25. ᠺᠤᠮᠫᠢᠦ᠋ᠲ᠋ᠧᠷ᠂ ᠳᠠᠷᠤᠮᠠᠯᠯᠠᠬᠤ ᠮᠠᠰᠢᠨ ᠢ ᠵᠤᠬᠢᠰᠲᠠᠢ ᠬᠡᠷᠡᠭᠯᠡᠬᠦ
ᠨᠡᠶᠢᠲᠡᠯᠡᠭᠰᠡᠨ ᠴᠠᠭ᠄
2015/11/24

      ᠺᠤᠮᠫᠢᠦ᠋ᠲ᠋ᠧᠷ ᠤᠨ ᠴᠠᠬᠢᠯᠭᠠᠨ ᠢ ᠲᠠᠰᠤᠯᠵᠤ ᠪᠦᠳᠡᠭᠡᠯᠬᠡ ᠤᠷᠤᠭᠤᠯᠵᠤ ᠬᠠᠮᠠᠭᠠᠯᠠᠬᠤ᠄ ᠺᠤᠮᠫᠢᠦ᠋ᠲ᠋ᠧᠷ ᠢ ᠬᠡᠷᠡᠭᠯᠡᠬᠦ ᠦᠭᠡᠢ ᠦᠶᠡᠰ ᠲᠤ ᠴᠠᠬᠢᠯᠭᠠᠨ ᠢ ᠲᠠᠰᠤᠯᠵᠤ ᠪᠦᠳᠡᠭᠡᠯᠬᠡ ᠤᠷᠤᠭᠤᠯᠪᠠᠯ ᠺᠤᠮᠫᠢᠦ᠋ᠲ᠋ᠧᠷ ᠪᠦᠷᠢ ᠵᠢᠯ ᠪᠦᠷᠢ 6.3W ᠴᠠᠬᠢᠯᠭᠠᠨ ᠠᠷᠪᠢᠯᠠᠬᠤ ᠪᠦᠭᠡᠳ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 6kg ᠪᠠᠭᠠᠰᠬᠠᠵᠤ ᠴᠢᠳᠠᠨ᠎ᠠ᠃ ᠪᠢᠴᠢᠯ ᠺᠤᠮᠫᠢᠦ᠋ᠲ᠋ᠧᠷ ᠪᠦᠷᠢ ᠵᠢᠯ ᠪᠦᠷᠢ ᠳᠤ 1.5W ᠴᠠᠬᠢᠯᠭᠠᠨ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 1.4kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠬᠡᠷᠡᠭᠯᠡᠵᠦ ᠪᠠᠶᠢᠭ᠎ᠠ 7700 ᠲᠦᠮᠡᠨ ᠺᠤᠮᠫᠢᠦ᠋ᠲ᠋ᠧᠷ ᠲᠤ ᠪᠦᠷ ᠡᠶᠢᠮᠦᠷᠬᠦᠦ ᠠᠷᠭ᠎ᠠ ᠬᠡᠮᠵᠢᠶ᠎ᠡ ᠠᠪᠤᠪᠠᠯ ᠵᠢᠯ ᠪᠦᠷᠢ 4.5 ᠳ᠋ᠦᠡᠭᠰᠢᠭᠤᠷ W ᠴᠠᠬᠢᠯᠭᠠᠨ ᠠᠷᠪᠢᠯᠠᠬᠤ ᠮᠦᠷᠳᠡᠭᠡᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 4.3 ᠲᠦᠮᠡᠨ t ᠪᠠᠭᠠᠰᠬᠠᠵᠤ ᠴᠢᠳᠠᠨ᠎ᠠ᠃
     ᠰᠢᠩᠭᠡᠨ ᠲᠠᠯᠠᠰᠳᠤ ᠺᠤᠮᠫᠢᠦ᠋ᠲ᠋ᠧᠷ ᠤᠨ ᠳᠡᠯᠭᠡᠴᠡ ᠪᠠᠷ CRT ᠳᠡᠯᠭᠡᠴᠡ ᠶᠢ  ᠰᠤᠯᠢᠬᠤ᠄ ᠰᠢᠩᠭᠡᠨ ᠲᠠᠯᠠᠰᠳᠤ ᠳᠡᠯᠭᠡᠴᠡ ᠨᠢ ᠤᠯᠠᠮᠵᠢᠯᠠᠯᠳᠤ CRT ᠳᠡᠯᠭᠡᠴᠡ ᠲᠠᠢ ᠬᠠᠷᠢᠴᠠᠭᠤᠯᠪᠠᠯ ᠪᠠᠷᠤᠭ 50% ᠶᠢᠨ ᠡᠨᠧᠷᠬᠢ ᠶᠢ ᠠᠷᠪᠢᠯᠠᠵᠤ᠂ ᠺᠤᠮᠫᠢᠦ᠋ᠲ᠋ᠧᠷ ᠪᠦᠷᠢ ᠵᠢᠯ ᠪᠦᠷᠢ ᠪᠠᠷᠤᠭ 20W ᠴᠠᠬᠢᠯᠭᠠᠨ ᠠᠷᠪᠢᠯᠠᠬᠤ ᠪᠦᠭᠡᠳ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 19.2kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠪᠠᠳᠤᠯᠠᠭ᠎ᠠ ᠲᠠᠢ ᠪᠠᠶᠢᠭ᠎ᠠ 4000 ᠲᠦᠮᠡᠨ CRT ᠳᠡᠯᠭᠡᠴᠡ ᠶᠢᠨ ᠺᠤᠮᠫᠢᠦ᠋ᠲ᠋ᠧᠷ ᠢ ᠪᠦᠷ ᠰᠢᠩᠭᠡᠨ ᠲᠠᠯᠠᠰᠳᠤ ᠪᠠᠷ ᠰᠤᠯᠢᠪᠠᠯ᠂ ᠵᠢᠯ ᠪᠦᠷᠢ ᠪᠠᠷᠤᠭ 8 ᠳ᠋ᠦᠡᠭᠰᠢᠭᠤᠷ W ᠴᠠᠬᠢᠯᠭᠠᠨ ᠠᠷᠪᠢᠯᠠᠬᠤ ᠮᠦᠷᠳᠡᠭᠡᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 76.9 ᠲᠦᠮᠡᠨ t ᠪᠠᠭᠠᠰᠬᠠᠵᠤ ᠴᠢᠳᠠᠬᠤ ᠪᠤᠯᠤᠨ᠎ᠠ᠃
      ᠺᠤᠮᠫᠢᠦ᠋ᠲ᠋ᠧᠷ ᠤᠨ ᠳᠡᠯᠭᠡᠴᠡ ᠶᠢᠨ ᠭᠡᠷᠡᠯ ᠤᠨ ᠬᠡᠮᠵᠢᠶ᠎ᠡ ᠶᠢ ᠳᠤᠤᠷ᠎ᠠ ᠪᠤᠯᠭᠠᠵᠤ ᠲᠤᠬᠢᠷᠠᠭᠤᠯᠬᠤ᠄ ᠺᠤᠮᠫᠢᠦ᠋ᠲ᠋ᠧᠷ ᠤᠨ ᠳᠡᠯᠭᠡᠴᠡ ᠶᠢᠨ ᠭᠡᠷᠡᠯ ᠤᠨ ᠬᠡᠮᠵᠢᠶ᠎ᠡ ᠶᠢ ᠳᠤᠤᠷ᠎ᠠ ᠪᠤᠯᠭᠠᠵᠤ ᠲᠤᠬᠢᠷᠠᠭᠤᠯᠪᠠᠯ᠂ ᠮᠠᠰᠢᠨ ᠪᠦᠷᠢ ᠵᠢᠯ ᠪᠦᠷᠢ 30W ᠴᠠᠬᠢᠯᠭᠠᠨ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 29kg ᠪᠠᠭᠠᠰᠬᠠᠵᠤ ᠴᠢᠳᠠᠨ᠎ᠠ᠃ ᠪᠢᠴᠢᠯ ᠺᠤᠮᠫᠢᠦ᠋ᠲ᠋ᠧᠷ ᠪᠦᠷᠢ ᠵᠢᠯ ᠪᠦᠷᠢ ᠪᠠᠷᠤᠭ 15W ᠴᠠᠬᠢᠯᠭᠠᠨ ᠠᠷᠪᠢᠯᠠᠬᠤ ᠪᠦᠭᠡᠳ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠪᠤᠬᠢᠷᠳᠤᠯ ᠢ 14.6kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠪᠠᠶᠢᠭ᠎ᠠ 7700 ᠲᠦᠮᠡᠨ ᠺᠤᠮᠫᠢᠦ᠋ᠲ᠋ᠧᠷ ᠤᠨ ᠳᠡᠯᠭᠡᠴᠡ ᠳᠤ
ᠡᠶᠢᠮᠦᠷᠬᠦᠦ ᠠᠷᠭ᠎ᠠ ᠬᠡᠮᠵᠢᠶ᠎ᠡ ᠠᠪᠬᠤ ᠳᠤ ᠬᠦᠷᠪᠡᠯ ᠵᠢᠯ ᠪᠦᠷᠢ ᠪᠠᠷᠤᠭ 23 ᠳ᠋ᠦᠡᠭᠰᠢᠭᠤᠷ W ᠴᠠᠬᠢᠯᠭᠠᠨ ᠠᠷᠪᠢᠯᠠᠵᠤ᠂ ᠪᠠᠰᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 220 ᠲᠦᠮᠡᠨ t ᠪᠠᠭᠠᠰᠬᠠᠵᠤ ᠴᠢᠳᠠᠨ᠎ᠠ᠃
      ᠳᠠᠷᠤᠮᠠᠯᠯᠠᠬᠤ ᠮᠠᠰᠢᠨ ᠢ ᠬᠡᠷᠡᠭᠯᠡᠬᠦ ᠦᠭᠡᠢ ᠦᠶᠡᠰ ᠴᠠᠬᠢᠯᠭᠠᠨ ᠢ ᠲᠠᠰᠤᠯᠬᠤ᠄ ᠳᠠᠷᠤᠮᠠᠯᠯᠠᠬᠤ ᠮᠠᠰᠢᠨ ᠢ ᠬᠡᠷᠡᠭᠯᠡᠬᠦ ᠦᠭᠡᠢ ᠦᠶᠡᠰ ᠴᠠᠬᠢᠯᠭᠠᠨ ᠢ ᠲᠠᠰᠤᠯᠪᠠᠯ᠂ ᠮᠠᠰᠢᠨ ᠪᠦᠷᠢ ᠵᠢᠯ ᠪᠦᠷᠢ ᠪᠠᠷᠤᠭ 10W ᠴᠠᠬᠢᠯᠭᠠᠨ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 9.6kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠪᠠᠶᠢᠭ᠎ᠠ 3000 ᠲᠦᠮᠡᠨ ᠳᠠᠷᠤᠮᠠᠯᠯᠠᠬᠤ ᠮᠠᠰᠢᠨ ᠳᠤ ᠡᠶᠢᠮᠦ ᠠᠷᠭ᠎ᠠ ᠠᠪᠬᠤ ᠳᠤ ᠬᠦᠷᠪᠡᠯ ᠪᠦᠬᠦ ᠤᠯᠤᠰ ᠵᠢᠯ ᠪᠦᠷᠢ 3 ᠳ᠋ᠦᠡᠭᠰᠢᠭᠤᠷ W ᠴᠠᠬᠢᠯᠭᠠᠨ ᠠᠷᠪᠢᠯᠠᠵᠤ᠂ ᠪᠠᠰᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 28.8 ᠲᠦᠮᠡᠨ t ᠪᠠᠭᠠᠰᠬᠠᠵᠤ ᠴᠢᠳᠠᠨ᠎ᠠ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ