︽12·5︾ ᠶᠢᠨ ᠲᠦᠯᠦᠪᠵᠢᠭᠦᠯᠭᠡ ᠠᠴᠠ ᠨᠠᠰᠢ᠂ ᠰᠢᠯᠢ ᠶᠢᠨ ᠭᠤᠣᠯ ᠠᠶᠢᠮᠠᠭ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠢ ᠶᠡᠬᠡᠪᠡᠷ ᠬᠦᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠦᠪᠡᠷᠮᠢᠴᠡ ᠳᠠᠪᠠᠭᠤᠯᠢᠭ ᠢ | ᠤᠯᠠᠮ ᠳᠣᠪᠤᠶᠢᠯᠭᠠᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠠᠷᠤᠭᠠᠰᠤ ᠶᠢ ᠪᠦᠲᠦᠮᠵᠢᠲᠡᠢ | ᠬᠦᠩᠭᠡᠷᠡᠭᠦᠯᠪᠡ᠃ ᠮᠣᠩᠭᠤᠯ ᠬᠢᠲᠠᠳ ᠡᠮᠴᠢᠯᠡᠭᠡᠨ ᠤ ᠪᠠᠶᠢᠭᠤᠯᠤᠮᠵᠢ ᠨᠢ ᠮᠣᠩᠭᠤᠯ ᠬᠢᠲᠠᠳ ᠡᠮ ᠡᠮᠨᠡᠯᠭᠡ ᠶᠢᠨ | ᠡᠮᠴᠢᠯᠡᠭᠡᠨ ᠢᠶᠠᠷ ᠭᠤᠣᠯ ᠪᠣᠯᠭᠠᠨ᠂ ᠪᠣᠰᠤᠳ ᠡᠮᠴᠢᠯᠡᠭᠡᠨ ᠢᠶᠠᠷ ᠨᠦᠬᠦᠪᠦᠷᠢ ᠪᠣᠯᠭᠠᠭᠰᠠᠨ ᠪᠠᠶᠢᠷᠢᠰᠢᠯ ᠢ | ᠪᠦᠷᠢᠯᠳᠦᠭᠦᠯᠵᠦ᠂ ᠡᠭᠦᠳᠡᠨ ᠡᠮᠨᠡᠯᠭᠡ ᠶᠢᠨ ᠮᠣᠩᠭᠤᠯ ᠬᠢᠲᠠᠳ ᠡᠮᠴᠢᠯᠡᠭᠡᠨ ᠤ ᠨᠤᠷᠮ᠎ᠠ ᠨᠢ 60% ᠬᠦᠷᠴᠦ᠂ | ᠡᠮᠨᠡᠯᠭᠡ ᠳᠤ ᠰᠠᠭᠤᠭᠰᠠᠳ ᠤᠨ ᠮᠣᠩᠭᠤᠯ ᠬᠢᠲᠠᠳ ᠡᠮᠴᠢᠯᠡᠭᠡᠨ ᠤ ᠨᠤᠷᠮ᠎ᠠ ᠨᠢ 50% ᠬᠦᠷᠴᠦ᠂ ᠮᠣᠩᠭᠤᠯ | ᠬᠢᠲᠠᠳ ᠡᠮ ᠡᠮᠨᠡᠯᠭᠡ ᠶᠢᠨ ᠪᠣᠰᠤ ᠡᠮᠴᠢᠯᠡᠭᠡᠨ ᠤ ᠨᠤᠷᠮ᠎ᠠ ᠨᠢ 10% ᠠᠴᠠ ᠳᠡᠭᠡᠭᠰᠢ ᠪᠠᠶᠢᠨ᠎ᠠ᠃ | ᠨᠢᠭᠡ ᠳᠤ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠣᠳᠤᠯᠤᠯ ᠪᠠ ᠲᠤᠯᠭᠤᠷ ᠪᠢᠴᠢᠭ ᠤᠨ | ᠰᠤᠳᠤᠯᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 3 ᠵᠦᠢᠯ ᠤᠨ ᠤᠯᠠᠮᠵᠢᠯᠠᠯᠲᠤ ᠵᠠᠰᠠᠯᠭ᠎ᠠ ᠶᠢᠨ ᠠᠷᠭ᠎ᠠ | ᠨᠢ ᠦᠪᠡᠷᠲᠡᠭᠡᠨ ᠵᠠᠰᠠᠬᠤ ᠤᠷᠤᠨ ᠤ ᠬᠤᠶᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ | ᠨᠡᠷᠡᠰ ᠤᠨ ᠵᠢᠭᠰᠠᠭᠠᠯᠲᠠ ᠳᠤ ᠣᠷᠤᠪᠠ︔ 11 ᠵᠦᠢᠯ ᠤᠨ ᠰᠢᠨᠵᠢᠯᠡᠬᠦ ᠤᠬᠠᠭᠠᠨ ᠰᠤᠳᠤᠯᠤᠯ ᠤᠨ ᠰᠡᠳᠥᠪ ᠨᠢ | ᠮᠤᠵᠢ ᠶᠠᠮᠤᠨ ᠤ ᠳᠡᠰ ᠤᠨ ᠱᠠᠩᠨᠠᠯ ᠬᠦᠷᠲᠡᠪᠡ︔ 6 ᠵᠦᠢᠯ ᠤᠨ ᠮᠣᠩᠭᠤᠯ ᠡᠮ ᠦᠢᠯᠡᠳᠴᠦ ᠨᠠᠶᠢᠷᠠᠭᠤᠯᠬᠤ ᠭᠠᠷ | ᠤᠷᠠᠯᠠᠯ ᠨᠢ ᠤᠯᠤᠰ ᠤᠨ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠢ ᠣᠯᠪᠠ︔ 5 ᠪᠦᠯᠦᠭ ᠮᠣᠩᠭᠤᠯ ᠡᠮ | ᠡᠮᠨᠡᠯᠭᠡ ᠶᠢᠨ ᠰᠤᠳᠤᠯᠭᠠᠨ ᠤ ᠵᠣᠬᠢᠶᠠᠯ ᠢ ᠨᠠᠶᠢᠷᠠᠭᠤᠯᠵᠤ ᠣᠷᠴᠢᠭᠤᠯᠤᠨ ᠬᠡᠪᠯᠡᠵᠦ᠂ 2 ᠪᠦᠯᠦᠭ ᠨᠢ ᠮᠤᠵᠢ ᠶᠠᠮᠤᠨ ᠤ | ᠳᠡᠰ ᠤᠨ ᠱᠠᠩᠨᠠᠯ ᠬᠦᠷᠲᠡᠪᠡ᠃ | ᠬᠤᠶᠠᠷ ᠲᠤ ︽ᠡᠪᠡᠳᠴᠢᠨ ᠦᠭᠡᠢ ᠶᠢ ᠵᠠᠰᠠᠬᠤ︾ ᠳᠠᠬᠢ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ | ᠦᠢᠯᠡᠴᠢᠯᠡᠭᠡᠨ ᠤ ᠠᠵᠢᠯ ᠢ ᠢᠳᠡᠪᠬᠢᠲᠡᠢ ᠬᠠᠶᠢᠨ ᠰᠦᠪᠡᠭᠴᠢᠯᠡᠪᠡ᠂ ᠰᠢᠯᠢ ᠶᠢᠨ ᠭᠤᠣᠯ ᠠᠶᠢᠮᠠᠭ ᠢ ᠤᠯᠤᠰ ᠤᠨ | ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ︽ᠡᠪᠡᠳᠴᠢᠨ ᠦᠭᠡᠢ ᠶᠢ ᠵᠠᠰᠠᠬᠤ︾ ᠳᠠᠬᠢ | ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠦᠢᠯᠡᠴᠢᠯᠡᠭᠡᠨ ᠤ ᠲᠤᠷᠰᠢᠯᠲᠠ ᠶᠢᠨ ᠴᠢᠭ᠋ ᠤᠨ ᠭᠠᠵᠠᠷ ᠤᠷᠤᠨ ᠢᠶᠠᠷ | ᠲᠣᠭᠲᠠᠭᠠᠪᠠ᠃ ︽ᠡᠪᠡᠳᠴᠢᠨ ᠦᠭᠡᠢ ᠶᠢ ᠵᠠᠰᠠᠬᠤ ᠰᠠᠯᠠᠭ᠎ᠠ︾ ᠨᠢ ︽12·5︾ ᠶᠢᠨ ᠲᠦᠯᠦᠪᠵᠢᠭᠦᠯᠭᠡ ᠶᠢᠨ | ᠤᠯᠤᠰ ᠤᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠᠷ ᠲᠣᠭᠲᠠᠭᠠᠭᠳᠠᠵᠤ᠂ ︽ᠴᠡᠭᠡ ᠶᠢᠨ ᠵᠠᠰᠠᠯᠭ᠎ᠠ︾ ᠶᠢ | ᠤᠯᠤᠰ ᠤᠨ ᠮᠣᠩᠭᠤᠯ ᠬᠢᠲᠠᠳ ᠡᠮ ᠡᠮᠨᠡᠯᠭᠡ ᠶᠢᠨ ᠲᠣᠬᠢᠷᠠᠮᠵᠢᠲᠤ ᠮᠡᠷᠭᠡᠵᠢᠯ ᠤᠨ ᠳᠡᠯᠭᠡᠷᠡᠭᠦᠯᠬᠦ ᠲᠦᠷᠦᠯ ᠵᠦᠢᠯ ᠢᠶᠠᠷ | ᠲᠣᠭᠲᠠᠭᠠᠪᠠ᠃ | ᠭᠤᠷᠪᠠ ᠳᠤ ᠮᠣᠩᠭᠤᠯ ᠡᠮ ᠤᠨ ᠰᠣᠳᠤᠯᠤᠯ ᠬᠢᠭᠡᠳ ᠨᠡᠬᠡᠬᠡᠯᠲᠡ ᠶᠢ ᠬᠠᠶᠢᠨ ᠰᠦᠪᠡᠭᠴᠢᠯᠡᠪᠡ᠂ ᠮᠣᠩᠭᠤᠯ | ᠬᠢᠲᠠᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠮᠣᠩᠭᠤᠯ ᠡᠮ ᠤᠨ ᠮᠠᠲ᠋ᠧᠷᠢᠶᠠᠯ ᠢ | ᠲᠠᠷᠢᠬᠤ ᠠᠵᠢᠯ ᠢ ᠦᠷᠨᠢᠭᠦᠯᠵᠦ᠂ ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ | ᠦᠢᠯᠡᠳᠪᠦᠷᠢᠯᠡᠭᠰᠡᠨ ᠮᠣᠩᠭᠤᠯ ᠡᠮ ᠤᠨ ᠰᠢᠩᠭᠡᠨ ᠪᠡᠶᠡᠲᠦ ᠤᠤᠭᠤᠬᠤ ᠡᠮ ᠨᠢ ᠭᠠᠵᠠᠷ ᠣᠷᠣᠨ ᠤ ᠬᠤᠭᠤᠰᠣᠨ ᠢ | ᠨᠦᠬᠦᠪᠦᠷᠢᠯᠡᠪᠡ᠃ |