ᠣᠶᠢᠷ᠎ᠠ ᠳᠤ ᠬᠥᠬᠡᠬᠤᠲᠠ ᠲᠡᠮᠦᠷ ᠵᠠᠮ ᠤᠨ ᠲᠣᠪᠴᠢᠶᠠᠨ ᠠᠴᠠ ᠣᠶᠢᠯᠠᠭᠠᠵᠤ ᠮᠡᠳᠡᠭᠰᠡᠨ ᠨᠢ᠂ ᠲᠡᠮᠦᠷ | ᠵᠠᠮ ᠤᠨ ᠰᠠᠯᠠᠭ᠎ᠠ ᠮᠥᠴᠢᠷ ᠤᠨ ᠪᠢᠯᠧᠲ ᠤᠷᠢᠳᠴᠢᠯᠠᠨ ᠬᠤᠳᠠᠯᠳᠤᠬᠤ ᠲᠣᠭᠲᠠᠭᠠᠯ ᠶᠣᠰᠣᠭᠠᠷ᠂ 11 ᠳ᠋ᠦ᠋ᠭᠡᠷ | ᠰᠠᠷ᠎ᠠ ᠶᠢᠨ 26 ᠤ ᠡᠳᠦᠷ ᠠᠴᠠ ᠡᠬᠢᠯᠡᠨ 2016 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠭᠠᠯᠲᠤ ᠲᠡᠷᠭᠡᠨ | ᠪᠢᠯᠧᠲ ︵2016 ᠣᠨ ᠤ 1 ᠳ᠋ᠦ᠋ᠭᠡᠷ ᠰᠠᠷ᠎ᠠ ᠶᠢᠨ 24 ᠤ ᠡᠳᠦᠷ︶ ᠢ ᠵᠢᠩᠬᠢᠨᠢ ᠪᠠᠷ ᠬᠤᠳᠠᠯᠳᠤᠵᠤ᠂ ᠪᠢᠲᠡᠭᠦᠨ ᠤ | ᠰᠦᠨᠢ ︵2016 ᠣᠨ ᠤ 2 ᠳ᠋ᠤᠭᠠᠷ ᠰᠠᠷ᠎ᠠ ᠶᠢᠨ 7 ᠤ ᠡᠳᠦᠷ︶ ᠶᠢᠨ ᠲᠡᠷᠭᠡᠨ ᠪᠢᠯᠧᠲ ᠢ ᠴᠦ 12 ᠳ᠋ᠤᠭᠠᠷ | ᠰᠠᠷ᠎ᠠ ᠶᠢᠨ 10 ᠤ ᠡᠳᠦᠷ ᠬᠤᠳᠠᠯᠳᠤᠬᠤ ᠪᠠᠷ ᠪᠤᠢ᠂ ᠠᠳᠡ ᠥᠷᠭᠡᠨ ᠣᠯᠠᠨ ᠠᠶᠠᠨᠴᠢᠳ ᠲᠤ ᠰᠠᠨᠠᠭᠤᠯᠬᠤ ᠨᠢ | ᠠᠶᠠᠯᠠᠯ ᠢᠶᠠᠨ ᠡᠷᠲᠡᠬᠡᠨ ᠲᠣᠭᠲᠠᠭᠠᠵᠤ᠂ www.12306.cn ᠰᠦᠯᠵᠢᠶ᠎ᠡ᠂ 95105105 ᠪᠢᠯᠧᠲ | ᠵᠠᠬᠢᠶᠠᠯᠠᠬᠤ ᠳ᠋ᠢᠶᠠᠩᠬᠤᠸᠠ᠂ ᠭᠠᠯᠲᠤ ᠲᠡᠷᠭᠡᠨ ᠥᠷᠲᠡᠭᠡᠨ ᠤ ᠴᠣᠩᠬᠤ᠂ ᠣᠷᠣᠯᠠᠨ ᠬᠤᠳᠠᠯᠳᠤᠬᠤ ᠭᠠᠵᠠᠷ᠂ ᠠᠦ᠋ᠲ᠋ᠣ᠋ | ᠪᠢᠯᠧᠲ ᠬᠤᠳᠠᠯᠳᠤᠬᠤ ᠮᠠᠰᠢᠨ ᠵᠡᠷᠭᠡ ᠠᠷᠭ᠎ᠠ ᠵᠠᠮ ᠢᠶᠠᠷ ᠪᠢᠯᠧᠲ ᠬᠤᠳᠠᠯᠳᠤᠨ ᠠᠪᠤᠭᠠᠷᠠᠢ᠃ ᠬᠥᠬᠡᠬᠤᠲᠠ ᠲᠡᠮᠦᠷ | ᠵᠠᠮ ᠤᠨ ᠲᠣᠪᠴᠢᠶ᠎ᠠ ᠶᠢᠨ ᠪᠢᠯᠧᠲ ᠬᠤᠳᠠᠯᠳᠤᠬᠤ ᠰᠠᠯᠠᠭ᠎ᠠ ᠮᠥᠴᠢᠷ ᠤᠨ ᠠᠵᠢᠯᠲᠠᠨ ᠤ ᠵᠢᠱᠢᠬᠦ ᠪᠠᠷ᠂ ᠥᠪᠥᠷ | ᠮᠣᠩᠭᠤᠯ ᠣᠷᠣᠨ ᠤ ᠠᠶᠠᠨᠴᠢᠳ ᠤᠨ ᠵᠥᠭᠡᠭᠡᠪᠦᠷᠢ ᠶᠢᠨ ᠣᠷᠬᠢᠯ ᠬᠤᠭᠤᠴᠠᠭ᠎ᠠ ᠨᠢ ᠪᠢᠯᠢᠭ ᠤᠨ ᠤᠯᠠᠷᠢᠯ ᠤᠨ ᠭᠠᠯ | ᠲᠠᠬᠢᠬᠤ ᠡᠳᠦᠷ ︵2016 ᠣᠨ ᠤ 2 ᠳ᠋ᠤᠭᠠᠷ ᠰᠠᠷ᠎ᠠ ᠶᠢᠨ 1 ᠤ ᠡᠳᠦᠷ︶ ᠪᠣᠯᠣᠨ᠎ᠠ᠂ ᠲᠤᠰ ᠡᠳᠦᠷ ᠤᠨ ᠭᠠᠯᠲᠤ | ᠲᠡᠷᠭᠡᠨ ᠤ ᠪᠢᠯᠧᠲ ᠢ 12 ᠳ᠋ᠤᠭᠠᠷ ᠰᠠᠷ᠎ᠠ ᠶᠢᠨ 4 ᠤ ᠡᠳᠦᠷ ᠠᠴᠠ ᠡᠬᠢᠯᠡᠨ ᠬᠤᠳᠠᠯᠳᠤᠨ᠎ᠠ᠂ ᠥᠷᠭᠡᠨ ᠣᠯᠠᠨ | ᠠᠶᠠᠨᠴᠢᠳ ᠲᠤ ᠰᠠᠨᠠᠭᠤᠯᠬᠤ ᠨᠢ 12 ᠳ᠋ᠤᠭᠠᠷ ᠰᠠᠷ᠎ᠠ ᠶᠢᠨ 4 ᠤ ᠡᠳᠦᠷ ᠠᠴᠠ ᠬᠤᠶᠢᠰᠢᠬᠢ ᠦᠯᠡᠳᠡᠭᠰᠡᠨ | ᠪᠢᠯᠧᠲ ᠤᠨ ᠮᠡᠳᠡᠭᠡ ᠵᠠᠩᠭᠢ ᠶᠢ ᠠᠩᠬᠠᠷᠴᠤ᠂ ᠭᠠᠳᠠᠭᠰᠢ ᠭᠠᠷᠬᠤ ᠲᠥᠯᠥᠪᠯᠡᠭᠡ ᠪᠠᠨ ᠴᠠᠭ ᠲᠤᠬᠠᠶ ᠳᠤᠨᠢ | ᠲᠣᠬᠢᠷᠠᠭᠤᠯᠵᠤ᠂ ᠲᠣᠭᠲᠠᠭᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠣᠨᠴᠠᠭᠠᠶᠢᠯᠠᠨ ᠠᠩᠬᠠᠷᠤᠭᠤᠰᠢᠲᠠᠶ ᠨᠢ᠂ | 12306 ᠰᠦᠯᠵᠢᠶ᠎ᠡ ᠪᠠᠷ ᠳᠠᠮᠵᠢᠨ ᠪᠢᠯᠧᠲ ᠬᠤᠳᠠᠯᠳᠤᠨ ᠠᠪᠬᠤ ᠪᠠᠷ ᠪᠡᠯᠡᠳᠬᠡᠵᠦ ᠪᠠᠶᠢᠭ᠎ᠠ ᠠᠶᠠᠨᠴᠢᠳ | ᠤᠷᠢᠳᠴᠢᠯᠠᠨ ᠳᠠᠩᠰᠠᠯᠠᠭᠤᠯᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠪᠠᠨ ᠬᠢᠨᠠᠨ ᠰᠢᠯᠭᠠᠭᠤᠯᠵᠤ᠂ | ᠰᠦᠯᠵᠢᠶᠡᠨ ᠳᠡᠭᠡᠷ᠎ᠡ ᠲᠡᠷᠭᠡᠨ ᠪᠢᠯᠧᠲ ᠬᠤᠳᠠᠯᠳᠤᠨ ᠠᠪᠤᠭᠰᠠᠨ ᠠᠶᠠᠨᠴᠢᠳ ᠴᠦ ᠴᠠᠭᠠᠰᠤᠨ ᠲᠡᠷᠭᠡᠨ ᠪᠢᠯᠧᠲ ᠢᠶᠠᠨ | ᠤᠷᠢᠳᠴᠢᠯᠠᠨ ᠰᠤᠯᠢᠨ ᠠᠪᠴᠤ᠂ ᠠᠶᠠᠯᠠᠯ ᠠᠴᠠ ᠪᠠᠨ ᠰᠠᠭᠠᠲᠠᠭᠠᠬᠤ ᠠᠴᠠ ᠬᠢᠴᠢᠶᠡᠭᠡᠷᠡᠢ᠃ |