9. ᠬᠦᠳᠡᠭᠡ ᠲᠤᠰᠬᠤᠨ ᠤ ᠭᠡᠷ ᠪᠠᠶᠢᠰᠢᠩ ᠳᠤ ᠡᠨᠧᠷᠬᠢ ᠠᠷᠪᠢᠯᠠᠬᠤ ᠲᠤᠭᠤᠰᠬ᠎ᠠ ᠬᠡᠷᠡᠭᠯᠡᠬᠦ
ᠨᠡᠶᠢᠲᠡᠯᠡᠭᠰᠡᠨ ᠴᠠᠭ᠄
2015/11/24

         ᠨᠠᠭᠠᠯᠳᠤᠩᠬᠠᠢ ᠲᠤᠭᠤᠰᠬ᠎ᠠ ᠲᠠᠢ ᠠᠳᠠᠯᠢᠳᠬᠠᠪᠠᠯ ᠡᠨᠧᠷᠬᠢ ᠠᠷᠪᠢᠯᠠᠬᠤ ᠲᠤᠭᠤᠰᠬ᠎ᠠ ᠳᠤ ᠰᠢᠷᠤᠢ ᠠᠷᠪᠢᠯᠠᠬᠤ᠂ ᠡᠨᠧᠷᠬᠢ ᠠᠷᠪᠢᠯᠠᠬᠤ ᠵᠡᠷᠭᠡ ᠰᠠᠶᠢᠨ ᠲᠠᠢ ᠲᠠᠯ᠎ᠠ ᠪᠠᠶᠢᠳᠠᠭ ᠪᠤᠯᠬᠤᠷ ᠲᠡᠷᠡ ᠨᠢ ᠨᠢᠭᠡ ᠵᠦᠢᠯ ᠤᠨ ᠲᠠᠷᠢᠬᠦᠨ ᠤ ᠪᠠᠷᠢᠯᠭ᠎ᠠ ᠶᠢᠨ ᠮᠠᠲ᠋ᠧᠷᠢᠶᠠᠯ ᠪᠤᠯᠤᠨ᠎ᠠ᠃ ᠬᠦᠳᠡᠭᠡ ᠲᠤᠰᠬᠤᠨ ᠳᠤ ᠡᠨᠧᠷᠬᠢ ᠠᠷᠪᠢᠯᠠᠬᠤ ᠲᠤᠭᠤᠰᠬ᠎ᠠ ᠶᠢ ᠳᠡᠯᠭᠡᠷᠡᠭᠦᠯᠦᠨ ᠬᠡᠷᠡᠭᠯᠡᠪᠡᠯ ᠵᠤᠬᠢᠬᠤ ᠰᠠᠶᠢᠨ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠢᠷᠡᠭᠡᠳᠦᠢ ᠲᠠᠢ ᠶᠤᠮ᠃ ᠬᠡᠷᠪᠡ ᠬᠦᠳᠡᠭᠡ ᠲᠤᠰᠬᠤᠨ ᠳᠤ ᠨᠢᠭᠡ ᠭᠡᠷ ᠪᠠᠶᠢᠰᠢᠩ ᠪᠠᠷᠢᠬᠤ ᠳᠤ ᠡᠨᠧᠷᠬᠢ ᠠᠷᠪᠢᠯᠠᠬᠤ ᠲᠤᠭᠤᠰᠬ᠎ᠠ ᠶᠢ ᠬᠡᠷᠡᠭᠯᠡᠪᠡᠯ᠂ ᠡᠨᠧᠷᠬᠢ ᠶᠢ ᠪᠠᠷᠤᠭ 5.7t ᠠᠷᠪᠢᠯᠠᠬᠤ ᠪᠦᠭᠡᠳ ᠪᠠᠰᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 14.8t ᠪᠠᠭᠠᠰᠬᠠᠵᠤ ᠴᠢᠳᠠᠨ᠎ᠠ᠃ ᠬᠡᠷᠪᠡ ᠮᠠᠨ ᠤ ᠤᠯᠤᠰ ᠤᠨ ᠬᠦᠳᠡᠭᠡ ᠲᠤᠰᠬᠤᠨ ᠳᠤ ᠵᠢᠯ ᠪᠦᠷᠢ 10% ᠶᠢᠨ ᠭᠡᠷ ᠪᠠᠶᠢᠰᠢᠩ ᠤᠨ ᠪᠠᠷᠢᠯᠭ᠎ᠠ ᠳᠤ ᠡᠨᠧᠷᠬᠢ ᠠᠷᠪᠢᠯᠠᠬᠤ ᠲᠤᠭᠤᠰᠬ᠎ᠠ ᠶᠢ ᠬᠡᠷᠡᠭᠯᠡᠬᠦ ᠳᠤ ᠬᠦᠷᠪᠡᠯ᠂ ᠪᠦᠬᠦ ᠤᠯᠤᠰ ᠲᠤ ᠡᠨᠧᠷᠬᠢ ᠶᠢ 860 ᠲᠦᠮᠡᠨ t ᠠᠷᠪᠢᠯᠠᠬᠤ ᠪᠠᠷ ᠪᠠᠷᠠᠬᠤ ᠦᠭᠡᠢ ᠪᠠᠰᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 2212 ᠲᠦᠮᠡᠨ t ᠪᠠᠭᠠᠰᠬᠠᠵᠤ ᠴᠢᠳᠠᠨ᠎ᠠ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ