15. ᠡᠨᠧᠷᠬᠢ ᠶᠢ ᠠᠷᠪᠢᠯᠠᠵᠤ ᠤᠯᠠᠨ ᠨᠡᠶᠢᠲᠡ ᠶᠢᠨ ᠭᠡᠷᠡᠯᠳᠦᠭᠦᠯᠭᠡ ᠶᠢ ᠬᠡᠷᠡᠭᠯᠡᠬᠦ
ᠨᠡᠶᠢᠲᠡᠯᠡᠭᠰᠡᠨ ᠴᠠᠭ᠄
2015/11/24

        ᠤᠯᠠᠨ ᠨᠡᠶᠢᠲᠡ ᠶᠢᠨ ᠭᠠᠵᠠᠷ ᠲᠤ ᠪᠠᠶᠢᠭᠠᠯᠢ ᠶᠢᠨ ᠭᠡᠷᠡᠯᠳᠦᠭᠦᠯᠭᠡ ᠶᠢ ᠨᠡᠮᠡᠭᠳᠡᠭᠦᠯᠬᠦ᠄ ᠬᠡᠷᠪᠡ ᠪᠦᠬᠦ ᠤᠯᠤᠰ ᠤᠨ ᠪᠤᠢ ᠪᠦᠬᠦᠢ ᠳᠡᠯᠭᠡᠭᠦᠷ᠂ ᠬᠤᠷᠠᠯ ᠤᠨ ᠭᠤᠤᠯ ᠭᠠᠵᠠᠷ ᠵᠡᠷᠭᠡ ᠨᠡᠶᠢᠲᠡ ᠶᠢᠨ ᠲᠠᠯᠠᠪᠤᠷ ᠲᠤ ᠡᠳᠦᠷ ᠢᠶᠠᠷ ᠪᠦᠷ ᠪᠠᠶᠢᠭᠠᠯᠢ ᠶᠢᠨ ᠭᠡᠷᠡᠯᠳᠦᠭᠦᠯᠭᠡ ᠶᠢ ᠬᠡᠷᠡᠭᠯᠡᠪᠡᠯ᠂ ᠴᠠᠬᠢᠯᠭᠠᠨ ᠤ ᠬᠡᠮᠵᠢᠶ᠎ᠡ ᠶᠢ ᠪᠠᠷᠤᠭ 820 ᠳ᠋ᠦᠡᠭᠰᠢᠭᠤᠷ ᠭᠷᠠᠳᠦ᠋ᠰ ᠠᠷᠪᠢᠯᠠᠵᠤ ᠴᠢᠳᠠᠨ᠎ᠠ᠃ ᠡᠭᠦᠨ ᠳᠤ ᠵᠦᠪᠬᠡᠨ 10% ᠶᠢ ᠯᠡ ᠡᠨᠡ ᠲᠠᠯ᠎ᠠ ᠪᠠᠷ ᠪᠡᠶᠡᠯᠡᠭᠦᠯᠵᠦ ᠲᠡᠶᠢᠯᠦᠭᠰᠡᠨ ᠴᠤ ᠵᠢᠯ ᠳᠤ ᠮᠦᠨ ᠯᠡ 82 ᠳ᠋ᠦᠡᠭᠰᠢᠭᠤᠷ ᠭᠷᠠᠳᠦ᠋ᠰ ᠴᠠᠬᠢᠯᠭᠠᠨ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠬᠠᠷᠢᠴᠠᠩᠭᠤᠢ ᠪᠠᠷ 787 ᠲᠦᠮᠡᠨ t ᠪᠠᠭᠠᠰᠬᠠᠵᠤ ᠴᠢᠳᠠᠨ᠎ᠠ᠃
       ᠨᠡᠶᠢᠳᠡ ᠶᠢᠨ ᠭᠡᠷᠡᠯᠳᠦᠭᠦᠯᠭᠡ ᠳᠤ ᠬᠠᠭᠠᠰ ᠳᠠᠮᠵᠢᠭᠤᠯᠤᠭᠴᠢ ᠳ᠋ᠧᠩ ᠢ ᠬᠡᠷᠡᠭᠯᠡᠬᠦ᠄
        ᠠᠳᠠᠯᠢ ᠭᠡᠷᠡᠯ ᠳᠤᠤᠷ᠎ᠠ᠂ ᠬᠠᠭᠠᠰ ᠳᠠᠮᠵᠢᠭᠤᠯᠤᠭᠴᠢ ᠳ᠋ᠧᠩ ᠤᠨ ᠴᠠᠬᠢᠯᠭᠠᠨ ᠬᠤᠷᠤᠭᠳᠠᠭᠤᠯᠬᠤ ᠨᠢ ᠵᠦᠪᠬᠡᠨ ᠴᠠᠶᠢᠮ᠎ᠠ ᠤᠯᠠᠶᠢᠰᠳᠠᠭ ᠳ᠋ᠧᠩ ᠤᠨ ᠠᠷᠪᠠᠨ ᠤ ᠨᠢᠭᠡ᠂ ᠠᠮᠢ ᠨᠠᠰᠤ ᠨᠢ ᠬᠠᠷᠢᠨ ᠴᠠᠶᠢᠮ᠎ᠠ ᠤᠯᠠᠶᠢᠰᠳᠠᠭ ᠳ᠋ᠧᠩ ᠤᠨ 100 ᠳᠠᠬᠢᠨ ᠪᠠᠶᠢᠳᠠᠭ᠃ ᠬᠡᠷᠪᠡ ᠮᠠᠨ ᠤ ᠤᠯᠤᠰ ᠤᠨ 10% ᠶᠢᠨ ᠤᠯᠠᠮᠵᠢᠯᠠᠯᠳᠤ ᠳ᠋ᠧᠩ ᠢ ᠬᠠᠭᠠᠰ ᠳᠠᠮᠵᠢᠭᠤᠯᠤᠭᠴᠢ ᠳ᠋ᠧᠩ ᠢᠶᠠᠷ ᠤᠷᠤᠯᠠᠭᠤᠯᠪᠠᠯ᠂ ᠴᠠᠬᠢᠯᠭᠠᠨ ᠢ ᠪᠠᠷᠤᠭ 90 ᠳ᠋ᠦᠡᠭᠰᠢᠭᠤᠷ ᠭᠷᠠᠳᠦ᠋ᠰ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠬᠠᠷᠢᠴᠠᠩᠭᠤᠢ ᠪᠠᠷ 864 ᠲᠦᠮᠡᠨ t ᠪᠠᠭᠠᠰᠬᠠᠵᠤ ᠴᠢᠳᠠᠨ᠎ᠠ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ