ᠤᠯᠠᠭᠠᠨᠴᠠᠪ ᠬᠤᠲᠠ ᠶᠢᠨ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2015/11/24
     11 ᠳ᠋ᠦ᠋ᠭᠡᠷ ᠰᠠᠷ᠎ᠠ ᠶᠢᠨ 20᠎ ᠤ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠰᠣᠨᠢᠨ ᠮᠡᠳᠡᠭᠡᠨ ᠤ ᠬᠢᠨ ᠳᠤ ︽ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠢ ᠢᠯᠡ ᠪᠠᠷ ᠨᠡᠶᠢᠲᠡᠯᠡᠭᠰᠡᠨ ᠪᠥᠭᠡᠳ ᠬᠤᠯᠪᠣᠭᠳᠠᠯ ᠪᠦᠬᠦᠢ ᠵᠦᠢᠯ ᠵᠤᠷᠪᠤᠰ ᠤᠨ ᠠᠭᠤᠯᠭ᠎ᠠ ᠶᠢ ᠲᠠᠶᠢᠯᠪᠤᠷᠢᠯᠠᠨ ᠲᠣᠳᠣᠷᠬᠠᠶᠢᠯᠠᠪᠠ᠃ ︽ᠬᠡᠷᠡᠭᠵᠢᠭᠦᠯᠬᠦ ᠰᠠᠨᠠᠯ︾᠎ ᠢ ᠨᠡᠶᠢᠲᠡᠯᠡᠭᠰᠡᠨ ᠨᠢ᠂ ᠮᠠᠨ ᠤ ᠬᠤᠲᠠ ᠶᠢᠨ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤᠨ ᠳᠤ ᠤᠷᠤᠭᠰᠠᠨ ᠢ ᠬᠠᠷᠠᠭᠤᠯᠪᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠬᠡᠷᠡᠭᠵᠢᠭᠦᠯᠬᠦ ᠰᠠᠨᠠᠯ︾᠎ ᠤᠨ ᠪᠦᠳᠦᠭᠦᠪᠴᠢ ᠪᠦᠲᠦᠴᠡ ᠶᠢ ᠲᠠᠨᠢᠯᠴᠠᠭᠤᠯᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠥᠮᠴᠢᠯᠡᠬᠦ ᠡᠷᠬᠡ ᠲᠠᠢ ᠭᠡᠷ ᠪᠠᠶᠢᠰᠢᠩ ᠢᠶᠠᠷ ᠡᠷᠦᠬᠡ ᠠᠮᠠ ᠣᠷᠣᠬᠤ᠂ ᠲᠦᠷᠢᠶᠡᠰᠦᠯᠡᠭᠰᠡᠨ ᠭᠡᠷ ᠪᠠᠶᠢᠰᠢᠩ ᠢᠶᠠᠷ ᠡᠷᠦᠬᠡ ᠠᠮᠠ ᠣᠷᠣᠬᠤ᠂ ᠬᠠᠤᠯᠢ ᠶᠣᠰᠣᠨ ᠤ ᠠᠵᠢᠯ ᠣᠯᠤᠭᠰᠠᠨ ᠬᠥᠮᠦᠰ ᠡᠷᠦᠭᠡ ᠠᠮᠠ ᠪᠠᠨ ᠣᠷᠣᠭᠤᠯᠬᠤ᠂ ᠡᠷᠦᠬᠡ ᠠᠮᠠ ᠦᠭᠡᠢ ᠬᠥᠮᠦᠰ ᠡᠷᠦᠭᠡ ᠠᠮᠠ ᠣᠷᠣᠬᠤ ᠪᠠ ᠬᠤᠲᠠ ᠬᠥᠳᠡᠭᠡ ᠶᠢᠨ ᠨᠢᠭᠡᠳᠦᠯᠲᠡᠶ ᠡᠷᠦᠬᠡ ᠠᠮᠠ ᠶᠢᠨ ᠳᠠᠩᠰᠠᠯᠠᠯᠲᠠ ᠶᠢᠨ ᠳᠦᠷᠢᠮ ᠵᠡᠷᠭᠡ ᠵᠦᠢᠯ ᠵᠤᠷᠪᠤᠰ ᠪᠣᠯᠤᠨ ᠠᠭᠤᠯᠭ᠎ᠠ ᠶᠢᠨ ᠲᠤᠬᠠᠶ ᠨᠠᠷᠢᠨ ᠲᠠᠶᠢᠯᠪᠤᠷᠢᠯᠠᠯᠲᠠ᠂ ᠲᠣᠳᠣᠷᠬᠠᠶᠢᠯᠠᠯᠲᠠ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠦᠬᠦ ᠬᠤᠲᠠ ᠶᠢᠨ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢᠨ ᠳᠠᠭᠠᠭᠤᠯᠤᠭᠴᠢ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢᠶᠠᠷ ᠳᠠᠮᠵᠢᠭᠤᠯᠤᠨ᠂ ᠨᠡᠶᠢᠭᠡᠮ ᠨᠡᠶᠢᠲᠡ ᠳᠤ᠂ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠵᠦ᠂ ᠪᠦᠬᠦ ᠬᠤᠲᠠ ᠶᠢᠨ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠭᠤᠯᠭ᠎ᠠ ᠶᠢ ᠣᠨᠣᠪᠴᠢᠲᠠᠶ ᠲᠠᠶᠢᠯᠪᠤᠷᠢᠯᠠᠪᠠ᠃ ᠡᠭᠦᠨ ᠤ ᠬᠠᠮᠲᠤ ᠵᠠᠭᠤᠴᠢᠯᠠᠭᠤᠷ ᠤᠨ ᠤᠬᠠᠭᠤᠯᠭ᠎ᠠ ᠮᠡᠳᠡᠭᠡᠯᠡᠯ ᠢ ᠠᠰᠢᠭᠯᠠᠨ᠂ ᠣᠯᠠᠨ ᠲᠦᠮᠡᠨ ᠤ ᠮᠠᠨ ᠤ ᠬᠤᠲᠠ ᠶᠢᠨ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢᠨ ᠲᠠᠯ᠎ᠠ ᠪᠠᠷ ᠬᠢ ᠣᠶᠢᠯᠠᠭᠠᠯᠲᠠ ᠶᠢ ᠨᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠳᠤ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠪᠠ ᠬᠤᠳᠠ ᠪᠠᠯᠭᠠᠰᠤᠵᠢᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠲᠦᠯᠬᠢᠨ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号