ᠤᠯᠠᠭᠠᠨᠬᠠᠳᠠ ᠬᠤᠲᠠ ᠶᠢᠨ ᠴᠡᠴᠡᠷᠯᠢᠭᠵᠢᠭᠦᠯᠦᠯᠲᠡ ᠶᠢᠨ ᠬᠠᠮᠢᠶᠠᠷᠤᠯᠲᠠ ᠶᠢᠨ ᠲᠣᠪᠴᠢᠶ᠎ᠠ ᠨᠣᠭᠤᠭᠠᠷᠠᠭᠤᠯᠤᠯᠲᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2015/11/24
     ᠤᠯᠠᠭᠠᠨᠬᠠᠳᠠ ᠬᠤᠲᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠨ ᠬᠥᠷᠥᠰᠦ ᠶᠢᠨ ᠪᠣᠷᠣ ᠮᠠᠲ᠋ᠧᠷᠢᠶᠠᠯ ᠢ ᠪᠦᠬᠦ ᠲᠠᠯ᠎ᠠ ᠪᠠᠷ ᠵᠥᠪ ᠣᠨᠣᠪᠴᠢᠲᠠᠶ ᠪᠠᠷ ᠡᠵᠡᠮᠰᠢᠨ᠂ ᠣᠶᠢᠷ᠎ᠠ ᠶᠢᠨ ᠵᠢᠯ ᠠᠴᠠ ᠨᠠᠰᠢᠬᠢ ᠤᠯᠠᠭᠠᠨᠬᠠᠳᠠ ᠬᠤᠲᠠ ᠶᠢᠨ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠨᠡᠩ ᠰᠠᠶᠢᠲᠤᠷ ᠲᠤᠰᠬᠠᠵᠤ᠂ ᠴᠡᠴᠡᠷᠯᠢᠭ ᠢ ᠨᠣᠭᠤᠭᠠᠷᠠᠭᠤᠯᠬᠤ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠂ ᠲᠣᠭᠠᠴᠢᠯᠠᠯᠲᠠ ᠶᠢ ᠲᠦᠯᠬᠢᠨ ᠠᠬᠢᠭᠤᠯᠬᠤ ᠶᠢᠨ ᠬᠠᠮᠲᠤ ᠤᠯᠤᠰ ᠤᠨ ᠲᠡᠰ ᠤᠨ ᠴᠡᠴᠡᠷᠯᠢᠭᠵᠢᠭᠰᠡᠨ ᠬᠤᠳᠠ ᠶᠢ ᠡᠭᠦᠳᠦᠨ ᠪᠠᠶᠢᠭᠤᠯᠬᠤ ᠳᠤ ᠲᠤᠭ᠎ᠠ ᠪᠠᠷᠢᠮᠲᠠ ᠶᠢᠨ ᠲᠦᠰᠢᠭ ᠲᠤᠯᠭᠠᠭᠤᠷᠢ ᠬᠠᠩᠭᠠᠬᠤ ᠶᠢᠨ ᠲᠥᠯᠦᠭᠡ᠂ ᠣᠶᠢᠷ᠎ᠠ ᠳᠤ᠂ ᠤᠯᠠᠭᠠᠨᠬᠠᠳᠠ ᠬᠤᠲᠠ ᠶᠢᠨ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠵᠦᠪᠯᠡᠯ ᠠᠴᠠ ᠠᠵᠢᠯᠲᠠᠳ ᠢ ᠵᠣᠬᠢᠶᠠᠨ ᠪᠠᠶᠢᠭᠤᠯᠵᠤ ᠬᠤᠲᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠨ ᠬᠥᠷᠥᠰᠦ ᠶᠢ ᠨᠡᠶᠢᠳᠡᠮ ᠪᠠᠶᠢᠴᠠᠭᠠᠨ ᠬᠡᠮᠵᠢᠬᠦ ᠠᠵᠢᠯ ᠢ ᠵᠢᠩᠬᠢᠨᠢ ᠪᠠᠷ ᠥᠷᠨᠢᠭᠦᠯᠪᠡ᠃ ᠨᠡᠶᠢᠳᠡᠮ ᠪᠠᠶᠢᠴᠠᠭᠠᠯᠲᠠ ᠶᠢᠨ ᠠᠵᠢᠯ ᠳᠤ ᠨᠠᠷᠢᠯᠢᠭ ᠪᠦᠲᠦᠮᠵᠢᠲᠡᠶ ᠲᠤᠭ᠎ᠠ ᠪᠠᠷᠢᠮᠲᠠ ᠣᠯᠬᠤ ᠶᠢᠨ ᠬᠠᠮᠲᠤ ᠠᠯᠤᠰ ᠰᠡᠷᠡᠯ ᠤᠨ ᠬᠡᠮᠵᠢᠨ ᠰᠢᠯᠭᠠᠬᠤ ᠲᠡᠷᠢᠭᠦᠨ ᠤ ᠲᠧᠭᠨᠢᠭ ᠮᠡᠷᠭᠡᠵᠢᠯ ᠢᠶᠠᠷ ᠳᠠᠮᠵᠢᠭᠤᠯᠤᠨ ᠨᠣᠭᠤᠭᠠᠷᠠᠭᠤᠯᠤᠯᠲᠠ ᠶᠢᠨ ᠪᠦᠷᠬᠦᠴᠡ᠂ ᠨᠣᠭᠤᠭᠠᠨ ᠬᠥᠷᠦᠰᠦ ᠶᠢᠨ ᠨᠤᠷᠮ᠎ᠠ ᠵᠢᠴᠢ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠲᠠᠯᠠᠪᠠᠢ ᠵᠡᠷᠭᠡ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠣᠨᠣᠪᠴᠢᠲᠠᠶ ᠬᠡᠮᠵᠢᠨ ᠭᠠᠷᠭᠠᠬᠤ ᠶᠢ ᠦᠨᠡᠨ ᠬᠦ ᠪᠠᠲᠤᠯᠠᠬᠤ ᠶᠢᠨ ᠲᠥᠯᠦᠭᠡ᠂ ᠬᠤᠳᠠ ᠶᠢᠨ ᠴᠡᠴᠡᠷᠯᠢᠭᠵᠢᠭᠦᠯᠦᠯᠲᠡ ᠶᠢᠨ ᠬᠠᠮᠢᠶᠠᠷᠤᠯᠲᠠ ᠶᠢᠨ ᠲᠣᠪᠴᠢᠶ᠎ᠠ ᠪᠦᠬᠦ ᠤᠯᠤᠰ ᠤᠨ ᠬᠡᠪᠴᠢᠶᠡᠨ ᠳᠣᠲᠣᠷ᠎ᠠ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠶᠢ ᠬᠡᠷᠡᠭᠯᠡᠨ ᠤᠯᠠᠭᠠᠨᠬᠠᠳᠠ ᠶᠢᠨ ᠬᠤᠸᠠ ᠳ᠋ᠢ ᠹᠠᠨᠭ᠌ ᠶᠤᠸᠠᠨ ᠵᠢᠷᠤᠵᠤ ᠲᠥᠯᠥᠪᠯᠡᠬᠦ ᠬᠢᠵᠠᠭᠠᠷᠲᠤ ᠺᠣᠮᠫᠠᠨᠢ ᠪᠣᠯᠤᠨ ᠪᠡᠭᠡᠵᠢᠩ ᠤᠨ ᠳ᠋ᠢ ᠼᠧ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠲᠤᠰ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢ ᠬᠠᠮᠲᠤ ᠪᠠᠷ ᠡᠭᠦᠷᠭᠡᠯᠡᠭᠦᠯᠬᠦ ᠪᠠᠷ ᠲᠣᠭᠲᠠᠭᠠᠪᠠ᠃ ᠬᠡᠰᠡᠭ ᠣᠷᠣᠨ ᠬᠤᠪᠢᠶᠠᠵᠤ ᠬᠡᠮᠵᠢᠯᠲᠡ ᠬᠢᠬᠦ ᠬᠡᠯᠪᠡᠷᠢ ᠶᠢ ᠠᠪᠴᠤ᠂ ᠬᠤᠲᠠ ᠶᠢᠨ ᠲᠣᠭᠤᠷᠢᠭ ᠲᠠᠬᠢ ᠴᠡᠴᠡᠷᠯᠢᠭ᠂ ᠵᠤᠭᠠᠴᠠᠯ ᠤᠨ ᠴᠡᠴᠡᠷᠯᠢᠭ᠂ ᠪᠠᠶᠢᠭᠤᠯᠭ᠎ᠠ᠂ ᠵᠠᠮ᠂ ᠬᠦᠷᠢᠶ᠎ᠡ ᠬᠠᠰᠢᠶ᠎ᠠ ᠵᠡᠷᠭᠡ ᠡᠯ᠎ᠡ ᠲᠥᠷᠥᠯ ᠤᠨ ᠨᠣᠭᠤᠭᠠᠷᠠᠭᠤᠯᠤᠯᠲᠠ ᠶᠢᠨ ᠡᠵᠡᠯᠡᠭᠰᠡᠨ ᠲᠠᠷᠢᠶᠠᠨ ᠭᠠᠵᠠᠷ ᠤᠨ ᠲᠠᠯᠠᠪᠠᠶ᠂ ᠮᠣᠳᠣᠨ ᠤ ᠲᠥᠷᠥᠯ ᠵᠦᠢᠯ᠂ ᠬᠡᠪ ᠪᠠᠷᠢᠮᠵᠢᠶ᠎ᠠ ᠵᠡᠷᠭᠡ ᠪᠣᠳᠠᠲᠠᠶ ᠲᠤᠭ᠎ᠠ ᠪᠠᠷᠢᠮᠲᠠ ᠶᠢ ᠨᠠᠷᠢᠯᠢᠭ ᠬᠡᠮᠵᠢᠬᠦ ᠶᠢᠨ ᠬᠠᠮᠲᠤ 1:500 ᠬᠠᠪᠲᠠᠭᠠᠶ ᠵᠢᠷᠤᠭ ᠢ ᠵᠢᠷᠤᠵᠤ ᠭᠠᠷᠭᠠᠨ᠎ᠠ᠃ ᠬᠤᠳᠠ ᠶᠢᠨ ᠴᠡᠴᠡᠷᠯᠢᠭᠵᠢᠭᠦᠯᠦᠯᠲᠡ ᠶᠢᠨ ᠬᠠᠮᠢᠶᠠᠷᠤᠯᠲᠠ ᠶᠢᠨ ᠲᠣᠪᠴᠢᠶ᠎ᠠ ᠤᠯᠠᠭᠠᠨᠬᠠᠳᠠ ᠬᠤᠲᠠ ᠶᠢᠨ ᠬᠤᠳᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠤᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠨᠢᠬᠡᠲᠦᠯᠲᠡᠢ ᠪᠠᠶᠢᠭᠤᠯᠵᠤ᠂ ᠪᠦᠬᠦ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号