3. ᠡᠨᠧᠷᠬᠢ ᠠᠷᠪᠢᠯᠠᠬᠤ ᠠᠷᠭ᠎ᠠ ᠪᠠᠷ ᠬᠤᠪᠴᠠᠰᠤ ᠤᠬᠢᠶᠠᠬᠤ
ᠨᠡᠶᠢᠲᠡᠯᠡᠭᠰᠡᠨ ᠴᠠᠭ᠄
2015/11/24
       ᠰᠠᠷ᠎ᠠ ᠪᠦᠷᠢ ᠬᠤᠪᠴᠠᠰᠤ ᠶᠢ ᠭᠠᠷ ᠢᠶᠠᠷ ᠨᠢᠭᠡ ᠤᠳᠠᠭ᠎ᠠ ᠤᠬᠢᠶᠠᠬᠤ᠄ ᠬᠦᠮᠦᠰ ᠤᠨ ᠪᠤᠳᠠᠰ ᠤᠨ ᠠᠮᠢᠳᠤᠷᠠᠯ ᠤᠨ ᠲᠦᠪᠰᠢᠨ ᠳᠡᠭᠡᠭᠰᠢᠯᠡᠬᠦ ᠶᠢ ᠳᠠᠭᠠᠯᠳᠤᠨ᠂ ᠠᠶᠢᠯ ᠡᠷᠦᠬᠡ ᠪᠤᠯᠭᠠᠨ ᠤᠬᠢᠶᠠᠯᠭ᠎ᠠ ᠶᠢᠨ ᠮᠠᠰᠢᠨ ᠲᠠᠢ ᠪᠤᠯᠤᠭᠰᠠᠨ ᠪᠠᠶᠢᠨ᠎ᠠ᠃ ᠤᠬᠢᠶᠠᠯᠭ᠎ᠠ ᠶᠢᠨ ᠮᠠᠰᠢᠨ ᠬᠡᠳᠦ᠋ᠢᠪᠡᠷ ᠠᠮᠢᠳᠤᠷᠠᠯ ᠳᠤ ᠮᠠᠰᠢ ᠶᠡᠭᠡ ᠬᠠᠪᠰᠤᠷᠤᠯᠭ᠎ᠠ ᠠᠪᠴᠢᠷᠠᠵᠤ ᠦᠭᠭᠦᠭᠰᠡᠨ ᠪᠤᠯᠪᠠᠴᠤ ᠵᠦᠪᠬᠡᠨ ᠬᠤᠶᠠᠷ ᠭᠤᠷᠪᠠᠨ ᠵᠠᠬ᠎ᠠ ᠬᠤᠪᠴᠠᠰᠤ ᠶᠢ ᠤᠬᠢᠶᠠᠯᠭ᠎ᠠ ᠶᠢᠨ ᠮᠠᠰᠢᠨ ᠢᠶᠠᠷ ᠤᠬᠢᠶᠠᠬᠤ ᠳᠤ ᠤᠰᠤ ᠪᠤᠯᠤᠨ ᠴᠠᠬᠢᠯᠭᠠᠨ ᠢ ᠶᠡᠭᠡ ᠰᠦᠢᠳᠭᠡᠬᠦ ᠪᠤᠯᠤᠨ᠎ᠠ᠃ ᠬᠡᠷᠪᠡ ᠰᠠᠷ᠎ᠠ ᠪᠦᠷᠢ ᠳᠤ ᠨᠢᠭᠡ ᠤᠳᠠᠭ᠎ᠠ ᠤᠬᠢᠶᠠᠯᠭ᠎ᠠ ᠶᠢᠨ ᠮᠠᠰᠢᠨ ᠢ ᠤᠷᠤᠯᠠᠵᠤ ᠭᠠᠷ ᠢᠶᠠᠷ ᠤᠬᠢᠶᠠᠬᠤ ᠳᠤ ᠬᠦᠷᠪᠡᠯ᠂ ᠨᠢᠭᠡ ᠤᠬᠢᠶᠠᠯᠭ᠎ᠠ ᠶᠢᠨ ᠮᠠᠰᠢᠨ ᠨᠢᠭᠡ ᠵᠢᠯ ᠳᠤ 1.4kg ᠪᠠᠷᠢᠮᠵᠢᠶᠠᠳᠤ ᠨᠡᠭᠦᠷᠡᠰᠦ ᠠᠷᠪᠢᠯᠠᠵᠤ ᠴᠢᠳᠠᠬᠤ ᠪᠦᠭᠡᠳ ᠡᠭᠦᠨ ᠤ ᠤᠯᠠᠮ ᠢᠶᠠᠷ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 3.6kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠤᠨ 1.9 ᠳ᠋ᠦᠡᠭᠰᠢᠭᠤᠷ ᠤᠬᠢᠶᠠᠯᠭ᠎ᠠ ᠶᠢᠨ ᠮᠠᠰᠢᠨ ᠪᠦᠬᠦᠨ ᠢ ᠰᠠᠷ᠎ᠠ ᠪᠦᠷᠢ ᠳᠤᠳᠠᠭᠤ ᠨᠢᠭᠡ ᠤᠳᠠᠭ᠎ᠠ ᠬᠡᠷᠡᠭᠯᠡᠪᠡᠯ ᠵᠢᠯ ᠪᠦᠷᠢ 26 ᠲᠦᠮᠡᠨ t ᠪᠠᠷᠢᠮᠵᠢᠶᠠᠳᠤ ᠨᠡᠭᠦᠷᠡᠰᠦ ᠠᠷᠪᠢᠯᠠᠵᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 68.4 ᠲᠦᠮᠡᠨ t ᠪᠠᠭᠠᠰᠬᠠᠵᠤ ᠴᠢᠳᠠᠨ᠎ᠠ᠃        ᠵᠢᠯ ᠪᠦᠷᠢ ᠤᠬᠢᠶᠠᠬᠤ ᠨᠤᠨᠳᠠᠭ ᠢ ᠳᠤᠳᠠᠭᠤ 1kg ᠬᠡᠷᠡᠭᠯᠡᠬᠦ᠄ ᠤᠬᠢᠶᠠᠯ ᠤᠨ ᠨᠤᠨᠳᠠᠭ ᠪᠤᠯ ᠠᠮᠢᠳᠤᠷᠠᠯ ᠳᠤ ᠡᠷᠬᠡᠪᠰᠢ ᠬᠡᠷᠡᠭᠯᠡᠬᠦ ᠡᠳ᠋ ᠪᠤᠯᠤᠨ᠎ᠠ᠂ ᠭᠡᠪᠡᠴᠦ ᠬᠡᠷᠡᠭᠯᠡᠬᠦ ᠳᠤᠮᠳᠠ ᠢᠮᠠᠭᠳᠠ ᠰᠦᠢᠳᠭᠡᠬᠦ ᠪᠠᠶᠢᠳᠠᠯ ᠭᠠᠷᠳᠠᠭ᠃ ᠵᠤᠬᠢᠰᠲᠠᠢ ᠬᠡᠷᠡᠭᠯᠡᠵᠦ ᠴᠢᠳᠠᠪᠠᠯ ᠳᠠᠷᠤᠢ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠵᠤ ᠴᠢᠳᠠᠨ᠎ᠠ᠃ ᠵᠢᠱᠢᠶᠡᠯᠡᠪᠡᠯ ᠤᠬᠢᠶᠠᠯ ᠤᠨ ᠨᠤᠨᠳᠠᠭ ᠢ ᠳᠤᠳᠠᠭᠤ 1kg ᠬᠡᠷᠡᠭᠯᠡᠬᠦ ᠳᠤ ᠬᠦᠷᠪᠡᠯ ᠪᠠᠷᠢᠮᠵᠢᠶᠠᠳᠤ ᠨᠡᠭᠦᠷᠡᠰᠦ ᠶᠢ 0.72kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠤᠨ 3.9 ᠳ᠋ᠦᠡᠭᠰᠢᠭᠤᠷ ᠠᠶᠢᠯ ᠡᠷᠦᠬᠡ ᠳᠤᠮᠳᠠᠴᠢ ᠪᠠᠷ ᠵᠢᠯ ᠪᠦᠷᠢ ᠳᠤᠳᠠᠭᠤ 1kg ᠤᠬᠢᠶᠠᠯ ᠤᠨ ᠨᠤᠨᠳᠠᠭ ᠬᠡᠷᠡᠭᠯᠡᠪᠡᠯ ᠵᠢᠯ ᠪᠦᠷᠢ 10.9 ᠲᠦᠮᠡᠨ t ᠪᠠᠷᠢᠮᠵᠢᠶᠠᠳᠤ ᠨᠡᠭᠦᠷᠡᠰᠦ ᠶᠢ ᠠᠷᠪᠢᠯᠠᠵᠤ ᠪᠤᠯᠬᠤ ᠪᠦᠭᠡᠳ ᠪᠠᠰᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 28.1 ᠲᠦᠮᠡᠨ t ᠪᠠᠭᠠᠰᠬᠠᠵᠤ ᠴᠢᠳᠠᠨ᠎ᠠ᠃         ᠡᠨᠧᠷᠬᠢ ᠠᠷᠪᠢᠯᠠᠬᠤ ᠤᠬᠢᠶᠠᠯᠭ᠎ᠠ ᠶᠢᠨ ᠮᠠᠰᠢᠨ ᠢ ᠰᠤᠩᠭᠤᠵᠤ ᠬᠡᠷᠡᠭᠯᠡᠬᠦ᠄ ᠡᠨᠧᠷᠬᠢ ᠠᠷᠪᠢᠯᠠᠬᠤ ᠤᠬᠢᠶᠠᠯᠭ᠎ᠠ ᠶᠢᠨ ᠮᠠᠰᠢᠨ ᠨᠢ ᠦᠭᠡᠷ᠎ᠡ ᠪᠤᠰᠤᠳ ᠤᠬᠢᠶᠠᠯᠭ᠎ᠠ ᠶᠢᠨ ᠮᠠᠰᠢᠨ ᠢ ᠪᠤᠳᠤᠪᠠᠯ ᠴᠠᠬᠢᠯᠭᠠᠨ ᠢ 50%᠂ ᠤᠰᠤ ᠶᠢ 60% ᠪᠠᠷ ᠠᠷᠪᠢᠯᠠᠵᠤ ᠴᠢᠳᠠᠨ᠎ᠠ᠃ ᠨᠢᠭᠡ ᠡᠨᠧᠷᠬᠢ ᠠᠷᠪᠢᠯᠠᠬᠤ ᠤᠬᠢᠶᠠᠯᠭ᠎ᠠ ᠶᠢᠨ ᠮᠠᠰᠢᠨ ᠵᠢᠯ ᠪᠦᠷᠢ ᠳᠤ 3.7kg ᠪᠠᠷᠢᠮᠵᠢᠶᠠᠳᠤ ᠨᠡᠭᠦᠷᠡᠰᠦ ᠠᠷᠪᠢᠯᠠᠵᠤ᠂ ᠡᠭᠦᠨ ᠤ ᠤᠯᠠᠮ ᠢᠶᠠᠷ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 9.4kg ᠪᠠᠭᠠᠰᠬᠠᠵᠤ ᠴᠢᠳᠠᠨ᠎ᠠ᠃ ᠬᠡᠷᠪᠡ ᠪᠦᠬᠦ ᠤᠯᠤᠰ ᠲᠤ ᠵᠢᠯ ᠪᠦᠷᠢ 10% ᠶᠢᠨ ᠶᠡᠷᠦ ᠶᠢᠨ ᠤᠬᠢᠶᠠᠬᠤ ᠮᠠᠰᠢᠨ ᠢ ᠡᠨᠧᠷᠬᠢ ᠶᠢᠨ ᠮᠠᠰᠢᠨ ᠪᠤᠯᠭᠠᠵᠤ ᠰᠢᠨᠡᠳᠭᠡᠬᠦ ᠳᠤ ᠬᠦᠷᠪᠡᠯ ᠵᠢᠯ ᠪᠦᠷᠢ ᠪᠠᠷᠤᠭ 7 ᠲᠦᠮᠡᠨ t ᠪᠠᠷᠢᠮᠵᠢᠶᠠᠳᠤ ᠨᠡᠭᠦᠷᠡᠰᠦ ᠶᠢ ᠠᠷᠪᠢᠯᠠᠵᠤ᠂ ᠪᠠᠰᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠪᠤᠬᠢᠷᠳᠤᠯ ᠢ 17.8 ᠲᠦᠮᠡᠨ t ᠪᠠᠭᠠᠰᠬᠠᠵᠤ ᠴᠢᠳᠠᠬᠤ ᠪᠤᠯᠤᠨ᠎ᠠ᠃  
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ