ᠠᠶᠤᠯᠲᠠᠶ ᠬᠢᠮᠢ ᠶᠢᠨ ᠵᠦᠢᠯ ᠤᠨ ᠠᠵᠢᠯ ᠲᠥᠷᠥᠯ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠶᠤᠯ ᠥᠭᠡᠢ ᠶᠢᠨ ᠪᠡᠯᠡᠳᠬᠡᠮᠵᠢ ᠶᠢᠨ ︽ᠭᠤᠷᠪᠠ ᠶᠢ ᠵᠡᠷᠭᠡ ᠳᠤᠨᠢ ᠬᠢᠬᠦ︾ ᠠᠵᠢᠯ ᠤᠨ ᠳᠤᠮᠳᠠ ᠬᠢᠨᠠᠯᠲᠠ ᠲᠠᠯᠪᠢᠵᠤ | ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯᠲᠠᠶ ᠬᠢᠮᠢ ᠶᠢᠨ | ᠵᠦᠢᠯ ᠤᠨ ᠠᠵᠤ ᠠᠬᠤᠶᠢᠯᠠᠯ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠭᠤᠷᠪᠠ ᠶᠢ ᠵᠡᠷᠭᠡ ᠳᠤᠨᠢ | ᠬᠢᠬᠦ︾ ᠠᠵᠢᠯ ᠢ ᠵᠢᠷᠤᠮᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠦᠭᠡ᠂ 11 ᠳ᠋ᠤᠭᠡᠷ | ᠰᠠᠷ᠎ᠠ ᠶᠢᠨ14 —15 ᠤ ᠡᠳᠦᠷ᠂ ᠠᠵᠤ ᠠᠬᠤᠶᠢᠯᠠᠯ ᠤᠨ ᠤᠷᠢᠯᠭ᠎ᠠ ᠪᠠᠷ᠂ ᠠᠶᠢᠮᠠᠭ ᠤᠨ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠲᠠᠯᠪᠢᠬᠤ ᠲᠣᠪᠴᠢᠶᠠᠨ ᠤ ᠳᠡᠳ᠋ ᠳᠠᠷᠤᠭ᠎ᠠ ᠴᠠᠢ ᠷᠦᠨ ᠭᠦᠢ ᠠᠶᠢᠮᠠᠭ ᠤᠨ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠡ ᠪᠦᠬᠦᠢ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ᠂ ᠬᠠᠷᠢᠶ᠎ᠠ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠬᠠᠮᠢᠶ᠎ᠡ ᠪᠦᠬᠦᠢ ᠬᠥᠮᠦᠰ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠲᠠᠯᠪᠢᠬᠤ ᠲᠣᠪᠴᠢᠶᠠᠨ ᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ 3 ᠲᠤᠰᠬᠠᠶ ᠮᠡᠷᠭᠡᠵᠢᠯᠲᠡᠨ ᠢ | ᠳᠠᠭᠠᠭᠤᠯᠵᠤ ᠥᠪᠥᠷ ᠮᠣᠩᠭᠤᠯ ᠤᠨ ᠢ ᠴᠧᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ᠂ ᠥᠪᠥᠷ ᠮᠣᠩᠭᠤᠯ ᠤᠨ ᠶᠢᠨ ᠶᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ | ᠠᠵᠢᠯᠯᠠᠭ᠎ᠠ ᠪᠣᠯᠣᠨ ᠦᠷ᠎ᠡ ᠳ᠋ᠦᠩ ᠳᠤ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠪᠠ᠃ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠲᠤᠬᠠᠢ ᠶᠢᠨ ᠲᠠᠯᠠᠪᠠᠢ ᠳᠤ ᠳᠤᠷᠠᠳᠤᠭᠰᠠᠨ ᠬᠢᠨᠠᠨ ᠪᠠᠶᠢᠴᠠᠭᠠᠬᠤ ᠰᠠᠨᠠᠯ ᠪᠣᠯᠣᠨ ᠴᠡᠭᠴᠡᠯᠡᠨ | ᠰᠠᠶᠢᠵᠢᠷᠠᠭᠤᠯᠬᠤ ᠰᠠᠨᠠᠭᠤᠯᠭ᠎ᠠ ᠳᠤ ᠴᠢᠭᠯᠡᠭᠦᠯᠦᠨ᠂ ᠠᠵᠤ ᠠᠬᠤᠶᠢᠯᠠᠯ ᠢ ᠰᠢᠮᠳᠠᠭᠤᠯᠤᠨ ᠴᠡᠭᠴᠡᠯᠡᠨ | ᠥᠭᠡᠷᠡᠴᠢᠯᠡᠬᠦ ᠪᠠᠨ ᠥᠳᠲᠡᠷ ᠲᠥᠷᠭᠡᠨ ᠪᠡᠶᠡᠯᠡᠭᠦᠯᠵᠦ᠂ ᠠᠵᠤ ᠠᠬᠤᠶᠢᠯᠠᠯ ᠴᠡᠭᠴᠡᠯᠡᠨ ᠥᠭᠡᠷᠡᠴᠢᠯᠡᠵᠦ | ᠳᠠᠭᠤᠰᠤᠭᠰᠠᠨ ᠬᠤᠶᠢᠨ᠎ᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠠᠪᠲᠠᠨ ᠪᠠᠶᠢᠴᠠᠭᠠᠭᠠᠳ ᠬᠢᠷᠢ ᠲᠡᠩᠴᠡᠭᠰᠡᠨ ᠤ | ᠳᠠᠷᠠᠭ᠎ᠠ᠂ ᠲᠤᠰ ᠤᠳᠠᠭᠠᠨ ᠤ ᠲᠤᠬᠠᠶ ᠶᠢᠨ ᠭᠠᠵᠠᠷ ᠤᠨ ᠬᠢᠨᠠᠨ ᠪᠠᠶᠢᠴᠠᠭᠠᠯᠲᠠ ᠰᠠᠶ᠋ᠢ ᠪᠠᠲᠤᠯᠠᠭᠳᠠᠬᠤ ᠪᠥᠭᠡᠳ ᠠᠵᠤ | ᠠᠬᠤᠶᠢᠯᠠᠯ ᠠᠶᠤᠯ ᠦᠭᠡᠢ ᠪᠡᠯᠡᠳᠬᠡᠮᠵᠢ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ ᠶᠢ | ᠬᠠᠨᠭ᠍ᠭᠠᠭᠰᠠᠨ ᠤ ᠳᠠᠷᠠᠭ᠎ᠠ ᠠᠷᠪᠠᠨ ᠡᠳᠦᠷ ᠤᠨ ᠳᠣᠲᠣᠷ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠠᠶᠤᠯᠲᠠᠶ | ᠬᠢᠮᠢ ᠶᠢᠨ ᠵᠦᠢᠯ ᠤᠨ ᠬᠠᠮᠢᠶ᠎ᠡ ᠪᠦᠬᠦᠢ ᠵᠦᠪᠰᠢᠶᠡᠷᠡᠯ ᠢ ᠣᠯᠬᠤ ᠪᠠᠷ ᠴᠠᠭ ᠲᠤᠬᠠᠶ ᠳᠤᠨᠢ ᠳᠤᠷᠠᠳᠬᠤ ᠶᠢ ᠱᠠᠭᠠᠷᠳᠠᠪᠠ᠃ | |