24. ᠬᠦᠯᠳᠡᠭᠡᠭᠦᠷ ᠬᠡᠷᠡᠭᠯᠡᠬᠦ ᠳᠤ ᠡᠨᠧᠷᠬᠢ ᠠᠷᠪᠢᠯᠠᠬᠤ ᠶᠢ ᠠᠩᠬᠠᠷᠬᠤ
ᠨᠡᠶᠢᠲᠡᠯᠡᠭᠰᠡᠨ ᠴᠠᠭ᠄
2015/11/24

      ᠡᠨᠧᠷᠬᠢ ᠠᠷᠪᠢᠯᠠᠬᠤ ᠬᠦᠯᠳᠡᠭᠡᠭᠦᠷ ᠢ ᠰᠤᠩᠭᠤᠨ ᠬᠡᠷᠡᠭᠯᠡᠬᠦ᠄ ᠨᠢᠭᠡ ᠡᠨᠧᠷᠬᠢ ᠠᠷᠪᠢᠯᠠᠬᠤ ᠬᠦᠯᠳᠡᠭᠡᠭᠦᠷ ᠨᠢ ᠦᠭᠡᠷ᠎ᠡ ᠪᠤᠰᠤᠳ ᠬᠦᠯᠳᠡᠭᠡᠭᠦᠷ ᠢ ᠪᠤᠳᠤᠪᠠᠯ ᠵᠢᠯ ᠪᠦᠷᠢ 100W ᠴᠠᠬᠢᠯᠭᠠᠨ ᠠᠷᠪᠢᠯᠠᠵᠤ ᠴᠢᠳᠠᠨ᠎ᠠ᠃ ᠡᠨᠡ ᠨᠢ ᠬᠠᠷᠢᠴᠠᠩᠭᠤᠢ ᠪᠠᠷ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 100kg ᠪᠠᠭᠠᠰᠬᠠᠵᠤ ᠴᠢᠳᠠᠨ᠎ᠠ᠃ ᠬᠡᠷᠪᠡ ᠵᠢᠯ ᠪᠦᠷᠢ ᠶᠢᠨ ᠬᠤᠳᠠᠯᠳᠤᠵᠤ ᠭᠠᠷᠭᠠᠭᠰᠠᠨ 1427 ᠲᠦᠮᠡᠨ ᠬᠦᠯᠳᠡᠭᠡᠭᠦᠷ ᠨᠢ ᠡᠨᠧᠷᠬᠢ ᠠᠷᠪᠢᠯᠠᠬᠤ ᠬᠦᠯᠳᠡᠭᠡᠭᠦᠷ ᠤᠨ ᠪᠠᠷᠢᠮᠵᠢᠶ᠎ᠠ ᠳᠤ ᠬᠦᠷᠴᠦ ᠴᠢᠳᠠᠪᠠᠯ ᠪᠦᠬᠦ ᠤᠯᠤᠰ ᠵᠢᠯ ᠪᠦᠷᠢ 14.7 ᠳ᠋ᠦᠡᠭᠰᠢᠭᠤᠷ W ᠴᠠᠬᠢᠯᠭᠠᠨ ᠠᠷᠪᠢᠯᠠᠬᠤ ᠪᠦᠭᠡᠳ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 141 ᠲᠦᠮᠡᠨ t ᠪᠠᠭᠠᠰᠬᠠᠵᠤ ᠴᠢᠳᠠᠬᠤ ᠪᠤᠯᠤᠨ᠎ᠠ᠃

       ᠬᠦᠯᠳᠡᠭᠡᠭᠦᠷ ᠢ ᠵᠤᠬᠢᠰᠲᠠᠢ ᠬᠡᠷᠡᠭᠯᠡᠬᠦ᠄ ᠡᠳᠦᠷ ᠪᠦᠷᠢ ᠬᠦᠯᠳᠡᠭᠡᠭᠦᠷ ᠨᠡᠬᠡᠭᠡᠬᠦ ᠴᠠᠭ ᠢ 3 ᠮᠢᠨᠦ᠋ᠲ ᠪᠠᠭᠠᠰᠬᠠᠪᠠᠯ ᠨᠢᠭᠡ ᠵᠢᠯ ᠬᠠᠷᠢᠨ 30W ᠴᠠᠬᠢᠯᠭᠠᠨ ᠠᠷᠪᠢᠯᠠᠬᠤ ᠪᠦᠭᠡᠳ ᠡᠭᠦᠨ ᠤ ᠤᠯᠠᠮ ᠢᠶᠠᠷ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 30kg ᠪᠠᠭᠠᠰᠬᠠᠵᠤ ᠴᠢᠳᠠᠨ᠎ᠠ᠃ ᠬᠦᠯᠳᠡᠭᠡᠭᠦᠷ ᠤᠨ ᠮᠦᠰᠦ ᠶᠢ ᠴᠠᠭ ᠳᠠᠷᠤᠢ ᠳᠤᠨᠢ ᠠᠷᠢᠯᠭᠠᠪᠠᠯ ᠵᠢᠯ ᠪᠦᠷᠢ 184W ᠴᠠᠬᠢᠯᠭᠠᠨ ᠠᠷᠪᠢᠯᠠᠵᠤ ᠴᠢᠳᠠᠬᠤ ᠪᠦᠭᠡᠳ ᠬᠠᠷᠢᠴᠠᠩᠭᠤᠢ ᠪᠠᠷ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 177kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠵᠢᠯ ᠪᠦᠷᠢ 1.5 ᠳ᠋ᠦᠡᠭᠰᠢᠭᠤᠷ ᠬᠦᠯᠳᠡᠭᠡᠭᠦᠷ ᠲᠤ ᠢᠡᠭᠭᠢᠵᠦ ᠬᠢᠬᠦ ᠠᠷᠭ᠎ᠠ ᠬᠡᠮᠵᠢᠶ᠎ᠡ ᠠᠪᠤᠪᠠᠯ ᠳᠠᠷᠤᠢ 73.8 ᠳ᠋ᠦᠡᠭᠰᠢᠭᠤᠷ W ᠴᠠᠬᠢᠯᠭᠠᠨ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 708 ᠲᠦᠮᠡᠨ t ᠪᠠᠭᠠᠰᠬᠠᠵᠤ ᠴᠢᠳᠠᠨ᠎ᠠ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ