1. ᠭᠠᠵᠠᠷ ᠲᠠᠯᠠᠪᠤᠷ ᠢ ᠰᠤᠩᠭᠤᠬᠤ ᠳᠤ ᠶᠠᠮᠠᠷ ᠵᠠᠷᠴᠢᠮ ᠢ ᠵᠢᠷᠤᠮᠯᠠᠬᠤ ᠪᠤᠢ︖ | ᠭᠠᠵᠠᠷ ᠲᠠᠯᠠᠪᠠᠢ ᠨᠢ ᠲᠡᠭᠰᠢᠭᠡᠨ᠂ ᠭᠠᠵᠠᠷ ᠤᠨ ᠭᠦᠴᠤ ᠵᠢᠭᠳᠡᠭᠡᠨ᠂ ᠭᠦᠷᠤᠰᠤ ᠰᠢᠷᠤᠢ ᠶᠢᠨ ᠪᠤᠷᠳᠤᠭᠤᠷ ᠨᠢ | ᠲᠤᠮᠳᠠ ᠲᠠᠰ ᠠᠴᠠ ᠲᠡᠭᠡᠭᠦᠷᠭᠢ ᠬᠠᠷ᠎ᠠ ᠭᠦᠷᠤᠰᠤ ᠪᠤᠶᠤ ᠬᠠᠷ᠎ᠠ ᠠᠯᠠᠭ ᠭᠦᠷᠤᠰᠤ ᠲᠠᠢ ᠭᠠᠵᠠᠷ ᠢ ᠰᠤᠩᠭᠤᠵᠤ᠂ ᠭᠦᠷᠦᠰᠤᠨ | ᠲᠠᠪᠬᠤᠷᠭ᠎ᠠ ᠶᠢᠨ ᠵᠤᠵᠠᠭᠠᠨ ᠨᠢ 50cm ᠠᠴᠠ ᠲᠡᠭᠡᠭᠰᠢ᠂ ᠪᠤᠯᠪᠠᠰᠤᠨ ᠭᠦᠷᠦᠰᠤᠨ ᠲᠠᠪᠬᠤᠷᠭ᠎ᠠ ᠨᠢ 30cm᠂ ᠤᠰᠤ | ᠪᠤᠷᠳᠤᠭᠤᠷ ᠬᠠᠮᠠᠭᠠᠯᠠᠬᠤ ᠨᠢ ᠰᠠᠶᠢᠨ᠂ ᠬᠤᠳᠳᠤᠭ ᠰᠤᠪᠠᠭ ᠤᠨ ᠢᠵᠢ ᠪᠦᠷᠢᠳᠦᠯ ᠲᠠᠢ ᠪᠤᠯ ᠡᠷᠳᠡᠨᠢ ᠰᠢᠰᠢ ᠶᠢᠨ | ᠤᠷᠭᠤᠯᠳᠠ ᠶᠢᠨ ᠬᠤᠭᠤᠴᠠᠭᠠᠨ ᠤ ᠱᠠᠭᠠᠷᠳᠠᠯᠭ᠎ᠠ ᠶᠢ ᠪᠠᠳᠤᠯᠠᠵᠤ ᠪᠤᠯᠤᠨ᠎ᠠ᠃ ᠭᠠᠵᠠᠷ ᠲᠠᠯᠠᠪᠠᠢ ᠨᠢ ᠲᠦᠷᠪᠡᠯᠵᠢᠨ ᠭᠡᠯᠪᠡᠷᠢ | ᠲᠠᠢ ᠰᠠᠯᠭᠢ ᠬᠤᠷᠢᠠᠠᠯᠠᠨ᠂ ᠨᠠᠷᠠᠨ ᠤ ᠵᠦᠭ ᠲᠤ ᠬᠠᠨᠳᠤᠠᠠᠰᠠᠨ ᠪᠠᠶᠢᠬᠤ ᠭᠡᠷᠡᠭᠳᠡᠢ᠃ ᠰᠠᠯᠭᠢᠨ ᠤ ᠠᠮᠠ ᠶᠢᠨ ᠭᠠᠵᠠᠷ | ᠲᠠᠯᠠᠪᠠᠢ ᠶᠢ ᠰᠤᠩᠭᠤᠵᠤ ᠤᠠᠠᠳᠤ ᠪᠤᠯᠬᠤ ᠦᠭᠡᠢ᠃ | 2. ᠲᠠᠷᠢᠬᠤ ᠠᠴᠠ ᠪᠠᠨ ᠡᠮᠦᠨ᠎ᠠ ᠶᠠᠮᠠᠷ ᠪᠡᠯᠡᠳᠭᠡᠯ ᠠᠵᠢᠯ ᠤᠳ ᠢ ᠭᠢᠭᠦ ᠪᠤᠢ︖ | ᠨᠠᠮᠤᠷ ᠤᠨ ᠬᠤᠷᠢᠶᠠᠯᠳᠠ ᠶᠢᠨ ᠲᠠᠷᠠᠭ᠎ᠠ ᠲᠠᠷᠦ᠋ᠢᠬᠠᠨ ᠭᠠᠵᠠᠷ ᠲᠠᠯᠠᠪᠠᠢ ᠪᠠᠨ ᠲᠡᠭᠰᠢᠯᠡᠵᠤ᠂ ᠭᠦᠨ ᠰᠤᠯᠠᠷᠠᠭᠤᠯᠬᠤ | ᠮᠠᠰᠢᠨ ᠢᠶᠠᠷ ᠲᠠᠷᠠᠭ᠎ᠠ ᠵᠢᠯ ᠦᠨᠳᠤᠷ ᠬᠤᠷᠢᠶᠠᠯᠳᠠ ᠲᠠᠢ ᠲᠠᠷᠢᠬᠤ ᠭᠠᠵᠠᠷ ᠲᠠᠯᠠᠪᠠᠢ ᠪᠠᠨ ᠭᠦᠨ ᠰᠤᠯᠠᠷᠠᠭᠤᠯᠵᠤ᠂ | ᠦᠡᠭᠭᠡᠷᠡᠭᠰᠡᠨ ᠤ ᠠᠠᠵᠢᠰᠤᠨ ᠬᠤᠰᠢᠭᠤᠨ ᠲᠤᠤᠷᠠᠭᠢ ᠲᠠᠪᠬᠤᠷᠭ᠎ᠠ ᠶᠢ ᠡᠪᠳᠡᠵᠤ᠂ ᠡᠭᠦᠨ ᠤ ᠬᠠᠮᠳᠤ ᠮᠤ᠋ ᠪᠦᠷᠢ | 3000~4000kg ᠤᠨ ᠪᠡᠷᠢᠮᠵᠢᠶ᠎ᠠ ᠪᠠᠷ ᠴᠢᠨᠠᠷ ᠰᠠᠶᠢᠳᠠᠢ ᠰᠢᠭᠡᠭ ᠪᠤᠷᠳᠤᠭᠤᠷ ᠤᠷᠤᠭᠤᠯᠬᠤ ᠭᠡᠷᠡᠭᠳᠡᠢ᠃ | ᠬᠠᠪᠤᠷ ᠨᠢ 4m ᠤᠨ ᠪᠠᠷᠢᠮᠵᠢᠶ᠎ᠠ ᠪᠠᠷ ᠲᠠᠳᠠᠭᠠᠯᠯᠬᠠᠰᠠᠨ ᠲᠠᠷᠢᠶ᠎ᠠ ᠪᠠᠶᠢᠭᠤᠯᠵᠤ᠂ ᠲᠠᠷᠢᠶᠠᠨ ᠳᠠᠬᠢ ᠦᠨᠳᠤᠰᠤ | ᠬᠤᠵᠤᠤᠯ᠎ᠠ ᠶᠢ ᠲᠦᠢᠯᠪᠤᠷᠢᠳᠡᠢ ᠴᠡᠪᠡᠷᠯᠡᠨ ᠠᠷᠢᠯᠭᠠᠵᠤ᠂ ᠬᠠᠪᠤᠷ ᠤᠨ ᠤᠰᠤᠯᠠᠯᠳᠠ ᠬᠢᠵᠤ᠂ ᠬᠠᠮᠤᠭ ᠤᠨ ᠰᠠᠶᠢᠨ ᠨᠢ ᠡᠪᠤᠯ | ᠦᠨᠵᠢᠭᠦᠯᠵᠤ᠂ ᠬᠠᠪᠤᠷ ᠰᠦᠩ ᠰᠦᠷᠦᠨ ᠨᠠᠷᠬᠠᠳᠠᠵᠤ᠂ ᠡᠰᠢ ᠭᠤᠤᠷᠰᠤ ᠶᠢ ᠠᠷᠢᠯᠭᠠᠬᠤ ᠭᠡᠷᠡᠭᠳᠡᠢ᠃ | 3. ᠶᠠᠮᠠᠷ ᠦᠷ᠎ᠠ ᠶᠢᠨ ᠰᠤᠷᠲ ᠢ ᠰᠤᠩᠭᠤᠪᠠᠯ ᠵᠤᠭᠢᠬᠤ ᠪᠤᠢ︖ | ᠡᠭᠦᠯᠳᠡᠷ ᠰᠤᠩᠭᠤᠬᠤ ᠳᠤ ᠵᠧᠩ ᠲᠠᠩ ︵郑单︶ 17᠂ ᠬᠤᠤ ᠢᠤᠢ ︵郝玉︶ 21᠂ ᠶᠢᠨ ᠱᠠᠨ ︵ | 金山︶ 27᠂ ᠭᠤᠤ ᠰᠢᠨ ︵高新︶ 3᠂ ᠵᠧᠩ ᠲᠠᠩ ︵郑单︶ 958᠂ ᠷᠦᠢ ᠪᠦ᠋ ︵锐 | 步︶ 1 ᠨᠤᠮᠧᠷᠳᠦ᠂ ᠶᠢᠨ ᠪᠸᠢ ︵津北︶ 288᠂ ᠦᠪᠤᠷ ᠲᠠᠩ ︵内单︶ 402 ᠵᠡᠷᠭᠡ | ᠡᠷᠳᠡᠨᠢ ᠰᠢᠰᠢ ᠶᠢᠨ ᠦᠷ᠎ᠠ ᠶᠢᠨ ᠰᠤᠷᠲ ᠪᠤᠯ ᠦᠨᠳᠤᠷ ᠬᠤᠷᠢᠶᠠᠯᠳᠠ ᠶᠢᠨ ᠤᠷᠤᠯᠳᠤᠭᠠᠨ ᠳᠤ ᠤᠷᠦ᠋ᠢᠯᠬᠠᠰᠠᠨ ᠦᠷ᠎ᠠ ᠶᠢᠨ | ᠰᠤᠷᠲ ᠤᠳ ᠪᠤᠯᠤᠨ᠎ᠠ᠃ ᠦᠷ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠨᠢ ᠤᠯᠤᠰ ᠤᠨ ᠪᠠᠷᠢᠮᠵᠢᠶ᠎ᠠ ᠶᠢᠨ ᠨᠢᠭᠡᠳᠦᠭᠡᠷ ᠲᠠᠰ ᠲᠤ | ᠭᠦᠷᠦᠭᠰᠡᠨ ᠪᠠᠶᠢᠬᠤ ᠶᠢ ᠱᠠᠭᠠᠷᠳᠠᠨ᠎ᠠ᠃ ᠮᠤ᠋ ᠪᠦᠷᠢ 3kg ᠦᠷ᠎ᠠ ᠪᠡᠯᠡᠳᠭᠡᠨ᠎ᠡ᠃ | 4. ᠡᠷᠳᠡᠨᠢ ᠰᠢᠰᠢ ᠶᠢᠨ ᠦᠷ᠎ᠠ ᠶᠢ ᠶᠠᠭᠠᠭᠢᠵᠤ ᠰᠢᠢᠳᠪᠤᠷᠢᠯᠡᠭᠦ ᠪᠤᠢ︖ | ᠡᠩ ᠲᠠᠷᠢᠭᠦᠨ ᠳᠤ ᠰᠠᠶᠢᠨ ᠦᠷ᠎ᠠ ᠶᠢᠨ ᠰᠤᠷᠲ ᠤᠨ ᠦᠷ᠎ᠡ ᠮᠦᠭᠦᠯᠢᠭ ᠢ ᠲᠤᠮᠤ ᠵᠢᠵᠢᠭ ᠢᠶᠠᠷ ᠨᠢ ᠲᠠᠰ ᠬᠤᠪᠢᠶᠠᠨ | ᠢᠯᠭᠠᠨ ᠰᠤᠩᠭᠤᠵᠤ᠂ ᠦᠷ᠎ᠡ ᠪᠠᠨ ᠵᠢᠭᠳᠡᠭᠡᠨ ᠲᠠᠷᠢᠨ᠎ᠠ᠃ ᠡᠨᠡ ᠪᠤᠯ ᠲᠤᠮᠤ ᠵᠢᠵᠢᠭ ᠰᠠᠭᠤᠷᠢ ᠶᠢ ᠰᠢᠢᠳᠪᠤᠷᠢᠯᠡᠵᠤ᠂ | ᠭᠤᠷᠪᠡᠨ ᠲᠦᠷᠦᠯ ᠤᠨ ᠴᠢᠭᠢ ᠶᠢ ᠤᠰᠠᠳᠬᠠᠬᠤ ᠶᠢᠨ ᠵᠠᠩᠭᠢᠯᠠᠭ᠎ᠠ ᠪᠤᠯᠤᠨ᠎ᠠ᠃ ᠲᠠᠷᠠᠭ᠎ᠠ ᠳᠤᠨᠢ ᠦᠷ᠎ᠡ ᠪᠠᠨ ᠬᠠᠳᠠᠭᠠᠠᠠᠰᠠᠨ ᠤ | ᠰᠡᠭᠦᠯᠡᠷ ᠦᠷ᠎ᠡ ᠪᠠᠨ ᠪᠤᠭᠤᠬᠤ ᠰᠢᠢᠳᠪᠤᠷᠢᠯᠡᠯᠳᠡ ᠭᠢᠵᠤ᠂ ᠪᠤᠭᠤᠬᠤ ᠡᠮ ᠢ ᠰᠤᠩᠭᠤᠬᠤ ᠲᠠᠯ᠎ᠠ ᠪᠠᠷ ᠡᠷᠳᠡᠨᠢ ᠰᠢᠰᠢ ᠶᠢᠨ | ᠬᠠᠷᠠᠤ ᠶᠢ ᠰᠡᠷᠭᠡᠶᠢᠯᠡᠨ ᠵᠠᠰᠠᠬᠤ ᠪᠠ ᠬᠤᠷᠤᠬᠠᠢ ᠶᠢᠨ ᠭᠦᠨᠦᠭᠡᠯ ᠢ ᠰᠡᠷᠭᠡᠶᠢᠯᠡᠵᠤ ᠴᠢᠳᠠᠬᠤ ᠪᠦᠳᠦᠮᠵᠢᠳᠡᠢ ᠠᠭᠤᠯᠤᠭᠳᠠᠴᠨ ᠨᠢ | 8% ᠠᠴᠠ ᠲᠠᠪᠠᠭᠰᠠᠨ ᠪᠤᠭᠤᠯᠳᠠ ᠡᠮ ᠢ ᠰᠤᠩᠭᠤᠨ ᠭᠡᠷᠡᠭᠯᠡᠵᠤ᠂ ᠦᠷ᠎ᠠ ᠶᠢᠨ ᠰᠢᠢᠳᠪᠤᠷᠢᠯᠡᠯᠳᠡ ᠭᠢᠭᠦ ᠭᠡᠷᠡᠭᠳᠡᠢ᠃ | 5. ᠶᠠᠮᠠᠷ ᠦᠶ᠎ᠠ ᠳᠤ ᠲᠠᠷᠢᠪᠠᠯ ᠲᠤᠭᠢᠷᠠᠮᠵᠢᠳᠡᠢ ᠪᠤᠢ︖ ᠲᠠᠷᠢᠬᠤ ᠠᠷᠭ᠎ᠠ ᠵᠢᠴᠢ ᠨᠢᠠᠠᠳᠠᠴᠠ ᠶᠢ ᠶᠠᠭᠠᠠᠭᠢᠵᠤ | ᠲᠤᠬᠳᠠᠭᠠᠬᠤ ᠪᠤᠢ︖ | ᠶᠠᠷᠦᠩᠭᠡᠢ ᠳᠡᠭᠡᠨ ᠭᠦᠷᠦᠰᠤ ᠰᠢᠷᠤᠢ ᠶᠢᠨ ᠬᠠᠭᠠᠯᠪᠤᠷᠢᠯᠠᠯᠳᠡ ᠶᠢᠨ ᠲᠠᠪᠬᠤᠷᠭ᠎ᠠ ᠶᠢᠨ 10cm ᠲᠠᠬᠢ ᠲᠤᠯᠠᠭᠠᠨ ᠤ | ᠭᠡᠮᠵᠢᠶ᠎ᠠ ᠨᠢ 8℃~10℃ ᠳᠤ ᠭᠦᠷᠭᠦ ᠦᠶ᠎ᠠ ᠳᠤ ᠲᠠᠷᠦ᠋ᠢᠬᠠᠨ ᠲᠠᠷᠢᠵᠤ ᠪᠤᠯᠤᠨ᠎ᠠ᠃ ᠴᠠᠭ ᠬᠤᠭᠤᠴᠠᠭ᠎ᠠ ᠶᠢᠨ ᠲᠠᠯ᠎ᠠ | ᠪᠠᠷ ᠠᠪᠴᠤ ᠦᠵᠡᠪᠡᠯ᠂ ᠶᠠᠷᠦᠩᠭᠡᠢ ᠳᠡᠭᠡᠨ 4 ᠳ᠋ᠤᠭᠡᠷ ᠰᠠᠷ᠎ᠠ ᠶᠢᠨ 20~30 ᠤ ᠡᠳᠤᠷ ᠤᠨ ᠬᠤᠭᠤᠷᠤᠨᠳᠤ ᠲᠠᠷᠢᠨ᠎ᠠ᠃ | ᠪᠦᠷᠭᠦᠭᠦᠯ ᠳᠤ ᠲᠠᠷᠢᠬᠤ ᠳᠤ ᠭᠦᠷᠪᠡᠯ 4 ᠳ᠋ᠤᠭᠡᠷ ᠰᠠᠷ᠎ᠠ ᠶᠢᠨ 10~20 ᠤ ᠡᠳᠤᠷ ᠤᠨ ᠬᠤᠭᠤᠷᠤᠨᠳᠤ ᠤᠷᠢᠳᠴᠢᠯᠠᠨ | ᠲᠠᠷᠢᠵᠤ ᠪᠤᠯᠤᠨ᠎ᠠ᠃ | ᠮᠠᠰᠢᠨ ᠢᠶᠠᠷ ᠨᠠᠷᠢᠯᠢᠬ ᠭᠡᠮᠵᠢᠶ᠎ᠠ ᠪᠠᠷ ᠲᠠᠷᠢᠪᠡᠯ᠂ ᠲᠤᠮᠤ ᠵᠢᠵᠢᠭ ᠲᠠᠯᠠᠩ ᠢ ᠤᠶᠠᠯᠳᠤᠭᠤᠯᠵᠤ᠂ ᠲᠤᠮᠤ ᠲᠠᠯᠠᠩ ᠢ | 70cm᠂ ᠨᠠᠷᠢᠨ ᠲᠠᠯᠠᠩ ᠢ 30cm ᠪᠠᠶᠢᠯᠭᠠᠨ᠎ᠠ᠃ ᠭᠦᠷᠦᠰᠤ ᠰᠢᠷᠤᠢ ᠶᠢᠨ ᠨᠦᠭᠦᠴᠡᠯ ᠢᠶᠠᠷ ᠰᠠᠶᠢᠨ ᠪᠤᠯ ᠪᠦᠭᠦ ᠵᠠᠢ | ᠪᠠᠷ ᠲᠠᠷᠢᠵᠤ᠂ ᠡᠩ ᠤᠨ ᠭᠠᠵᠠᠷ ᠲᠠᠯᠠᠪᠠᠢ ᠳᠤ ᠬᠠᠭᠠᠰ ᠵᠠᠢ ᠪᠠᠷ ᠲᠠᠷᠢᠨ᠎ᠠ᠃ ᠨᠦᠭᠦᠴᠡᠯ ᠲᠠᠢ ᠪᠤᠯ ᠪᠦᠷᠭᠦᠭᠦᠯ ᠳᠤ ᠲᠠᠷᠢᠵᠤ | ᠪᠤᠯᠤᠨ᠎ᠠ᠃ ᠪᠦᠷᠭᠦᠭᠦᠯ ᠳᠤ ᠲᠠᠷᠢᠬᠤ ᠳᠤ ᠦᠷᠭᠡᠨ ᠢᠶᠠᠷ ᠢᠶᠠᠨ 70~75cm᠂ ᠵᠤᠵᠠᠭᠠᠨ ᠢᠶᠠᠷ ᠢᠶᠠᠨ 0.006~0. | 008mm ᠡᠲ᠋ᠧᠨ ᠪᠦᠭᠡᠭᠡᠨᠡᠷᠡᠯ ᠤᠨ ᠪᠦᠷᠭᠦᠭᠦᠯ ᠢ ᠰᠤᠩᠭᠤᠨ ᠠᠪᠴᠤ᠂ ᠲᠠᠷᠢᠬᠤ ᠮᠠᠰᠢᠨ ᠢᠶᠠᠷ ᠲᠠᠷᠢᠵᠤ ᠪᠦᠷᠭᠦᠭᠦ ᠶᠢ | ᠨᠢᠬᠡ ᠯᠠ ᠲᠡᠭᠡᠷ᠎ᠡ ᠭᠦᠢᠴᠡᠳᠭᠡᠨ᠎ᠡ᠃ | ᠨᠢᠠᠠᠳᠠᠴᠠ ᠶᠢᠨ ᠲᠠᠯ᠎ᠠ ᠪᠠᠷ᠂ ᠢᠠᠠᠴᠤᠷᠠᠩᠭᠤᠢ ᠭᠡᠯᠪᠡᠷᠢ ᠶᠢᠨ ᠰᠤᠷᠲ ᠢ ᠪᠤᠯ ᠮᠤ᠋ ᠪᠦᠷᠢ 5500~6000 | ᠰᠠᠭᠤᠷᠢ ᠲᠠᠷᠢᠵᠤ᠂ ᠬᠤᠷᠢᠶᠠᠯᠳᠠ ᠤᠯᠬᠤ ᠰᠠᠭᠤᠷᠢ ᠶᠢᠨ ᠲᠤᠭ᠎ᠠ ᠶᠢ ᠮᠤ᠋ ᠪᠦᠷᠢ 5000~5500 ᠰᠠᠭᠤᠷᠢ ᠪᠠᠶᠢᠯᠭᠠᠨ᠎ᠠ᠃ | | 6. ᠲᠠᠷᠢᠬᠤ ᠳᠠᠭᠠᠨ ᠪᠤᠷᠳᠤᠭᠤᠷ ᠶᠠᠭᠠᠭᠢᠵᠤ ᠤᠷᠤᠭᠤᠯᠬᠤ ᠪᠤᠢ︖ | ᠲᠠᠷᠢᠬᠤ ᠦᠶ᠎ᠠ ᠳᠡᠭᠡᠨ ᠮᠤ᠋ ᠪᠦᠷᠢ 25kg ᠹᠤᠰᠹᠤᠷ ᠭᠦᠴᠢᠯ ᠤᠨ ᠬᠤᠶᠠᠷᠴᠢ ᠠᠮᠮᠤᠨᠢ᠂ 15kg ᠭᠦᠭᠦᠷ | ᠭᠦᠴᠢᠯ ᠤᠨ ᠺᠠᠯᠢ᠂ 1kg ᠤᠷᠴᠢᠮ ᠭᠦᠭᠦᠷ ᠭᠦᠴᠢᠯ ᠤᠨ ᠴᠠᠶᠢᠷ᠂ 3kg ᠰᠢᠭᠡᠰᠦᠯᠢᠭ ᠡᠳ᠋ ᠪᠤᠶᠤ ᠪᠦᠳᠦᠮᠵᠢᠳᠡᠢ | ᠠᠭᠤᠯᠤᠭᠳᠠᠴᠨ ᠨᠢ ᠲᠡᠩᠴᠡᠭᠦᠤ ᠪᠦᠭᠦᠢ ᠡᠷᠳᠡᠨᠢ ᠰᠢᠰᠢ ᠶᠢᠨ ᠨᠠᠶᠢᠷᠠᠯᠭ᠎ᠠ ᠪᠤᠷᠳᠤᠭᠤᠷ ᠢ ᠤᠷᠤᠭᠤᠯᠤᠨ᠎ᠠ᠃ ᠦᠷ᠎ᠠ | ᠪᠤᠷᠳᠤᠭᠤᠷ ᠢ ᠲᠠᠪᠬᠤᠷᠭ᠎ᠠ ᠬᠤᠪᠢᠶᠠᠨ ᠤᠷᠤᠭᠤᠯᠬᠤ ᠮᠠᠰᠢᠨ ᠢᠶᠠᠷ ᠦᠷ᠎ᠠ ᠶᠢᠨ ᠲᠤᠤᠷ᠎ᠠ ᠲᠠᠯ᠎ᠠ ᠳᠤ ᠭᠦᠨ ᠤᠷᠤᠭᠤᠯᠬᠤ | ᠪᠤᠶᠤ ᠦᠷ᠎ᠡ ᠠᠴᠠ 5~6cm ᠵᠠᠶᠢᠳᠠᠢ ᠭᠠᠵᠠᠷ ᠲᠤ ᠤᠷᠤᠭᠤᠯᠵᠤ᠂ ᠴᠢᠭᠢ ᠨᠢ ᠰᠢᠳ᠋ᠬᠠᠳᠠᠬᠤ ᠠᠴᠠ ᠰᠡᠷᠭᠡᠶᠢᠯᠡᠨ᠎ᠡ᠃ | 7. ᠴᠢᠭᠢᠯᠡᠭᠦ ᠦᠶ᠎ᠠ ᠳᠤᠨᠢ ᠶᠠᠮᠠᠷ ᠠᠷᠠᠴᠢᠯᠠᠯᠳᠡ ᠶᠢᠨ ᠠᠷᠭ᠎ᠠ ᠭᠡᠮᠵᠢᠶ᠎ᠠ ᠠᠪᠬᠤ ᠪᠤᠢ︖ | ᠡᠷᠳᠡᠨᠢ ᠰᠢᠰᠢ ᠶᠢᠨ ᠴᠢᠭᠢᠯᠡᠭᠦ ᠬᠤᠭᠤᠴᠠᠭ᠎ᠠ ᠭᠡᠳᠡᠭ ᠪᠤᠯ ᠴᠢᠭᠢᠯᠡᠭᠦ ᠠᠴᠠ ᠠᠪᠤᠭᠠᠳ ᠦᠶᠡᠳᠦᠭᠦ ᠦᠶ᠎ᠠ | ᠭᠦᠷᠳᠡᠯᠡᠭᠢ ᠬᠤᠭᠤᠴᠠᠭ᠎ᠠ ᠶᠢ ᠭᠡᠯᠡᠵᠤ ᠪᠠᠶᠢᠨ᠎ᠠ᠃ ᠡᠨᠡ ᠨᠢ ᠰᠢᠮ᠎ᠠ ᠲᠡᠵᠢᠭᠡᠯ ᠤᠨ ᠤᠷᠤᠭᠤᠯᠤᠯᠳᠠ ᠶᠢᠨ ᠬᠤᠭᠤᠴᠠᠭ᠎ᠠ | ᠪᠤᠯᠤᠨ᠎ᠠ᠃ ᠶᠡᠭᠡ ᠲᠦᠯᠦᠪ 5 ᠳ᠋ᠤᠭᠠᠷ ᠰᠠᠷ᠎ᠠ ᠶᠢᠨ 15 ᠪᠤᠶᠤ 20 ᠤ ᠡᠳᠤᠷ ᠠᠴᠠ 6 ᠳ᠋ᠤᠭᠠᠷ ᠰᠠᠷ᠎ᠠ ᠶᠢᠨ 15 ᠪᠤᠶᠤ | 20 ᠤ ᠡᠳᠤᠷ ᠪᠤᠯᠳᠡᠯᠡᠭᠢ ᠨᠢᠭᠡ ᠰᠠᠷ᠎ᠠ ᠶᠢᠨ ᠬᠤᠭᠤᠴᠠᠭ᠎ᠠ ᠪᠤᠯᠤᠨ᠎ᠠ᠃ ᠡᠨᠡ ᠦᠶ᠎ᠠ ᠳᠤ 1~9 ᠨᠠᠪᠴᠢ ᠭᠠᠷᠴᠤ᠂ 6 | ᠨᠠᠪᠴᠢ ᠨᠡᠭᠡᠭᠡᠭᠳᠡᠨ᠎ᠡ᠃ ᠡᠨᠡ ᠦᠶ᠎ᠠ ᠶᠢᠨ ᠲᠠᠷᠢᠶᠠᠨ ᠳᠠᠬᠢ ᠠᠷᠠᠴᠢᠯᠠᠯᠳᠡ ᠭᠡᠪᠡᠯ ᠭᠤᠤᠯ ᠨᠢ ᠴᠢᠭᠢ ᠪᠦᠷᠢᠨ ᠢᠳᠡᠷᠡᠭᠦᠨ | ᠴᠢᠭᠢ ᠲᠠᠢ ᠪᠠᠶᠢᠯᠭᠠᠬᠤ ᠪᠠᠷ ᠭᠤᠤᠯ ᠪᠤᠯᠭᠠᠵᠤ᠂ ᠲᠤᠤᠷᠠᠭᠢ ᠶᠢ ᠠᠭᠢᠭᠤᠯᠤᠨ ᠲᠠᠭᠡᠷᠡᠭᠢ ᠶᠢ ᠨᠢ ᠭᠢᠵᠠᠭᠠᠷᠯᠠᠵᠤ᠂ ᠴᠢᠭᠢ ᠶᠢ | ᠢᠳᠡᠷᠡᠭᠦᠨ ᠪᠤᠶᠢᠵᠢᠭᠤᠯᠤᠨ᠎ᠠ᠃ | ᠡᠷᠳᠡᠨᠢ ᠰᠢᠰᠢ ᠴᠢᠭᠢᠯᠡᠭᠰᠡᠨ ᠤ ᠭᠢᠨᠢ ᠰᠡᠭᠦᠯᠡᠷ ᠭᠠᠵᠠᠷ ᠲᠠᠯᠠᠪᠠᠢ ᠪᠤᠯᠤᠨ ᠮᠦᠷ ᠲᠠᠯᠠᠩ ᠢ ᠲᠠᠷᠠᠭᠠᠯᠠᠨ ᠪᠠᠶᠢᠴᠠᠭᠠᠨ᠎ᠠ᠃ | ᠭᠡᠷᠪᠡ ᠪᠠᠭ᠎ᠠ ᠭᠡᠮᠵᠢᠶ᠎ᠠ ᠪᠠᠷ ᠴᠢᠭᠢ ᠲᠤᠳ᠋ᠬᠠᠳᠠᠵᠤ ᠪᠠᠶᠢᠪᠠᠯ ᠤᠶᠢᠷᠠᠯᠴᠠᠭ᠎ᠠ ᠪᠤᠶᠤ ᠵᠡᠷᠭᠡᠯᠡᠳᠡᠭᠡ ᠮᠦᠷ ᠠᠴᠠ ᠨᠢ ᠴᠢᠭᠢ | ᠵᠢᠭᠡᠯᠡᠵᠤ᠂ ᠰᠠᠭᠤᠷᠢ ᠶᠢᠨ ᠲᠤᠭ᠎ᠠ ᠶᠢ ᠪᠠᠳᠤᠯᠠᠨ᠎ᠠ᠃ ᠭᠡᠷᠪᠡ ᠴᠢᠭᠢ ᠲᠤᠳ᠋ᠬᠠᠳᠠᠨ | ᠵᠤᠷᠠᠭ᠎ᠠ ᠲᠠᠰᠤᠷᠬᠠᠰᠠᠨ ᠪᠤᠯ ᠲᠠᠷᠠ ᠲᠠᠷᠤᠢ ᠳᠤᠨᠢ ᠨᠦᠭᠦᠵᠤ ᠲᠠᠷᠢᠨ᠎ᠠ᠃ | ᠨᠦᠭᠦᠴᠡᠯ ᠲᠠᠢ ᠭᠠᠵᠠᠷ ᠤᠷᠤᠨ ᠪᠤᠯ ᠠᠷᠴᠢᠬᠤ ᠠᠴᠠ ᠡᠮᠦᠨ᠎ᠠ ᠠᠠᠵᠢᠰᠤ ᠪᠠᠷ ᠭᠦᠢᠭᠡᠨ ᠤᠷᠪᠠᠭᠤᠯᠬᠤ ᠶᠢ | ᠰᠠᠨᠠᠭᠠᠴᠢᠯᠡᠨᠡ᠃ ᠵᠢᠵᠢᠭ ᠠᠠᠵᠢᠰᠤ ᠪᠠᠷ ᠭᠦᠨ ᠰᠤᠯᠠᠷᠠᠭᠤᠯᠤᠨ ᠰᠢᠷᠤᠢ ᠨᠡᠮᠡᠵᠤ᠂ ᠰᠤᠯᠠᠷᠠᠭᠤᠯᠤᠠᠠᠰᠠᠨ ᠰᠢᠷᠤᠢ ᠶᠢᠨ | ᠲᠤᠯᠠᠭᠠᠨ ᠤ ᠭᠡᠮᠵᠢᠶ᠎ᠠ ᠶᠢ ᠨᠡᠮᠡᠭᠳᠡᠭᠦᠯᠭᠦ ᠦᠷ᠎ᠡ ᠪᠦᠳᠦᠮᠵᠢ ᠳᠤ ᠭᠦᠷᠦᠭᠦᠯᠦᠨ᠎ᠠ᠃ ᠡᠨᠡ ᠨᠢ ᠨᠢᠯᠬ᠎ᠠ ᠴᠢᠭᠢᠨ ᠤ ᠡᠷᠳᠡ | ᠤᠷᠭᠤᠵᠤ ᠲᠦᠷᠭᠡᠨ ᠦᠰᠭᠦ ᠪᠡ ᠴᠢᠭᠢ ᠰᠠᠭᠤᠯᠭᠠᠨ ᠴᠢᠭᠢ ᠢᠳᠡᠷᠡᠵᠢᠭᠦᠯᠭᠦ ᠳᠤ ᠠᠰᠢᠠᠠᠳᠠᠢ ᠶᠤᠮ᠃ | ᠲᠤᠠᠠᠳ᠋ᠬᠠᠰᠠᠨ ᠨᠢᠠᠠᠳᠠᠴᠠ ᠪᠠᠷ ᠴᠢᠭᠢ ᠦᠯᠡᠳᠡᠭᠡᠵᠤ᠂ ᠮᠠᠰᠢᠨ ᠢᠶᠠᠷ ᠨᠠᠷᠢᠯᠢᠬ ᠭᠡᠮᠵᠢᠶ᠎ᠠ ᠪᠠᠷ ᠪᠦᠭᠦ ᠰᠠᠭᠤᠷᠢ ᠶᠢᠨ | ᠵᠠᠢ ᠪᠠᠷ ᠲᠠᠷᠢᠬᠤ ᠳᠤ ᠨᠢᠬᠡ ᠯᠠ ᠲᠡᠭᠡᠷ᠎ᠡ ᠴᠢᠭᠢ ᠲᠤᠠᠠᠳᠠᠭᠠᠵᠤ᠂ ᠬᠤᠤᠰ ᠰᠠᠯᠠᠭ᠎ᠠ ᠶᠢ ᠠᠪᠴᠤ ᠬᠠᠶᠠᠵᠤ᠂ ᠬᠠᠭᠠᠰ | ᠰᠠᠭᠤᠷᠢ ᠶᠢᠨ ᠵᠠᠢ ᠪᠠᠷ ᠲᠠᠷᠢᠬᠤ ᠳᠤ ᠨᠢᠭᠡ ᠠᠯᠤᠰᠯᠠᠨ ᠨᠢᠭᠡ ᠶᠢ ᠲᠠᠷᠢᠨ᠎ᠠ᠃ ᠴᠢᠭᠢ ᠲᠤᠳᠠᠵᠤ ᠪᠠᠶᠢᠭ᠎ᠠ ᠭᠠᠵᠠᠷ ᠲᠤ ᠬᠤᠶᠠᠷ | ᠴᠢᠭᠢ ᠦᠯᠡᠳᠡᠭᠡᠵᠤ᠂ ᠮᠤ᠋ ᠪᠦᠷᠢ ᠶᠢᠨ ᠰᠠᠭᠤᠷᠢ ᠶᠢᠨ ᠲᠤᠭ᠎ᠠ ᠶᠢ ᠪᠠᠳᠤᠯᠠᠨ᠎ᠠ᠃ ᠴᠢᠭᠢ ᠦᠯᠡᠳᠡᠭᠡᠭᠦ ᠳᠡᠭᠡᠨ ᠪᠠᠭᠤᠷᠠᠢ ᠴᠢᠭᠢ᠂ | ᠵᠢᠵᠢᠭ ᠴᠢᠭᠢ᠂ ᠭᠡᠮᠳᠤᠯ ᠲᠠᠢ ᠴᠢᠭᠢ ᠶᠢ ᠲᠡᠭᠦᠨ ᠬᠠᠶᠠᠵᠤ᠂ ᠢᠳᠡᠷᠡᠭᠦᠨ ᠴᠢᠭᠢ᠂ ᠪᠦᠷᠢᠨ ᠴᠢᠭᠢ᠂ ᠲᠤᠮᠤ ᠴᠢᠭᠢ ᠶᠢ | ᠦᠯᠡᠳᠡᠭᠡᠵᠤ᠂ ᠲᠡᠭᠰᠢ᠂ ᠵᠢᠭᠳᠡ ᠭᠦᠢᠴᠡᠳ ᠪᠠᠶᠢᠬᠤ ᠶᠢ ᠪᠠᠳᠤᠯᠠᠨ᠎ᠠ᠃ | ᠴᠢᠭᠢ ᠰᠠᠭᠤᠯᠭᠠᠠᠠᠰᠠᠨ ᠤ ᠰᠡᠭᠦᠯᠡᠷ ᠠᠷᠴᠢᠭᠤᠷ ᠢᠶᠠᠷ ᠠᠷᠴᠢᠨ᠎ᠠ᠂ ᠭᠡᠳᠦᠷᠭᠡᠢ ᠲᠦᠷᠭᠡᠨ ᠠᠷᠴᠢᠵᠤ ᠪᠤᠯᠬᠤ ᠦᠭᠡᠢ᠂ | ᠴᠢᠭᠢ ᠶᠢ ᠲᠠᠷᠤᠠᠠᠰᠠᠨ ᠪᠠᠶᠢᠪᠠᠯ ᠲᠠᠷᠦ᠋ᠢᠬᠠᠨ ᠪᠤᠰᠬᠠᠵᠤ ᠦᠭᠭᠦ ᠭᠡᠷᠡᠭᠳᠡᠢ᠃ | 6 ᠳ᠋ᠤᠭᠠᠷ ᠰᠠᠷ᠎ᠠ ᠶᠢᠨ ᠲᠤᠮᠳᠠᠴᠢ ᠪᠠᠷ ᠪᠦᠭᠦᠨ ᠢ ᠠᠷᠴᠢᠵᠤ᠂ ᠵᠢᠵᠢᠭ ᠠᠠᠵᠢᠰᠤ ᠪᠠᠷ ᠭᠦᠨ ᠤᠷᠪᠠᠭᠤᠯᠤᠨ | ᠰᠢᠷᠤᠢ ᠨᠡᠮᠡᠭᠦ ᠦᠭᠡᠢ᠂ ᠲᠠᠯᠠᠩ ᠤᠨ ᠭᠤᠤ ᠳᠤ ᠢᠯᠡᠭᠦᠭᠡᠨ ᠰᠢᠷᠤᠢ ᠲᠠᠢ ᠪᠠᠶᠢᠯᠭᠠᠵᠤ᠂ ᠰᠡᠭᠦᠯ ᠳᠤ ᠠᠷᠴᠢᠵᠤ ᠤᠷᠪᠠᠭᠤᠯᠤᠨ | ᠰᠢᠷᠤᠢ ᠨᠡᠮᠡᠭᠦ ᠳᠤ ᠨᠦᠭᠦᠴᠡᠯ ᠪᠦᠷᠢᠳᠦᠭᠦᠯᠦᠨ ᠦᠭᠭᠦᠨ᠎ᠠ᠃ | 8. ᠲᠦᠷᠤᠬᠦᠳᠤᠬᠦ ᠬᠤᠭᠤᠴᠠᠭᠠᠨ ᠳᠤᠨᠢ ᠶᠠᠭᠠᠭᠢᠵᠤ ᠠᠷᠠᠴᠢᠯᠠᠬᠤ ᠪᠤᠢ︖ | ᠲᠦᠷᠤᠬᠦᠳᠤᠬᠦ ᠬᠤᠭᠤᠴᠠᠭᠠᠨ ᠤ ᠠᠷᠠᠴᠢᠯᠠᠯᠳᠡ ᠬᠠᠮᠢᠶᠠᠷᠤᠯᠳᠠ ᠭᠡᠳᠡᠭ ᠪᠤᠯ ᠦᠶᠡᠳᠤᠭᠦ ᠠᠴᠠ ᠠᠪᠤᠭᠠᠳ | ᠲᠦᠷᠦᠭᠦᠤ ᠰᠠᠭᠤᠬᠤ ᠱᠠᠳᠤ ᠦᠶ᠎ᠠ ᠶᠢ ᠭᠡᠯᠡᠵᠤ ᠪᠠᠶᠢᠬᠤ ᠪᠦᠭᠡᠳ ᠡᠨᠡ ᠦᠶ᠎ᠠ ᠪᠤᠯ ᠰᠢᠮ᠎ᠠ ᠲᠡᠵᠢᠭᠡᠯ ᠤᠨ ᠤᠷᠭᠤᠯᠳᠠ ᠪᠠ | ᠦᠷᠡᠵᠢᠯ ᠤᠨ ᠤᠷᠭᠤᠯᠳᠠ ᠬᠤᠤᠰᠯᠠᠬᠤ ᠱᠠᠳᠤ ᠦᠶ᠎ᠠ ᠪᠤᠯᠤᠨ᠎ᠠ᠃ ᠡᠨᠡ ᠦᠶ᠎ᠠ ᠪᠤᠯ ᠲᠠᠷᠢᠶᠠᠨ ᠳᠠᠬᠢ ᠬᠠᠮᠢᠶᠠᠷᠤᠯᠳᠠ ᠶᠢᠨ | ᠭᠤᠤᠯᠳᠠᠯᠭ᠎ᠠ ᠪᠤᠯᠤᠨ᠎ᠠ᠃ ᠶᠡᠭᠡ ᠲᠦᠯᠦᠪ 6 ᠳ᠋ᠤᠭᠠᠷ ᠰᠠᠷ᠎ᠠ ᠶᠢᠨ 20 ᠠᠴᠠ 7 ᠳ᠋ᠤᠭᠠᠷ ᠰᠠᠷ᠎ᠠ ᠶᠢᠨ 25 ᠤ ᠤᠷᠴᠢᠮ | ᠪᠤᠯᠳᠠᠯᠠᠭᠢ ᠨᠢᠭᠡ ᠰᠠᠷ᠎ᠠ ᠰᠢᠬᠠᠮ ᠤᠨ ᠬᠤᠭᠤᠴᠠᠭ᠎ᠠ ᠪᠤᠯᠤᠨ᠎ᠠ᠃ ᠡᠨᠡ ᠦᠶᠡᠰ 9~21 ᠨᠠᠪᠴᠢᠯᠠᠵᠤ᠂ 6~20 ᠨᠠᠪᠴᠢ | ᠨᠢ ᠲᠠᠯᠭᠡᠷᠡᠨᠡ᠃ ᠡᠨᠡ ᠪᠤᠯ ᠡᠷᠳᠡᠨᠢ ᠰᠢᠰᠢ ᠶᠢᠨ ᠨᠢᠭᠡ ᠨᠠᠰᠤᠨ ᠤ ᠤᠷᠭᠤᠯᠳᠠ ᠶᠢᠨ ᠬᠠᠮᠤᠭ ᠤᠨ ᠭᠦᠭ ᠦᠶ᠎ᠠ ᠪᠦᠭᠡᠳ | ᠡᠯᠪᠡᠭ ᠬᠤᠷᠢᠶᠠᠯᠳᠠ ᠲᠠᠢ ᠲᠠᠷᠢᠬᠤ ᠶᠢᠨ ᠬᠠᠮᠤᠭ ᠤᠨ ᠵᠠᠩᠭᠢᠯᠠᠭ᠎ᠠ ᠶᠢᠨ ᠴᠠᠭ ᠦᠶ᠎ᠠ ᠪᠤᠯᠤᠨ᠎ᠠ᠃ | ᠲᠤᠮᠳᠠ ᠵᠡᠷᠭᠡ ᠤᠷᠪᠡᠭᠤᠯᠵᠤ᠂ ᠡᠪᠡᠰᠤ ᠶᠢ ᠠᠷᠢᠯᠭᠠᠬᠤ᠄ ᠲᠠᠷᠢᠶᠠᠨ ᠳᠠᠬᠢ ᠭᠤᠤᠯ ᠭᠢᠭᠦ ᠠᠵᠢᠯ ᠭᠡᠪᠡᠯ᠂ ᠠᠷᠴᠢᠵᠤ | ᠲᠠᠩᠨᠠᠬᠤ ᠪᠠᠷ ᠲᠠᠮᠵᠢᠭᠤᠯᠤᠨ᠂ ᠭᠦᠷᠤᠰᠤ ᠰᠢᠷᠤᠢ ᠶᠢ ᠰᠤᠯᠠᠷᠠᠭᠤᠯᠤᠨ᠂ ᠰᠤᠯᠠ ᠡᠪᠡᠰᠤ ᠶᠢ ᠠᠷᠢᠯᠭᠠᠵᠤ᠂ ᠭᠦᠷᠦᠰᠤᠨ ᠤ | ᠲᠤᠯᠠᠭᠠᠨ ᠢ ᠨᠡᠮᠡᠭᠳᠡᠭᠦᠯᠵᠤ᠂ ᠡᠷᠳᠡᠨᠢ ᠰᠢᠰᠢ ᠶᠢᠨ ᠤᠷᠭᠤᠯᠳᠠ ᠳᠤ ᠠᠰᠢᠠᠠᠳᠠᠢ ᠪᠠᠶᠢᠯᠭᠠᠨ᠎ᠠ᠃ 6 ᠳ᠋ᠤᠭᠠᠷ ᠰᠠᠷ᠎ᠠ ᠶᠢᠨ | 20 ᠤ ᠤᠷᠴᠢᠮ ᠢᠶᠠᠷ ᠦᠶᠡᠳᠤᠭᠦ ᠬᠤᠭᠤᠴᠠᠭ᠎ᠠ ᠠᠴᠠ ᠨᠢ ᠡᠮᠦᠨᠡᠭᠦᠷ ᠬᠤᠶᠢᠭᠤᠷ ᠲᠤᠮᠤ ᠠᠷᠴᠢᠭᠤᠷ ᠢᠶᠠᠷ ᠬᠤᠶᠠᠷᠳᠡᠭᠢ | ᠤᠳᠠᠭ᠎ᠠ ᠠᠷᠴᠢᠵᠤ᠂ ᠡᠷᠳᠡᠨᠢ ᠰᠢᠰᠢ ᠶᠢᠨ ᠠᠴᠠ ᠰᠠᠯᠠᠭ᠎ᠠ ᠶᠢ ᠨᠢ ᠠᠪᠴᠤ ᠬᠠᠶᠠᠨ᠎ᠠ᠃ 7 ᠳ᠋ᠤᠭᠠᠷ ᠰᠠᠷ᠎ᠠ ᠶᠢᠨ ᠡᠭᠢ ᠪᠠᠷ | ᠡᠷᠳᠡᠨᠢ ᠰᠢᠰᠢ ᠵᠢᠵᠢᠭ ᠪᠦᠷᠢᠶ᠎ᠠ ᠶᠢᠨ ᠠᠮᠠ ᠲᠠᠢ ᠪᠤᠯᠬᠤ ᠦᠶᠡᠰ ᠭᠤᠷᠪᠡᠳᠡᠭᠢ ᠤᠳᠠᠭ᠎ᠠ ᠨᠠᠷᠢᠨ ᠠᠷᠴᠢᠵᠤ᠂ ᠰᠤᠯᠠ | ᠡᠪᠡᠰᠤ ᠶᠢ ᠲᠦᠢᠯᠪᠤᠷᠢᠳᠡᠢ ᠠᠷᠢᠯᠭᠠᠬᠤ ᠶᠢᠨ ᠬᠠᠮᠳᠤ ᠬᠤᠶᠠᠳᠤᠭᠠᠷ ᠦᠶ᠎ᠠ ᠶᠢᠨ ᠲᠠᠪᠤᠨ ᠵᠢᠷᠤᠭᠠᠳᠤ ᠬᠤᠷᠤᠬᠠᠢ ᠶᠢ | ᠰᠡᠷᠭᠡᠶᠢᠯᠡᠨ᠎ᠠ᠃ ᠶᠠᠷᠤ ᠶᠢᠨ ᠠᠷᠴᠢᠬᠤ ᠪᠠ ᠲᠠᠩᠨᠠᠬᠤ ᠲᠠᠢ ᠤᠶᠠᠯᠳᠤᠭᠤᠯᠵᠤ᠂ ᠤᠷᠢᠳ ᠢᠶᠠᠷ ᠠᠷᠴᠢᠨ ᠲᠠᠷᠠᠭ᠎ᠠ ᠪᠠᠷ ᠨᠢ | ᠲᠠᠩᠨᠠᠪᠠᠯ ᠲᠠᠯᠠᠩ ᠭᠤᠤ ᠳᠠᠬᠢ ᠠᠷᠴᠢᠠᠠᠳ᠋ᠬᠠᠰᠠᠨ ᠦᠭᠡᠢ ᠦᠯᠡᠳᠡᠭᠰᠡᠨ ᠰᠤᠯᠠ ᠡᠪᠡᠰᠤ ᠶᠢ ᠠᠷᠢᠯᠭᠠᠵᠤ ᠴᠢᠳᠠᠬᠤ ᠪᠦᠭᠡᠳ | ᠲᠤᠭᠢᠳᠡᠢ ᠰᠢᠷᠤᠢ ᠨᠡᠮᠡᠨ ᠡᠪᠡᠰᠤ ᠶᠢ ᠲᠠᠷᠤᠵᠤ ᠴᠢᠳᠠᠨ᠎ᠠ᠃ ᠲᠠᠷᠢᠶ᠎ᠠ ᠶᠢ ᠲᠠᠩᠨᠠᠬᠤ ᠳᠤ ᠮᠠᠰᠢᠨ ᠢᠶᠠᠷ ᠲᠠᠩᠨᠠᠬᠤ ᠪᠤᠶᠤ ᠮᠠᠯ | ᠤᠨᠤᠭ᠎ᠠ ᠪᠠᠷ ᠲᠠᠩᠨᠠᠬᠤ ᠬᠤᠶᠠᠷ ᠵᠦᠢᠯ ᠤᠨ ᠠᠷᠭ᠎ᠠ ᠪᠠᠶᠢᠨ᠎ᠠ᠃ ᠬᠤᠶᠠᠷᠳᠡᠭᠢ ᠤᠳᠠᠭ᠎ᠠ ᠲᠠᠩᠨᠠᠬᠤ ᠳᠠᠭᠠᠨ ᠲᠠᠯᠠᠩ | ᠪᠤᠰᠬᠠᠵᠤ᠂ ᠵᠤᠷᠠᠭ᠎ᠠ ᠶᠢᠨ ᠭᠤᠤ ᠳᠤ ᠰᠠᠭᠤᠷᠢ ᠰᠢᠷᠤᠢ ᠦᠯᠡᠳᠡᠭᠡᠭᠦ ᠭᠡᠷᠡᠭᠳᠡᠢ᠃ ᠭᠤᠷᠪᠡᠳᠡᠭᠢ ᠤᠳᠠᠭ᠎ᠠ ᠲᠠᠩᠨᠠᠬᠤ ᠳᠠᠭᠠᠨ | ᠲᠤᠮᠤ ᠲᠠᠯᠠᠩ ᠭᠠᠷᠭᠠᠬᠤ ᠭᠡᠷᠡᠭᠳᠡᠢ᠃ | ᠪᠤᠷᠳᠤᠭᠤᠷ ᠨᠦᠭᠦᠨ ᠤᠰᠤᠯᠠᠬᠤ᠄ ᠡᠷᠳᠡᠨᠢ ᠰᠢᠰᠢ ᠨᠢ ᠲᠦᠷᠤᠬᠦᠳᠤᠬᠦ ᠬᠤᠭᠤᠴᠠᠭᠠᠨ ᠳᠠᠭᠠᠨ ᠭᠦᠷᠤᠰᠤ | ᠰᠢᠷᠤᠢ ᠶᠢᠨ ᠰᠢᠮ᠎ᠠ ᠲᠠᠵᠢᠬᠡᠯ ᠨᠢ ᠰᠦᠷᠡᠭᠡᠢ ᠲᠦᠷᠭᠡᠨ ᠨᠡᠮᠡᠭᠳᠡᠭᠦ ᠭᠡᠷᠡᠭᠴᠡᠭᠡ ᠶᠢ ᠬᠠᠨᠭ᠍ᠭᠠᠬᠤ ᠶᠢᠨ ᠲᠤᠰᠠᠳᠠ᠂ ᠲᠦᠷᠤᠬᠦᠳᠤᠬᠦ | ᠬᠤᠭᠤᠴᠠᠭᠠᠨ ᠳᠤᠨᠢ ᠲᠠᠩᠨᠠᠬᠤ ᠠᠵᠢᠯ ᠲᠠᠢ ᠤᠶᠠᠯᠳᠤᠭᠤᠯᠤᠨ ᠬᠤᠶᠠᠷ ᠤᠳᠠᠭ᠎ᠠ ᠠᠽᠤᠲ ᠪᠤᠷᠳᠤᠭᠤᠷ ᠤᠷᠤᠭᠤᠯᠬᠤ | ᠭᠡᠷᠡᠭᠳᠡᠢ᠃ ᠨᠢᠭᠡᠳᠦᠭᠡᠷ ᠤᠳᠠᠭ᠎ᠠ ᠪᠤᠷᠳᠤᠭᠤᠷ ᠨᠦᠭᠦᠭᠦ ᠳᠤ ᠦᠶᠡᠳᠦᠭᠦ ᠬᠤᠭᠤᠴᠠᠭᠠᠨ ᠳᠤ ᠦᠶ᠎ᠠ ᠨᠢ ᠡᠭᠢᠯᠡᠨ ᠰᠤᠨᠵᠤ᠂ | ᠵᠢᠵᠢᠭ ᠲᠦᠷᠦᠭᠦᠤ ᠨᠢ ᠡᠭᠢᠯᠡᠨ ᠵᠠᠳᠠᠷᠠᠵᠤ᠂ ᠠᠽᠤᠲ ᠡᠳ᠋ ᠤᠨ ᠰᠢᠮ᠎ᠠ ᠭᠦᠷᠳᠡᠭᠦ ᠬᠤᠭᠤᠴᠠᠭᠠᠨ ᠳᠤ ᠰᠢᠮ᠎ᠠ ᠭᠦᠷᠳᠡᠭᠦ ᠨᠢᠭᠡ | ᠤᠳᠠᠭᠠᠨ ᠤ ᠤᠷᠭᠢᠯ ᠦᠶ᠎ᠠ ᠪᠤᠯᠬᠤ 6 ᠳ᠋ᠤᠭᠠᠷ ᠰᠠᠷ᠎ᠠ ᠶᠢᠨ ᠬᠤᠷᠢᠳ ᠤᠨ ᠡᠮᠦᠨᠡᠭᠦᠷ ᠬᠤᠶᠢᠭᠤᠷ ᠲᠤᠬᠠᠶᠢᠯᠠᠪᠠᠯ ᠬᠤᠶᠠᠷᠳᠡᠭᠢ | ᠤᠳᠠᠭ᠎ᠠ ᠠᠷᠴᠢᠠᠠᠰᠠᠨ ᠤ ᠪᠠᠨ ᠰᠡᠭᠦᠯᠡᠷ ᠨᠢᠭᠡ ᠤᠳᠠᠭ᠎ᠠ ᠦᠶᠡᠳᠤᠯ ᠤᠨ ᠪᠤᠷᠳᠤᠭᠤᠷ ᠤᠷᠤᠭᠤᠯᠵᠤ᠂ ᠶᠡᠷᠦᠩᠭᠡᠢ ᠳᠡᠭᠡᠨ ᠮᠤ᠋ | ᠪᠦᠷᠢ 20kg ᠤᠷᠴᠢᠮ ᠤᠨ ᠰᠢᠭᠡᠰᠦᠯᠢᠭ ᠡᠳ᠋ ᠨᠦᠭᠦᠨ ᠤᠷᠤᠭᠤᠯᠤᠨ᠎ᠠ᠂ ᠪᠤᠷᠳᠤᠭᠤᠷ ᠤᠷᠤᠭᠤᠯᠬᠤ ᠳᠠᠭᠠᠨ ᠮᠠᠰᠢᠨ ᠢᠶᠠᠷ | ᠪᠤᠶᠤ ᠭᠦᠮᠦᠨ ᠤ ᠭᠦᠴᠤ ᠪᠠᠷ ᠴᠦᠮ ᠤᠷᠤᠭᠤᠯᠵᠤ ᠪᠤᠯᠤᠨ᠎ᠠ᠃ ᠭᠢᠮᠢ ᠶᠢᠨ ᠪᠤᠷᠳᠤᠭᠤᠷ ᠤᠨ ᠠᠰᠢᠠᠠᠯᠠᠯᠳᠠ ᠶᠢᠨ ᠨᠤᠷᠮ᠎ᠠ ᠶᠢ | ᠲᠡᠭᠡᠭᠰᠢᠯᠡᠭᠦᠯᠭᠦ ᠶᠢᠨ ᠲᠤᠰᠠᠳᠠ ᠵᠤᠷᠠᠭᠠᠯᠠᠨ ᠭᠦᠨ ᠤᠷᠤᠭᠤᠯᠤᠨ᠎ᠠ᠃ ᠮᠠᠰᠢᠨ ᠢᠶᠠᠷ ᠤᠷᠤᠭᠤᠯᠬᠤ ᠳᠠᠭᠠᠨ ᠬᠤᠶᠠᠷᠳᠡᠭᠢ | ᠲᠠᠩᠨᠠᠯᠳᠠ ᠲᠠᠢ ᠤᠶᠠᠯᠳᠤᠭᠤᠯᠤᠨ ᠵᠤᠷᠠᠭᠠᠯᠠᠨ ᠭᠦᠨ ᠤᠷᠤᠭᠤᠯᠤᠨ᠎ᠠ᠃ ᠪᠤᠷᠳᠤᠭᠤᠷ ᠤᠨ ᠰᠢᠮ᠎ᠠ ᠲᠡᠵᠢᠭᠡᠯ ᠨᠢ ᠰᠦᠢᠳᠭᠦ | ᠠᠴᠠ ᠰᠡᠷᠭᠡᠶᠢᠯᠡᠭᠦ ᠶᠢᠨ ᠲᠤᠯᠠᠳᠠ ᠪᠤᠷᠳᠤᠭᠤᠷ ᠢᠶᠠᠨ ᠭᠠᠵᠠᠷ ᠲᠡᠭᠡᠷ᠎ᠠ ᠰᠢᠭᠤᠳ ᠰᠠᠴᠤᠵᠤ ᠪᠤᠯᠬᠤ ᠦᠭᠡᠢ᠃ ᠪᠤᠷᠳᠤᠭᠤᠷ | ᠨᠦᠭᠦᠨ ᠤᠷᠤᠭᠤᠯᠤᠠᠠᠰᠠᠨ ᠤ ᠪᠠᠨ ᠰᠡᠭᠦᠯᠡᠷ ᠰᠢᠷᠤᠢ ᠪᠠᠷ ᠨᠢᠠᠠᠳᠠ ᠲᠠᠷᠤᠨ᠎ᠠ᠃ ᠭᠡᠭᠦ ᠳᠡᠭᠡᠨ ᠭᠢᠮᠢ ᠶᠢᠨ ᠪᠤᠷᠳᠤᠭᠤᠷ ᠨᠢ | ᠦᠷ᠎ᠠ ᠶᠢ ᠰᠢᠳᠠᠭᠠᠬᠤ ᠠᠴᠠ ᠰᠡᠷᠭᠡᠶᠢᠯᠡᠭᠦ ᠭᠡᠷᠡᠭᠳᠡᠢ᠃ ᠬᠤᠶᠠᠷᠳᠡᠭᠢ ᠤᠳᠠᠭ᠎ᠠ ᠨᠢ ᠲᠤᠮᠤ ᠪᠦᠷᠢᠶ᠎ᠠ ᠶᠢᠨ ᠠᠮᠠ ᠲᠠᠢ ᠪᠤᠯᠬᠤ | ᠦᠶ᠎ᠠ ᠳᠤ ᠪᠤᠷᠳᠤᠭᠤᠷ ᠨᠦᠭᠦᠨ᠎ᠠ᠃ ᠪᠠᠷᠤᠭ 7 ᠳ᠋ᠤᠭᠠᠷ ᠰᠠᠷ᠎ᠠ ᠶᠢᠨ ᠲᠤᠮᠳᠡᠴᠢ ᠪᠠᠷ ᠨᠦᠭᠦᠨ᠎ᠠ᠃ ᠡᠨᠡ ᠬᠤᠭᠤᠴᠠᠭ᠎ᠠ ᠪᠤᠯ | ᠡᠷᠳᠡᠨᠢ ᠰᠢᠰᠢ ᠶᠢᠨ ᠤᠰᠤ ᠪᠤᠷᠳᠤᠭᠤᠷ ᠤᠨ ᠵᠠᠭᠠᠠᠠᠳᠤ ᠬᠤᠭᠤᠴᠠᠭ᠎ᠠ᠃ ᠦᠭᠡᠷ᠎ᠡ ᠪᠠᠷ ᠭᠡᠯᠡᠪᠡᠯ ᠡᠷᠳᠡᠨᠢ ᠰᠢᠰᠢ ᠶᠢᠨ | ᠲᠦᠷᠦᠭᠦᠤ ᠶᠢᠨ ᠲᠤᠮᠤ ᠵᠢᠵᠢᠭ᠂ ᠮᠦᠭᠦᠯᠢᠭ ᠤᠨ ᠤᠯᠠᠨ ᠴᠦᠭᠡᠨ ᠢ ᠲᠤᠠᠠᠳᠠᠭᠠᠬᠤ ᠵᠠᠩᠭᠢᠯᠠᠭ᠎ᠠ ᠶᠢᠨ ᠬᠤᠭᠤᠴᠠᠭ᠎ᠠ ᠪᠤᠯᠬᠤ | ᠲᠤᠯᠠ ᠭᠤᠤᠯ ᠨᠢ ᠲᠦᠷᠦᠭᠦᠳᠤᠭᠦᠯᠬᠦ ᠪᠤᠷᠳᠤᠭᠤᠷ ᠤᠷᠤᠭᠤᠯᠤᠨ᠎ᠠ᠃ ᠪᠠᠶᠢᠳᠠᠯ ᠢ ᠦᠵᠡᠨ ᠦᠶᠡᠳᠤᠯ ᠤᠨ ᠤᠰᠤᠯᠠᠯᠳᠠ | ᠭᠢᠵᠤ᠂ ᠤᠰᠤᠯᠠᠯᠳᠠ ᠶᠢ ᠲᠠᠩᠨᠠᠬᠤ ᠪᠠ ᠪᠤᠷᠳᠤᠭᠤᠷ ᠤᠷᠤᠭᠤᠯᠬᠤ ᠲᠠᠢ ᠤᠶᠠᠯᠳᠤᠭᠤᠯᠤᠨ ᠭᠢᠵᠤ᠂ ᠤᠰᠤᠯᠠᠬᠤ ᠭᠡᠮᠵᠢᠶ᠎ᠠ ᠶᠢ | ᠪᠤᠷᠤᠭᠠᠨ ᠤ ᠪᠠᠶᠢᠳᠠᠯ ᠢ ᠦᠵᠡᠨ ᠲᠤᠠᠠᠳᠠᠭᠠᠨ᠎ᠠ᠃ ᠦᠶᠡᠳᠤᠯ ᠤᠨ ᠤᠰᠤ ᠶᠢ ᠭᠡᠳᠦᠷᠭᠡᠢ ᠤᠰᠤᠯᠠᠬᠤ ᠠᠴᠠ ᠭᠢᠴᠢᠶᠡᠵᠤ᠂ | ᠦᠶᠡᠳᠤᠯ ᠤᠨ ᠦᠶ᠎ᠠ ᠳᠡᠭᠡᠨ ᠡᠷᠳᠡᠨᠢ ᠰᠢᠰᠢ ᠨᠢ ᠲᠡᠨᠡᠭ ᠤᠷᠭᠤᠬᠤ ᠠᠴᠠ ᠰᠡᠷᠭᠡᠶᠢᠯᠡᠨ᠎ᠡ᠃ | ᠡᠷᠳᠡᠨᠢ ᠰᠢᠰᠢ ᠶᠢᠨ ᠮᠢᠩ ᠬᠤᠷᠤᠬᠠᠢ ᠪᠤᠯ ᠭᠤᠤᠯ ᠨᠢ ᠡᠷᠳᠡᠨᠢ ᠰᠢᠰᠢ ᠶᠢ ᠭᠦᠨᠦᠭᠡᠵᠤ᠂ ᠶᠠᠷᠦᠩᠭᠡᠢ ᠳᠡᠭᠡᠨ | ᠬᠤᠷᠢᠶᠠᠯᠳᠠ ᠶᠢ 10%~20% ᠪᠠᠷ ᠬᠠᠰᠤᠠᠠᠳᠠᠭᠤᠯᠵᠤ᠂ ᠭᠦᠨᠳᠤ ᠨᠤᠴᠢᠳᠠᠢ ᠵᠢᠯ ᠳᠤ ᠪᠤᠯ ᠬᠤᠷᠢᠶᠠᠯᠳᠠ ᠶᠢ 30% | ᠬᠠᠰᠤᠠᠠᠳᠠᠭᠤᠯᠳᠠᠭ᠃ ᠮᠢᠩ ᠬᠤᠷᠤᠬᠠᠢ ᠶᠢ ᠰᠡᠷᠭᠡᠶᠢᠯᠡᠭᠦ ᠳᠤ ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠭᠦ᠂ ᠠᠮᠢᠳᠤ | ᠪᠤᠳᠠᠰ ᠤᠨ ᠠᠷᠭ᠎ᠠ ᠪᠠᠷ ᠰᠡᠷᠭᠡᠶᠢᠯᠡᠭᠦ᠂ ᠹᠢᠽᠢᠺ ᠤᠨ ᠠᠷᠭ᠎ᠠ ᠪᠠᠷ ᠰᠡᠷᠭᠡᠶᠢᠯᠡᠭᠦ ᠪᠡ ᠭᠢᠮᠢ ᠶᠢᠨ ᠠᠷᠭ᠎ᠠ ᠪᠠᠷ ᠰᠡᠷᠭᠡᠶᠢᠯᠡᠭᠦ ᠵᠡᠷᠭᠡ | ᠠᠷᠭ᠎ᠠ ᠭᠡᠮᠵᠢᠶ᠎ᠠ ᠪᠠᠶᠢᠨ᠎ᠠ᠃ ᠮᠦᠭᠦᠯᠢᠭᠳᠦ ᠡᠮ ᠢ ᠴᠢᠳᠬᠤᠬᠤ ᠪᠤᠯ ᠲᠦᠭᠦᠮ ᠮᠦᠷᠳᠡᠭᠡᠨ ᠭᠡᠷᠡᠭᠵᠢᠭᠦᠯᠦᠭᠦᠰᠢᠳᠡᠢ ᠠᠷᠭ᠎ᠠ | ᠮᠦᠨ ᠪᠦᠭᠡᠳ ᠮᠠᠰᠢ ᠰᠠᠶᠢᠨ ᠦᠷ᠎ᠠ ᠪᠦᠳᠦᠮᠵᠢ ᠲᠠᠢ ᠪᠠᠶᠢᠳᠠᠭ᠃ ᠲᠤᠬᠠᠶᠢᠯᠠᠪᠠᠯ ᠡᠷᠳᠡᠨᠢ ᠰᠢᠰᠢ ᠶᠢᠨ ᠪᠦᠷᠢᠶ᠎ᠠ ᠶᠢᠨ ᠠᠮᠠ | ᠲᠠᠢ ᠪᠤᠯᠬᠤ ᠦᠶ᠎ᠠ ᠳᠤ ᠲᠤᠬᠠᠶᠢᠯᠠᠪᠠᠯ 7 ᠳ᠋ᠤᠭᠠᠷ ᠰᠠᠷ᠎ᠠ ᠶᠢᠨ ᠡᠭᠢ ᠪᠠᠷ ᠨᠠᠪᠴᠢᠨ ᠳᠤᠨᠢ ᠴᠢᠳᠬᠤᠵᠤ᠂ ᠰᠠᠭᠤᠷᠢ ᠪᠦᠷᠢ | 2g᠂ ᠶᠠᠷᠦᠩᠭᠡᠢ ᠳᠡᠭᠡᠨ ᠮᠤ᠋ ᠪᠦᠷᠢ 10kg ᠤᠷᠴᠢᠮ ᠭᠡᠷᠡᠭᠯᠡᠨ᠎ᠡ᠃ ᠮᠢᠩ ᠬᠤᠷᠤᠬᠠᠢ ᠶᠢ ᠰᠡᠷᠭᠡᠶᠢᠯᠡᠭᠦ ᠳᠤ ᠨᠢᠭᠡᠳᠦᠯᠳᠡᠢ | ᠰᠡᠷᠭᠡᠶᠢᠯᠡᠭᠦ ᠵᠠᠷᠴᠢᠮ ᠢ ᠪᠠᠷᠢᠮᠳᠠᠯᠠᠵᠤ᠂ ᠦᠨᠳᠤᠷ ᠬᠤᠷᠢᠶᠠᠯᠳᠠ ᠲᠠᠢ ᠦᠯᠢᠭᠡᠷ ᠭᠡᠪ ᠤᠨ ᠭᠠᠵᠠᠷ ᠲᠠᠯᠠᠪᠠᠢ ᠶᠢᠨ ᠡᠷᠭᠢᠨ | ᠲᠤᠭᠤᠷᠢᠨ ᠤ ᠡᠷᠳᠡᠨᠢ ᠰᠢᠰᠢ ᠶᠢᠨ ᠲᠠᠷᠢᠶ᠎ᠠ ᠳᠤ ᠴᠦᠮ ᠭᠢᠨᠠᠮᠠᠭᠠᠢ ᠰᠡᠷᠭᠡᠶᠢᠯᠡᠭᠦ ᠭᠡᠷᠡᠭᠳᠡᠢ᠃ | ᠦᠨᠳᠤᠷ ᠬᠤᠷᠢᠶᠠᠯᠳᠠᠳᠤ ᠦᠯᠢᠭᠡᠷ ᠭᠡᠪ ᠤᠨ ᠲᠠᠷᠢᠶᠠᠨ ᠤ ᠡᠷᠳᠡᠨᠢ ᠰᠢᠰᠢ ᠲᠠᠷᠢᠬᠤ ᠨᠢᠠᠠᠳᠠᠴᠠ ᠨᠢ ᠨᠡᠯᠢᠶᠡᠳ ᠶᠡᠭᠡ | ᠪᠠᠶᠢᠵᠤ᠂ ᠪᠠᠶᠢᠭᠠᠯᠢ ᠶᠢᠨ ᠠᠭᠤᠷ ᠠᠮᠢᠰᠬᠤᠯ ᠤᠨ ᠭᠡᠪ ᠤᠨ ᠪᠤᠰᠤ ᠪᠠᠶᠢᠳᠠᠯ ᠲᠤᠤᠷ᠎ᠠ ᠤᠷᠭᠤᠮᠠᠯ ᠨᠢ ᠠᠮᠠᠷᠬᠠᠨ ᠨᠠᠯᠠᠵᠤ | ᠤᠨᠠᠳᠠᠭ ᠪᠤᠯᠬᠤᠷ ᠰᠡᠷᠭᠡᠶᠢᠯᠡᠯᠳᠡ ᠶᠢᠨ ᠠᠷᠭ᠎ᠠ ᠭᠡᠮᠵᠢᠶ᠎ᠠ ᠠᠪᠤᠪᠠᠯ ᠡᠷᠳᠡᠨᠢ ᠰᠢᠰᠢ ᠶᠢᠨ ᠶᠡᠭᠡ ᠭᠡᠮᠵᠢᠶ᠎ᠠ ᠪᠠᠷ ᠨᠠᠯᠡᠵᠤ | ᠤᠨᠠᠬᠤ ᠶᠢ ᠨᠢ ᠪᠦᠳᠦᠮᠵᠢᠳᠡᠢ ᠪᠠᠷ ᠰᠡᠷᠭᠡᠶᠢᠯᠡᠵᠤ ᠴᠢᠳᠠᠨ᠎ᠠ᠃ ᠡᠷᠳᠡᠨᠢ ᠰᠢᠰᠢ 6~11 ᠨᠠᠪᠴᠢᠯᠠᠬᠤ ᠦᠶᠡᠰ ᠲᠠᠩ ᠮᠤ᠋ ︵ | 汤姆︶᠂ ᠷᠦᠢ ᠲᠧ ︵瑞特︶ ᠵᠡᠷᠭᠡ ᠡᠷᠳᠡᠨᠢ ᠰᠢᠰᠢ ᠶᠢ ᠢᠳᠡᠷᠡᠵᠢᠭᠦᠯᠬᠦ ᠡᠳ᠋ ᠪᠤᠶᠤ ᠺᠠᠩ ᠫᠦ᠋ ︵康普︶ | 6 ᠨᠤᠮᠧᠷᠳᠤ ᠶᠢ ᠰᠦᠷᠴᠢᠪᠡᠯ᠂ ᠤᠷᠭᠤᠮᠠᠯ ᠤᠨ ᠲᠠᠵᠢᠭᠡᠯᠳᠤ ᠦᠰᠦᠯᠳᠡ ᠶᠢ ᠬᠤᠷᠢᠠᠠᠯᠠᠵᠤ᠂ ᠡᠯᠪᠡᠭ ᠬᠤᠷᠢᠶᠠᠯᠳᠠ ᠶᠢᠨ | ᠰᠠᠭᠤᠷᠢ ᠶᠢᠨ ᠭᠡᠯᠪᠡᠷᠢ ᠶᠢ ᠪᠤᠢ ᠪᠤᠯᠭᠠᠵᠤ ᠪᠤᠯᠤᠨ᠎ᠠ᠃ ᠭᠡᠷᠪᠡ ᠲᠠᠷᠢᠶᠠᠨ ᠳᠠᠬᠢ ᠤᠰᠤ ᠪᠤᠷᠳᠤᠭᠤᠷ ᠭᠡᠳᠦᠷᠭᠡᠢ ᠠᠬᠠᠳ᠋ᠬᠠᠰᠠᠨ | ᠪᠤᠯ ᠦᠷᠭᠦᠯᠵᠢᠯᠡᠨ ᠬᠤᠶᠠᠷ ᠤᠳᠠᠭ᠎ᠠ ᠰᠦᠷᠴᠢᠵᠤ ᠪᠤᠯᠤᠨ᠎ᠠ᠃ | 9. ᠰᠡᠭᠦᠯᠴᠢ ᠶᠢᠨ ᠬᠤᠭᠤᠴᠠᠭᠠᠨ ᠳᠤᠨᠢ ᠶᠠᠭᠠᠭᠢᠵᠤ ᠠᠷᠠᠴᠢᠯᠠᠬᠤ ᠪᠤᠢ︖ | ᠲᠦᠷᠦᠭᠦᠤ ᠪᠦᠭᠡᠯᠵᠢᠭᠦ ᠠᠴᠠ ᠠᠪᠤᠭᠠᠳ ᠪᠤᠯᠪᠠᠰᠤᠷᠠᠬᠤ ᠬᠤᠭᠤᠴᠠᠭ᠎ᠠ ᠪᠤᠯ ᠰᠡᠭᠦᠯᠴᠢ ᠶᠢᠨ ᠬᠤᠭᠤᠴᠠᠭ᠎ᠠ ᠪᠤᠯᠤᠨ᠎ᠠ᠃ | ᠪᠠᠰᠠ ᠴᠡᠴᠡᠭᠯᠡᠨ ᠦᠷᠡᠯᠡᠭᠦ ᠬᠤᠭᠤᠴᠠᠭ᠎ᠠ ᠭᠡᠳᠡᠭ᠃ ᠡᠷᠳᠡᠨᠢ ᠰᠢᠰᠢ ᠨᠢ ᠴᠡᠴᠡᠭ ᠲᠡᠯᠭᠡᠷᠡᠨ ᠲᠤᠭᠤᠰᠤᠳᠤᠬᠤ ᠪᠠ ᠦᠷᠡᠯᠡᠭᠦ | ᠬᠤᠭᠤᠴᠠᠭ᠎ᠠ ᠪᠤᠯᠤᠨ᠎ᠠ᠃ 7 ᠳ᠋ᠤᠭᠠᠷ ᠰᠠᠷ᠎ᠠ ᠶᠢᠨ ᠰᠡᠭᠦᠯᠴᠢ ᠠᠴᠠ 9 ᠳ᠋ᠤᠭᠡᠷ ᠰᠠᠷ᠎ᠠ ᠶᠢᠨ ᠰᠡᠭᠦᠯᠴᠢ ᠪᠤᠯᠳᠠᠯᠠᠭᠢ ᠪᠠᠷᠤᠭ 2 | ᠰᠠᠷ᠎ᠠ ᠶᠢᠨ ᠬᠤᠭᠤᠴᠠᠭ᠎ᠠ ᠪᠤᠯᠤᠨ᠎ᠠ᠃ ᠡᠷᠳᠡᠨᠢ ᠰᠢᠰᠢ ᠶᠢᠨ ᠨᠠᠪᠴᠢ ᠨᠢ ᠪᠦᠭᠦᠨ ᠢᠶᠠᠷ ᠢᠶᠠᠨ ᠲᠡᠯᠭᠡᠷᠡᠵᠤ᠂ ᠭᠤᠤᠯ | ᠤᠷᠭᠤᠯᠳᠠ ᠶᠢᠨ ᠡᠷᠭᠡᠳᠡᠨ ᠨᠢ ᠦᠷ᠎ᠡ ᠮᠦᠭᠦᠯᠢᠭ ᠪᠤᠯᠬᠤ ᠡᠷᠳᠡᠨᠢ ᠰᠢᠰᠢ ᠶᠢᠨ ᠦᠷᠡᠵᠢᠯ ᠤᠨ ᠦᠰᠦᠯᠳᠡ ᠶᠢᠨ ᠱᠠᠳᠤ ᠦᠶ᠎ᠠ | ᠪᠤᠯᠤᠨ᠎ᠠ᠃ ᠡᠨᠡ ᠬᠤᠭᠤᠴᠠᠭᠠᠨ ᠳᠠᠬᠢ ᠠᠷᠠᠴᠢᠯᠠᠯᠳᠠ ᠬᠠᠮᠢᠶᠠᠷᠤᠯᠳᠠ ᠶᠢᠨ ᠭᠤᠤᠯ ᠡᠭᠦᠷᠭᠡ ᠪᠤᠯ ᠲᠤᠭᠤᠰᠤᠳᠤᠨ ᠦᠷᠡᠯᠡᠭᠦ | ᠳᠤ ᠰᠠᠶᠢᠨ ᠰᠠᠶᠢᠬᠠᠨ ᠤᠷᠴᠢᠨ ᠨᠦᠭᠦᠴᠡᠯ ᠢ ᠪᠤᠢ ᠪᠤᠯᠭᠠᠨ ᠦᠭᠴᠤ᠂ ᠦᠷ᠎ᠡ ᠮᠦᠭᠦᠯᠢᠭ ᠢ ᠨᠢ ᠴᠠᠳᠬᠤᠯᠠᠩ ᠪᠦᠭᠡᠳ | ᠭᠦᠨᠳᠤ ᠶᠢ ᠨᠢ ᠨᠡᠮᠡᠭᠳᠡᠭᠦᠯᠭᠦ ᠶᠠᠪᠤᠳᠠᠯ ᠪᠤᠯᠤᠨ᠎ᠠ᠃ ᠭᠤᠤᠯ ᠠᠷᠭ᠎ᠠ ᠭᠢᠳᠡᠯ ᠭᠡᠪᠡᠯ ᠦᠨᠳᠤᠰᠤᠨ ᠤ ᠭᠠᠳᠠᠨ᠎ᠠ ᠨᠢ ᠪᠤᠷᠳᠤᠭᠤᠷ | ᠨᠦᠭᠦᠭᠦ ᠪᠡ ᠡᠷ᠎ᠡ ᠲᠦᠷᠦᠭᠦᠤ ᠶᠢ ᠠᠪᠴᠤ ᠬᠠᠶᠠᠬᠤ ᠶᠠᠪᠤᠳᠠᠯ ᠪᠤᠯᠤᠨ᠎ᠠ᠃ ᠦᠢᠯᠡᠳᠪᠤᠷᠢᠯᠡᠯ ᠤᠨ ᠲᠠᠯ᠎ᠠ ᠪᠠᠷ ᠡᠷ᠎ᠡ | ᠲᠦᠷᠦᠭᠦᠤ ᠶᠢ ᠨᠢ ᠠᠪᠴᠤ ᠬᠠᠶᠠᠬᠤ ᠮᠡᠷᠭᠡᠵᠢᠯ ᠨᠢ ᠤᠷᠤᠢ ᠶᠢᠨ ᠭᠡᠰᠡᠭ ᠤᠨ ᠲᠠᠪᠠᠭᠤᠯᠢᠭ ᠢ ᠪᠦᠳᠦᠮᠵᠢᠳᠡᠢ ᠪᠠᠷ | ᠪᠠᠭᠤᠷᠠᠭᠤᠯᠵᠤ᠂ ᠡᠷ᠎ᠡ ᠲᠦᠷᠦᠭᠦᠤ ᠨᠢ ᠡᠮ᠎ᠡ ᠲᠦᠷᠦᠭᠦᠤ ᠶᠢ ᠭᠢᠵᠠᠭᠠᠷᠯᠠᠬᠤ ᠶᠢ ᠪᠠᠭᠠᠰᠬᠠᠵᠤ᠂ ᠰᠢᠮ᠎ᠠ ᠲᠡᠵᠢᠭᠡᠯ ᠤᠨ | ᠵᠤᠭᠢᠰᠳᠡᠢ ᠬᠤᠪᠢᠶᠠᠷᠢᠯᠠᠯ ᠢ ᠲᠤᠭᠢᠷᠠᠭᠤᠯᠵᠤ᠂ ᠬᠤᠭᠤᠰᠤᠨ ᠡᠰᠢᠯᠡᠭᠦ ᠨᠤᠷᠮ᠎ᠠ ᠶᠢ ᠪᠠᠭᠤᠷᠠᠭᠤᠯᠳᠠᠭ᠃ ᠡᠷ᠎ᠡ ᠲᠦᠷᠦᠭᠦᠤ | ᠦᠵᠦᠬᠦᠷᠯᠡᠭᠦ ᠦᠶᠡᠰ᠂ ᠮᠦᠷ ᠠᠯᠤᠰᠯᠠᠬᠤ ᠪᠠ ᠰᠠᠭᠤᠷᠢ ᠠᠯᠤᠰᠯᠠᠨ ᠡᠷ᠎ᠡ ᠲᠦᠷᠦᠭᠦᠤ ᠶᠢ ᠠᠪᠴᠤ ᠬᠠᠶᠠᠬᠤ ᠭᠡᠷᠡᠭᠳᠡᠢ᠂ | ᠲᠡᠭᠡᠭᠦ ᠳᠡᠭᠡᠨ ᠴᠢᠳᠠᠪᠤᠷᠢᠳᠤ ᠨᠠᠪᠴᠢ ᠶᠢ ᠠᠪᠴᠤ ᠬᠠᠶᠠᠬᠤ ᠠᠴᠠ ᠭᠢᠴᠢᠶᠡᠭᠦ ᠭᠡᠷᠡᠭᠳᠡᠢ᠃ ᠡᠷ᠎ᠡ ᠲᠦᠷᠦᠭᠦᠤ ᠶᠢ ᠠᠪᠤᠠᠠᠰᠠᠨ ᠤ | ᠪᠡᠨᠲ᠋ᠠᠷᠠᠭᠠ ᠪᠦᠭᠦ ᠲᠠᠷᠢᠶᠠᠨ ᠳᠠᠭᠠᠨ ᠬᠠᠭᠠᠰ ᠰᠢᠬᠠᠮ ᠤᠨ ᠡᠷ᠎ᠡ ᠲᠦᠷᠦᠭᠦᠤ ᠶᠢ ᠦᠯᠡᠳᠡᠭᠡᠭᠦ ᠭᠡᠷᠡᠭᠳᠡᠢ᠃ | ᠲᠤᠭᠤᠰᠤᠳᠤᠠᠠᠰᠠᠨ ᠤ ᠰᠡᠭᠦᠯᠡᠷ ᠦᠯᠡᠳᠡᠭᠰᠡᠨ ᠨᠦᠭᠦᠭᠡ ᠬᠠᠭᠠᠰ ᠡᠷ᠎ᠡ ᠲᠦᠷᠦᠭᠦᠤ ᠶᠢ ᠲᠠᠭᠢᠨ ᠠᠪᠴᠤ ᠬᠠᠶᠠᠵᠤ᠂ ᠰᠢᠮ᠎ᠠ | ᠲᠡᠵᠢᠭᠡᠯ ᠤᠨ ᠬᠤᠷᠤᠠᠠᠳᠠᠯ ᠢ ᠪᠠᠭᠠᠰᠬᠠᠵᠤ᠂ ᠦᠷ᠎ᠡ ᠮᠦᠭᠦᠯᠢᠭ ᠤᠨ ᠭᠦᠨᠳᠤ ᠶᠢ ᠲᠡᠭᠡᠭᠰᠢᠯᠡᠭᠦᠯᠭᠦ ᠭᠡᠷᠡᠭᠳᠡᠢ᠃ | ᠡᠨᠡ ᠬᠦ ᠬᠤᠭᠤᠴᠠᠭᠠᠨ ᠳᠤ ᠭᠡᠷᠪᠡ ᠭᠠᠩ ᠬᠠᠭᠰᠠᠷᠠᠭᠠᠨ ᠲᠠᠢ ᠪᠤᠯᠪᠠᠯ ᠬᠤᠶᠠᠷ ᠠᠴᠠ ᠭᠤᠷᠪᠡ ᠤᠳᠠᠭ᠎ᠠ ᠤᠰᠤᠯᠠᠬᠤ | ᠭᠡᠷᠡᠭᠳᠡᠢ᠃ ᠡᠷᠳᠡᠨᠢ ᠰᠢᠰᠢ ᠶᠢᠨ ᠴᠡᠴᠡᠭᠯᠡᠨ ᠦᠷᠡᠯᠡᠭᠦ ᠬᠤᠭᠤᠴᠠᠭ᠎ᠠ ᠳᠤ ᠴᠠᠭ ᠲᠠᠷᠤᠢ ᠳᠤᠨᠢ ᠤᠰᠤᠯᠠᠬᠤ ᠪᠤᠯ ᠡᠷᠳᠡ | ᠦᠳᠡᠯᠭᠦ ᠶᠢ ᠨᠢ ᠰᠡᠷᠭᠡᠶᠢᠯᠡᠭᠦ ᠵᠠᠩᠭᠢᠯᠠᠭ᠎ᠠ ᠪᠤᠯᠤᠨ᠎ᠠ᠃ ᠪᠤᠷᠳᠤᠭᠤᠷ ᠲᠤᠳ᠋ᠬᠠᠳᠠᠵᠤ ᠪᠠᠶᠢᠭ᠎ᠠ ᠭᠠᠵᠠᠷ ᠭᠡᠰᠡᠭ ᠲᠤ ᠪᠠᠶᠢᠳᠠᠯ ᠢ | ᠦᠵᠡᠨ ᠮᠦᠭᠦᠯᠢᠭ ᠪᠤᠷᠳᠤᠭᠤᠷ ᠤᠷᠤᠭᠤᠯᠵᠤ᠂ ᠪᠠᠰᠠ ᠬᠤᠶᠠᠳᠤᠭᠠᠷ ᠦᠶ᠎ᠠ ᠶᠢᠨ ᠮᠢᠩ ᠬᠤᠷᠤᠬᠠᠢ ᠪᠠ ᠭᠤᠷᠪᠡᠳᠤᠭᠠᠷ | ᠦᠶ᠎ᠠ ᠶᠢᠨ ᠲᠠᠪᠤᠨ ᠵᠢᠷᠤᠭᠠᠳᠤ ᠬᠤᠷᠤᠬᠠᠢ ᠶᠢ ᠰᠡᠷᠭᠡᠶᠢᠯᠡᠭᠦ ᠭᠡᠷᠡᠭᠳᠡᠢ᠃ | 10. ᠲᠡᠭᠦᠵᠤ ᠬᠤᠷᠢᠶᠠᠬᠤ ᠳᠤ ᠶᠠᠭᠤ ᠶᠢ ᠠᠩᠬᠠᠷᠬᠤ ᠪᠤᠢ︖ | ᠡᠷᠳᠡᠨᠢ ᠰᠢᠰᠢ ᠶᠢᠨ ᠭᠡᠪ ᠤᠨ ᠪᠤᠯᠪᠠᠰᠤᠷᠠᠯᠳᠠ ᠶᠢ ᠪᠠᠳᠤᠯᠠᠵᠤ᠂ ᠭᠢᠷᠠᠭᠤ ᠶᠢᠨ ᠬᠤᠭᠤᠴᠠᠭᠠᠨ ᠤ ᠵᠦᠪᠰᠢᠶᠡᠷᠡᠭᠦ | ᠨᠦᠭᠦᠴᠡᠯ ᠲᠤᠤᠷ᠎ᠠ᠂ ᠲᠤᠭᠢᠳᠠᠶᠢᠬᠠᠨ ᠤᠷᠤᠢ ᠰᠢᠬ ᠬᠤᠷᠢᠶᠠᠨ᠎ᠠ᠂ ᠡᠷᠳᠡ ᠬᠤᠷᠢᠶᠠᠬᠤ ᠶᠢ ᠴᠡᠭᠡᠷᠯᠡᠨ᠎ᠠ᠃ ᠶᠠᠷᠦᠩᠭᠡᠢ ᠳᠡᠭᠡᠨ | 9 ᠳ᠋ᠤᠭᠡᠷ ᠰᠠᠷ᠎ᠠ ᠶᠢᠨ ᠡᠴᠦᠰ᠂ 10 ᠳ᠋ᠤᠭᠠᠷ ᠰᠠᠷ᠎ᠠ ᠶᠢᠨ ᠡᠭᠢ ᠪᠠᠷ ᠲᠡᠭᠦᠵᠤ ᠬᠤᠷᠢᠶᠠᠨ᠎ᠠ᠃ |