13. ᠬᠦᠳᠡᠭᠡ ᠲᠤᠰᠬᠤᠨ ᠤ ᠤᠷᠤᠨ ᠰᠠᠭᠤᠴᠨ ᠳᠤ ᠨᠠᠷᠠᠨ ᠤ ᠡᠨᠧᠷᠬᠢ ᠶᠢ ᠠᠰᠢᠭᠯᠠᠬᠤ
ᠨᠡᠶᠢᠲᠡᠯᠡᠭᠰᠡᠨ ᠴᠠᠭ᠄
2015/11/24

        ᠨᠠᠷᠠᠨ ᠤ ᠡᠨᠧᠷᠬᠢ ᠪᠤᠯ ᠮᠠᠨ ᠤ ᠤᠯᠤᠰ ᠤᠨ ᠴᠢᠬᠤᠯᠠ ᠬᠦᠭᠵᠢᠭᠦᠯᠵᠦ ᠪᠠᠶᠢᠭ᠎ᠠ ᠴᠡᠪᠡᠷ ᠡᠨᠧᠷᠬᠢ ᠶᠤᠮ᠃ ᠨᠢᠭᠡᠨ ᠰᠠᠭᠤᠷᠢ ᠬᠦᠳᠡᠭᠡ ᠲᠤᠰᠬᠤᠨ ᠤ ᠤᠷᠤᠨ ᠰᠠᠭᠤᠴᠠ ᠳᠤ ᠰᠠᠨᠠᠭᠠᠴᠢᠯᠠᠭᠠᠳᠤ ᠪᠤᠰᠤ ᠬᠡᠯᠪᠡᠷᠢ ᠶᠢᠨ ᠨᠠᠷᠠᠨ ᠤ ᠡᠨᠧᠷᠬᠢ ᠶᠢᠨ ᠲᠤᠯᠠᠭᠠᠨ ᠤ ᠬᠠᠨᠭ᠍ᠭᠠᠯᠭ᠎ᠠ ᠶᠢ ᠬᠡᠷᠡᠭᠯᠡᠪᠡᠯ᠂ ᠵᠢᠯ ᠳᠤ ᠪᠠᠷᠤᠭ 0.8t ᠪᠠᠷᠢᠮᠵᠢᠶᠠᠳᠤ ᠨᠡᠭᠦᠷᠡᠰᠦ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠬᠠᠷᠢᠴᠠᠩᠭᠤᠢ ᠪᠠᠷ 2.1t ᠪᠠᠭᠠᠰᠬᠠᠵᠤ ᠴᠢᠳᠠᠨ᠎ᠠ᠃ ᠬᠡᠷᠪᠡ ᠮᠠᠨ ᠤ ᠤᠯᠤᠰ ᠤᠨ ᠬᠦᠳᠡᠭᠡ ᠲᠤᠰᠬᠤᠨ ᠳᠤ ᠵᠢᠯ ᠳᠤ 10% ᠶᠢᠨ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠳᠤ ᠰᠠᠨᠠᠭᠠᠴᠢᠯᠠᠭᠠᠳᠤ ᠪᠤᠰᠤ ᠬᠡᠯᠪᠡᠷᠢ ᠶᠢᠨ ᠨᠠᠷᠠᠨ ᠤ ᠡᠨᠧᠷᠬᠢ ᠶᠢᠨ ᠲᠤᠯᠠᠭᠠᠨ ᠤ ᠬᠠᠨᠭ᠍ᠭᠠᠯᠭ᠎ᠠ ᠶᠢ ᠬᠡᠷᠡᠭᠯᠡᠪᠡᠯ᠂ ᠪᠦᠬᠦ ᠤᠯᠤᠰ ᠲᠤ ᠪᠠᠷᠤᠭ 120 ᠲᠦᠮᠡᠨ t ᠪᠠᠷᠢᠮᠵᠢᠶᠠᠳᠤ ᠨᠡᠭᠦᠷᠡᠰᠦ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ 308.4 ᠲᠦᠮᠡᠨ t ᠪᠠᠭᠠᠰᠬᠠᠵᠤ ᠴᠢᠳᠠᠨ᠎ᠠ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ