᠤᠰᠬᠤᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠣᠯᠭᠤᠬᠤ ᠡᠷᠴᠢᠮ ᠢ ᠤᠯᠠᠮ ᠴᠢᠩᠭᠠᠷᠠᠭᠤᠯᠵᠤ᠂ ᠲᠠᠷᠢᠶᠠᠴᠢᠨ ᠠᠵᠢᠯᠴᠢᠨ ᠢ ᠰᠢᠯᠵᠢᠭᠦᠯᠦᠨ ᠠᠵᠢᠯ ᠣᠯᠭᠤᠬᠤ ᠶᠢ ᠤᠯᠠᠨ ᠵᠠᠮ ᠮᠦᠷ ᠢᠶᠠᠷ ᠠᠬᠢᠭᠤᠯᠪᠠ᠃ ᠵᠠᠰᠠᠭ ᠵᠠᠬᠢᠷᠭᠠᠨ ᠤ ᠲᠤᠰᠬᠤᠨ ᠤ ᠬᠦᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢᠳ ᠡᠩᠨᠡᠭᠡ ᠶᠢᠨ ᠲᠥᠷᠦ ᠶᠢᠨ ᠪᠣᠳᠤᠯᠭ᠎ᠠ ᠶᠢᠨ ᠯᠠᠪᠯᠠᠯᠲᠠ ᠦᠭᠬᠦ᠂ ᠠᠵᠢᠯᠴᠢᠨ ᠬᠡᠷᠡᠭᠯᠡᠬᠦ ᠮᠡᠳᠡᠭᠡ ᠵᠠᠩᠬᠢ ᠶᠢ ᠨᠡᠶᠢᠲᠡᠯᠡᠬᠦ᠂ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ ᠵᠡᠷᠭᠡ ᠲᠠᠯ᠎ᠠ ᠪᠠᠷ ᠬᠢ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠨ ᠡᠷᠦᠬᠡ ᠶᠢᠨ ᠠᠵᠢᠯᠴᠢᠨ ᠢ ᠰᠢᠯᠵᠢᠭᠦᠯᠦᠨ ᠠᠵᠢᠯ ᠣᠯᠭᠤᠬᠤ ᠎ ᠳᠤ ᠦᠢᠯᠡᠴᠢᠯᠡᠭᠡ ᠬᠠᠩᠭᠠᠪᠠ︔ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠦᠭᠵᠢᠯᠲᠡ᠂ ᠰᠢᠨ᠎ᠡ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢ ᠤᠶᠠᠯᠳᠤᠭᠤᠯᠵᠤ ᠲᠠᠷᠢᠶᠠᠴᠢᠨ ᠢ ᠢᠳᠡᠪᠬᠢᠲᠡᠢ ᠪᠠᠷ ᠬᠦᠲᠦᠯᠦᠨ ᠵᠢᠯᠤᠭᠤᠳᠴᠤ ᠪᠠᠶᠢᠭᠠᠳ ᠤᠶᠢᠷᠠᠯᠴᠠᠭ᠎ᠠ ᠭᠠᠵᠠᠷ ᠲᠤ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠪᠡ︔ ᠲᠠᠷᠢᠶᠠᠴᠢᠨ ᠡᠷᠦᠬᠡ ᠶᠢᠨ ᠠᠵᠢᠯᠴᠢᠨ ᠢ ᠰᠢᠯᠵᠢᠭᠦᠯᠦᠨ ᠠᠵᠢᠯ ᠣᠯᠭᠤᠬᠤ ᠪᠣᠯᠪᠠᠰᠤᠷᠠᠭᠤᠯᠤᠯ ᠢ ᠤᠯᠠᠮ ᠴᠢᠩᠭᠠᠳᠬᠠᠵᠤ᠂ ᠲᠠᠷᠢᠶᠠᠴᠢᠨ ᠡᠷᠦᠬᠡ ᠶᠢᠨ ᠠᠵᠢᠯᠴᠢᠨ ᠤ ᠠᠵᠢᠯ ᠣᠯᠬᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠪᠡ︔ ᠳᠡᠳᠬᠦᠨ ᠳᠡᠮᠵᠢᠬᠦ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠴᠢᠨ ᠡᠷᠦᠬᠡ ᠶᠢᠨ ᠠᠵᠢᠯᠴᠢᠨ ᠤ ᠨᠤᠲᠤᠭ ᠲᠠᠭᠠᠨ ᠪᠣᠴᠠᠵᠤ ᠠᠳᠠᠯ ᠦᠢᠯᠡᠰ ᠴᠣᠭᠴᠠᠯᠠᠬᠤ ᠶᠢ ᠶᠡᠭᠡ ᠬᠦᠴᠦᠨ ᠢᠶᠠᠷ ᠳᠡᠳᠭᠦᠨ ᠳᠡᠮᠵᠢᠪᠡ︔ ︽ᠬᠠᠪᠤᠷ ᠤᠨ ᠰᠠᠯᠬᠢ︾᠂ ︽ᠬᠠᠪᠤᠷ ᠤᠨ ᠳᠠᠪᠠᠯᠭᠠᠨ︾ ᠵᠡᠷᠭᠡ ᠲᠤᠰᠬᠠᠢ ᠵᠦᠢᠯ ᠤᠨ ᠬᠦᠳᠡᠯᠭᠡᠭᠡᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ᠃ ᠡᠨᠡ ᠵᠢᠯ ᠤᠨ 10 ᠳ᠋ᠤᠭᠠᠷ ᠰᠠᠷ᠎ᠠ ᠶᠢᠨ ᠰᠡᠭᠦᠯᠴᠢ ᠬᠦᠷᠲᠡᠯ᠎ᠡ᠂ ᠬᠦᠬᠡᠬᠤᠲᠠ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠭᠰᠠᠨ ᠬᠦᠮᠦᠨ ᠤ ᠲᠤᠭ᠎ᠠ ᠨᠢ 22.32 ᠲᠦᠮᠡ ᠬᠦᠷᠴᠦ᠂ ᠪᠦᠬᠦ ᠵᠢᠯ ᠤᠨ ᠬᠠᠷᠠᠯᠲᠤ ᠡᠭᠦᠷᠭᠡ ᠪᠠᠨ 101.45%᠎ ᠪᠠᠷ ᠪᠡᠶᠡᠯᠡᠭᠦᠯᠪᠡ᠃ ᠡᠭᠦᠨ ᠤ ᠳᠣᠲᠤᠷ᠎ᠠ ᠵᠢᠷᠭᠤᠭᠠᠨ ᠰᠠᠷ᠎ᠠ ᠠᠴᠠ ᠳᠡᠭᠡᠭᠰᠢ ᠰᠢᠯᠵᠢᠭᠦᠯᠦᠭᠰᠡᠨ ᠬᠦᠮᠦᠨ ᠤ ᠲᠤᠭ᠎ᠠ ᠨᠢ 18.36 ᠲᠦᠮᠡ ᠬᠦᠷᠴᠦ᠂ ᠪᠦᠬᠦ ᠵᠢᠯ ᠤᠨ ᠬᠠᠷᠠᠯᠲᠤ ᠡᠭᠦᠷᠭᠡ ᠎ ᠪᠠᠨ 104.32%᠎ ᠢᠶᠠᠷ ᠪᠡᠶᠡᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号