8. ᠭᠡᠷ ᠤᠷᠤᠨ ᠢᠶᠠᠨ ᠡᠨᠧᠷᠬᠢ ᠳᠤ ᠠᠷᠪᠢᠲᠠᠢ ᠪᠠᠷ ᠵᠠᠰᠠᠵᠤ ᠴᠢᠮᠡᠭᠯᠡᠬᠦ
ᠨᠡᠶᠢᠲᠡᠯᠡᠭᠰᠡᠨ ᠴᠠᠭ᠄
2015/11/24

      ᠭᠡᠷ ᠤᠨ ᠵᠠᠰᠠᠯ ᠴᠢᠮᠡᠭᠯᠡᠯ ᠳᠤ ᠬᠦᠡᠭᠭᠡᠨᠴᠠᠭᠠᠨ ᠤ ᠮᠠᠲ᠋ᠧᠷᠢᠶᠠᠯ ᠢ ᠪᠠᠭ᠎ᠠ ᠬᠡᠷᠡᠭᠯᠡᠬᠦ᠄ ᠬᠦᠡᠭᠭᠡᠨᠴᠠᠭᠠᠨ ᠪᠤᠯ ᠡᠨᠧᠷᠬᠢ ᠶᠢ ᠬᠠᠮᠤᠭ ᠰᠦᠷᠡᠬᠡᠢ ᠬᠤᠷᠤᠭᠳᠠᠭᠤᠯᠬᠤ ᠨᠢᠭᠡ ᠵᠦᠢᠯ ᠤᠨ ᠪᠤᠯᠪᠠᠰᠤᠷᠠᠭᠤᠯᠬᠤ ᠦᠢᠯᠡᠳᠭᠦᠨ ᠤ ᠨᠢᠭᠡ ᠨᠢ ᠪᠤᠯᠤᠨ᠎ᠠ᠃ ᠭᠡᠷ ᠤᠨ ᠵᠠᠰᠠᠯ ᠴᠢᠮᠡᠭᠯᠡᠯ ᠳᠤ ᠬᠦᠡᠭᠭᠡᠨᠴᠠᠭᠠᠨ ᠢ ᠳᠤᠳᠠᠭᠤ 1kg ᠬᠡᠷᠡᠭᠯᠡᠪᠡᠯ ᠡᠨᠧᠷᠬᠢ ᠶᠢ 9.6kg ᠠᠷᠪᠢᠯᠠᠵᠤ᠂ ᠡᠭᠦᠨ ᠤ ᠳᠠᠭᠠᠤ ᠳᠤ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 24.7kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠵᠢᠯ ᠪᠦᠷᠢ 2000 ᠲᠦᠮᠡᠨ ᠤᠷᠴᠢᠮ ᠠᠶᠢᠯ ᠡᠷᠦᠬᠡ ᠤᠷᠤᠨ ᠰᠠᠭᠤᠴᠠ ᠶᠢ ᠵᠠᠰᠠᠵᠤ ᠴᠢᠮᠡᠭᠯᠡᠬᠦ ᠳᠡᠭᠡᠨ ᠢᠡᠭᠭᠢᠵᠦ ᠬᠢᠪᠡᠯ ᠡᠨᠧᠷᠬᠢ ᠶᠢ 19.1 ᠲᠦᠮᠡᠨ t ᠠᠷᠪᠢᠯᠠᠵᠤ᠂ ᠲᠡᠭᠦᠨᠴᠢᠯᠡᠨ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠪᠤᠬᠢᠷᠳᠤᠯ ᠢ 49.4 ᠲᠦᠮᠡᠨ t ᠪᠠᠭᠠᠰᠬᠠᠵᠤ ᠴᠢᠳᠠᠨ᠎ᠠ᠃
       ᠭᠡᠷ ᠤᠨ ᠵᠠᠰᠠᠯ ᠴᠢᠮᠡᠭᠯᠡᠯ ᠳᠤ ᠲᠡᠮᠦᠷ ᠢ ᠲᠤᠳᠠᠭᠤ ᠬᠡᠷᠡᠭᠯᠡᠬᠦ᠄ ᠲᠡᠮᠦᠷ ᠪᠤᠯ ᠤᠷᠤᠨ ᠰᠠᠭᠤᠴᠠ ᠶᠢ ᠵᠠᠰᠠᠨ ᠴᠢᠮᠡᠭᠯᠡᠬᠦ ᠳᠤ ᠬᠠᠮᠤᠭ ᠤᠯᠠᠨ ᠬᠡᠷᠡᠭᠯᠡᠳᠡᠭ ᠮᠠᠲ᠋ᠧᠷᠢᠶᠠᠯ ᠤᠨ ᠨᠢᠭᠡ ᠪᠤᠯᠤᠨ᠎ᠠ᠃ ᠲᠡᠮᠦᠷ ᠢ ᠦᠢᠯᠡᠳᠪᠦᠷᠢᠯᠡᠬᠦ ᠳᠤ ᠪᠠᠰᠠ ᠡᠨᠧᠷᠬᠢ ᠶᠢ ᠰᠦᠷᠡᠬᠡᠢ ᠬᠤᠷᠤᠭᠳᠠᠭᠤᠯᠬᠤ ᠪᠦᠭᠡᠳ ᠲᠡᠭᠦᠨ ᠤ ᠭᠠᠷᠭᠠᠬᠤ ᠪᠤᠬᠢᠷᠳᠤᠯ ᠨᠢ ᠴᠤ ᠶᠡᠭᠡ ᠶᠤᠮ᠃ ᠭᠡᠷ ᠤᠨ ᠵᠠᠰᠠᠯ ᠴᠢᠮᠡᠭᠯᠡᠯ ᠳᠤ ᠳᠤᠳᠠᠭᠤ 1kg ᠲᠡᠮᠦᠷ ᠬᠡᠷᠡᠭᠯᠡᠪᠡᠯ᠂ ᠡᠨᠧᠷᠬᠢ ᠶᠢ ᠪᠠᠷᠤᠭ 0.74kg ᠠᠷᠪᠢᠯᠠᠵᠤ ᠲᠡᠶᠢᠯᠬᠦ ᠪᠦᠭᠡᠳ ᠡᠭᠦᠨ ᠤ ᠳᠠᠭᠠᠤ ᠳᠤ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 1.9kg ᠪᠠᠭᠠᠰᠬᠠᠵᠤ ᠲᠡᠶᠢᠯᠦᠨ᠎ᠡ᠃ ᠬᠡᠷᠪᠡ ᠪᠦᠬᠦ ᠤᠯᠤᠰ ᠲᠤ ᠵᠢᠯ ᠪᠦᠷᠢ 2000 ᠲᠦᠮᠡᠨ ᠤᠷᠴᠢᠮ ᠠᠶᠢᠯ ᠡᠷᠦᠬᠡ ᠨᠢ ᠤᠷᠤᠨ ᠰᠠᠭᠤᠴᠠ ᠪᠠᠨ ᠵᠠᠰᠠᠵᠤ ᠴᠢᠮᠡᠭᠯᠡᠬᠦ ᠳᠤ ᠡᠨᠡ ᠬᠦ  ᠠᠷᠭ᠎ᠠ ᠪᠠᠷ ᠬᠢᠪᠡᠯ᠂ ᠡᠨᠧᠷᠬᠢ ᠶᠢ 1.4 ᠲᠦᠮᠡᠨ t ᠠᠷᠪᠢᠯᠠᠵᠤ ᠴᠢᠳᠠᠬᠤ ᠪᠠᠷ ᠪᠠᠷᠠᠬᠤ ᠦᠭᠡᠢ ᠪᠠᠰᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 3.8 ᠲᠦᠮᠡᠨ t ᠪᠠᠭᠠᠰᠬᠠᠵᠤ ᠴᠢᠳᠠᠨ᠎ᠠ᠃
      ᠭᠡᠷ ᠤᠨ ᠵᠠᠰᠠᠯ ᠴᠢᠮᠡᠭᠯᠡᠯ ᠳᠤ ᠮᠤᠳᠤ ᠶᠢ ᠳᠤᠳᠠᠭᠤ ᠬᠡᠷᠡᠭᠯᠡᠬᠦ᠄ ᠭᠡᠷ ᠤᠨ ᠵᠠᠰᠠᠯ ᠴᠢᠮᠡᠭᠯᠡᠯ ᠳᠤ ᠮᠤᠳᠤ ᠶᠢ ᠵᠤᠬᠢᠬᠤ ᠬᠡᠮᠵᠢᠶ᠎ᠡ ᠪᠠᠷ ᠳᠤᠳᠠᠭᠤ ᠬᠡᠷᠡᠭᠯᠡᠪᠡᠯ ᠤᠢ ᠮᠤᠳᠤ ᠶᠢ ᠬᠠᠮᠠᠭᠠᠯᠠᠵᠤ ᠪᠤᠯᠬᠤ ᠪᠠᠷ ᠪᠠᠷᠠᠬᠤ ᠦᠭᠡᠢ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠰᠤᠷᠤᠬᠤ ᠬᠡᠮᠵᠢᠶ᠎ᠡ ᠶᠢ ᠪᠠᠭᠠᠰᠬᠠᠵᠤ᠂ ᠲᠡᠭᠦᠨᠴᠢᠯᠡᠨ ᠮᠤᠳᠤᠨ ᠮᠠᠲ᠋ᠧᠷᠢᠶᠠᠯ ᠤᠨ ᠪᠤᠯᠪᠠᠰᠤᠷᠠᠭᠤᠯᠤᠯᠲᠠ᠂ ᠲᠡᠭᠡᠭᠡᠪᠦᠷᠢᠯᠡᠬᠦ ᠶᠠᠪᠤᠴᠠ ᠳᠠᠬᠢ ᠡᠨᠧᠷᠬᠢ ᠶᠢᠨ ᠬᠤᠷᠤᠭᠳᠠᠯ ᠢ ᠪᠠᠭᠠᠰᠬᠠᠵᠤ ᠪᠤᠯᠤᠨ᠎ᠠ᠃ ᠭᠡᠷ ᠤᠨ ᠵᠠᠰᠠᠯ ᠴᠢᠮᠡᠭᠯᠡᠯ ᠳᠤ ᠮᠤᠳᠤ ᠶᠢ ᠳᠤᠳᠠᠭᠤ 0.1   ㎡ᠬᠡᠷᠡᠭᠯᠡᠪᠡᠯ᠂ ᠡᠨᠧᠷᠬᠢ ᠶᠢ 25kg ᠠᠷᠪᠢᠯᠠᠵᠤ᠂ ᠲᠡᠭᠦᠨᠴᠢᠯᠡᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 64.3kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠵᠢᠯ ᠪᠦᠷᠢ 2000 ᠲᠦᠮᠡᠨ ᠠᠶᠢᠯ ᠡᠷᠦᠬᠡ ᠭᠡᠷ ᠢᠶᠠᠨ ᠵᠠᠰᠠᠨ ᠴᠢᠮᠡᠭᠯᠡᠬᠦ ᠳᠤ ᠢᠡᠭᠭᠢᠵᠦ ᠬᠢᠵᠦ ᠴᠢᠳᠠᠬᠤ ᠳᠤ ᠬᠦᠷᠪᠡᠯ᠂ ᠡᠨᠧᠷᠬᠢ ᠶᠢ 50 ᠲᠦᠮᠡᠨ t ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 129 ᠲᠦᠮᠡᠨ t ᠪᠠᠭᠠᠰᠬᠠᠵᠤ ᠴᠢᠳᠠᠨ᠎ᠠ᠃

       ᠭᠡᠷ ᠤᠨ ᠵᠠᠰᠠᠯ ᠴᠢᠮᠡᠭᠯᠡᠯ ᠳᠤ ᠸᠠᠭᠠᠷ ᠱᠠᠭᠠᠵᠠᠩ ᠢ ᠲᠤᠳᠠᠭᠤ ᠬᠡᠷᠡᠭᠯᠡᠬᠦ᠄ ᠭᠡᠷ ᠤᠷᠤᠨ ᠢ ᠵᠠᠰᠠᠨ ᠴᠢᠮᠡᠭᠯᠡᠬᠦ ᠳᠤ ᠸᠠᠭᠠᠷ ᠱᠠᠭᠠᠵᠠᠩ ᠬᠡᠷᠡᠭᠯᠡᠪᠡᠯ ᠨᠡᠩ ᠭᠤᠸ᠎ᠠ ᠰᠠᠶᠢᠬᠠᠨ ᠪᠤᠯᠳᠠᠭ᠃ ᠭᠡᠲᠡᠯ᠎ᠡ ᠪᠦᠷᠢᠯᠭᠡᠨ ᠰᠦᠢᠳᠭᠡᠬᠦ ᠤᠴᠢᠷ ᠮᠦᠨ ᠠᠳᠡ ᠠᠴᠠ ᠡᠭᠦᠰᠳᠡᠭ᠂ ᠵᠠᠷᠢᠮ ᠠᠶᠢᠯ ᠡᠷᠦᠬᠡ ᠨᠢ ᠴᠢᠨᠠᠭᠰᠢᠳᠠ ᠪᠦᠷᠢᠯᠭᠡᠮᠡᠳᠡᠬᠡᠢ ᠭᠡᠭᠡᠨᠴᠢᠷᠯᠡᠵᠦ ᠵᠠᠰᠠᠨ ᠴᠢᠮᠡᠭᠯᠡᠳᠡᠭ᠃ ᠲᠤᠳᠠᠭᠤ 1  ㎡ ᠸᠠᠭᠠᠷ  ᠱᠠᠭᠠᠵᠠᠩ ᠬᠡᠷᠡᠭᠯᠡᠪᠡᠯ ᠡᠨᠧᠷᠬᠢ ᠶᠢ 6kg ᠠᠷᠪᠢᠯᠠᠵᠤ᠂ ᠲᠡᠭᠦᠨᠴᠢᠯᠡᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 15.4kg ᠪᠠᠭᠠᠰᠬᠠᠵᠤ ᠴᠢᠳᠠᠨ᠎ᠠ᠃ ᠭᠡᠷᠪᠡ ᠪᠦᠬᠦ ᠤᠯᠤᠰ ᠲᠤ ᠵᠢᠯ ᠪᠦᠷᠢ 2000 ᠲᠦᠮᠡᠨ ᠠᠶᠢᠯ ᠡᠷᠦᠬᠡ ᠨᠦᠭᠦᠳ ᠭᠡᠷ ᠢᠶᠠᠨ ᠵᠠᠰᠠᠨ ᠴᠢᠮᠡᠭᠯᠡᠬᠦ ᠳᠤ ᠢᠡᠭᠭᠢᠵᠦ ᠬᠢᠵᠦ ᠴᠢᠳᠠᠬᠤ ᠳᠤ ᠬᠦᠷᠪᠡᠯ ᠡᠨᠧᠷᠬᠢ ᠶᠢ 12 ᠲᠦᠮᠡᠨ t ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 30.8 ᠲᠦᠮᠡᠨ t ᠪᠠᠭᠠᠰᠬᠠᠵᠤ ᠴᠢᠳᠠᠨ᠎ᠠ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ