ᠲᠠᠷᠢᠶᠠᠯᠠᠬᠤ ᠮᠠᠯᠵᠢᠬᠤ ᠣᠷᠣᠨ ᠤ ᠰᠢᠯᠵᠢᠭᠰᠡᠨ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢ | ᠠᠬᠢᠭᠤᠯᠵᠤ᠂ ᠰᠢᠯᠵᠢᠭᠰᠡᠨ ᠬᠥᠳᠡᠯᠮᠦᠷᠢ ᠬᠦᠴᠦ ᠶᠢᠨ ︽ᠥᠨᠳᠥᠷ ᠬᠦᠴᠦ ᠲᠠᠮᠢᠷ᠂ ᠳᠣᠣᠷ᠎ᠠ ᠲᠣᠭᠲᠠᠭᠤᠨ ᠪᠠᠶᠢᠬᠤ︾ | ᠠᠵᠢᠯ ᠤᠨ ᠪᠠᠶᠢᠳᠠᠯ ᠢ ᠬᠤᠪᠢᠷᠠᠭᠤᠯᠵᠤ᠂ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠡᠩᠨᠡᠭᠡ ᠶᠢ ᠬᠥᠮᠦᠵᠢᠭᠦᠯᠬᠦ ᠪᠠ ᠪᠦᠲᠦᠭᠡᠨ ᠪᠠᠶᠢᠭᠤᠯᠬᠤ ᠶᠢᠨ ᠲᠤᠰᠠᠳᠠ᠂ ᠤᠷᠳᠤᠰ ᠬᠤᠳᠠ ᠶᠢᠨ ᠠᠵᠢᠯ ᠣᠯᠭᠤᠬᠤ | ᠲᠣᠪᠴᠢᠶ᠎ᠠ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠰᠢᠯᠵᠢᠭᠦᠯᠦᠨ ᠠᠵᠢᠯ ᠣᠯᠭᠤᠬᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠬᠦᠴᠦᠲᠡᠶ ᠠᠳᠬᠤᠵᠤ᠂ ᠰᠢᠯᠵᠢᠭᠰᠡᠨ ᠬᠥᠳᠡᠯᠮᠦᠷᠢ ᠬᠦᠴᠦᠨ ᠤ | ᠶᠡᠷᠦᠩᠬᠡᠶᠢᠯᠡᠭᠰᠡᠨ ᠬᠡᠪ ᠴᠢᠨᠠᠷ ᠢ ᠦᠨᠡᠨᠬᠦ ᠳᠡᠭᠡᠭᠰᠢᠯᠡᠭᠦᠯᠵᠦ᠂ ᠲᠡᠳᠡᠨᠡᠷ ᠤᠨ ᠠᠵᠢᠯ ᠤᠯᠬᠤ ᠴᠢᠳᠠᠪᠤᠷᠢ ᠶᠢ | ᠳᠡᠭᠡᠭᠰᠢᠯᠡᠭᠦᠯᠪᠡ᠃ | ᠨᠢᠭᠡ ᠳᠤ ᠪᠣᠯᠪᠠᠰᠤᠷᠠᠭᠤᠯᠬᠤ ᠬᠡᠪᠴᠢᠶ᠎ᠡ ᠶᠢ ᠥᠷᠭᠡᠳᠬᠡᠪᠡ᠃ ᠲᠤᠰ ᠲᠣᠪᠴᠢᠶ᠎ᠠ ᠪᠦᠬᠦ ᠬᠤᠳᠠ ᠶᠢᠨ | ᠠᠵᠢᠯᠴᠢᠨ ᠬᠡᠷᠡᠭᠯᠡᠬᠦ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠪᠣᠯᠪᠠᠰᠤᠷᠠᠭᠤᠯᠬᠤ ᠡᠲᠡᠭᠡᠳ ᠤᠨ ᠬᠡᠪᠴᠢᠶ᠎ᠡ ᠶᠢ | ᠥᠷᠭᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠤ ᠲᠣᠲᠣᠷᠠᠬᠢ ᠰᠢᠯᠵᠢᠬᠦ | ᠰᠠᠨᠠᠭ᠎ᠠ ᠲᠠᠢ ᠮᠥᠷᠲᠡᠭᠡᠨ ᠠᠵᠢᠯ ᠤᠯᠬᠤ ᠴᠢᠳᠠᠪᠤᠷᠢ ᠲᠠᠢ ᠬᠥᠳᠡᠯᠮᠦᠷᠢ ᠶᠢᠨ ᠬᠦᠴᠦ ᠪᠤᠶᠤ ᠨᠢᠭᠡᠨᠲᠡ ᠬᠤᠲᠠᠨ ᠳᠤ | ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦ᠂ ᠠᠩᠬ᠎ᠠ ᠪᠠ | ᠦᠨᠳᠦᠷ ᠳᠤᠮᠳᠠᠳᠤ ᠰᠤᠷᠭᠠᠭᠤᠯᠢ ᠲᠡᠭᠦᠰᠦᠭᠰᠡᠳ ᠰᠤᠷᠭᠠᠭᠤᠯᠢ ᠳᠡᠪᠰᠢᠭᠰᠡᠨ ᠤᠢᠭᠡᠢ ᠬᠥᠮᠦᠨ᠂ ᠬᠥᠳᠡᠭᠡ | ᠲᠣᠰᠬᠤᠨ ᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠪᠠ ᠪᠤᠰᠤᠳ ᠬᠥᠳᠡᠭᠡ ᠲᠣᠰᠬᠤᠨ ᠤ | ᠰᠢᠨ᠎ᠡ ᠪᠠᠷ ᠪᠤᠢ ᠪᠣᠯᠣᠭᠰᠠᠨ ᠬᠥᠳᠡᠯᠮᠦᠷᠢ ᠬᠦᠴᠦᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠬᠢᠵᠦ᠂ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠢ ᠰᠢᠯᠵᠢᠭᠦᠯᠦᠨ ᠠᠵᠢᠯ ᠣᠯᠭᠤᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃ | ᠬᠤᠶᠠᠷ ᠲᠤ ᠪᠣᠯᠪᠠᠰᠤᠷᠠᠭᠤᠯᠤᠯ ᠤᠨ ᠠᠭᠤᠯᠭ᠎ᠠ ᠶᠢ ᠨᠠᠷᠢᠨ ᠰᠣᠩᠭᠤᠪᠠ᠃ ᠪᠦᠬᠦ ᠬᠤᠲᠠ ᠶᠢᠨ ᠠᠵᠢᠯ | ᠣᠯᠭᠤᠯᠲᠠ ᠶᠢᠨ ᠣᠷᠴᠢᠨ ᠲᠣᠭᠤᠷᠢᠨ ᠳᠤ ᠨᠡᠩ ᠰᠠᠶᠢᠨ ᠵᠣᠬᠢᠴᠠᠭᠤᠯᠵᠤ᠂ ᠪᠣᠯᠪᠠᠰᠤᠷᠠᠭᠤᠯᠤᠯ ᠤᠨ ᠪᠣᠳᠠᠲᠤ ᠦᠷ᠎ᠡ | ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠲᠤᠰ ᠲᠣᠪᠴᠢᠶ᠎ᠠ ᠨᠢ ᠭᠤᠣᠯᠳᠠᠭᠤ ᠢᠳᠡᠭᠡᠨ ᠤᠮᠳᠠᠭᠠᠨ᠂ | ᠪᠠᠭᠤᠳᠠᠯ ᠤᠨ ᠦᠢᠯᠡᠴᠢᠯᠡᠭᠡ᠂ ᠵᠢᠯᠣᠭᠤᠴᠢ᠂ ᠵᠢᠰᠦ ᠭᠤᠶᠣᠯᠠᠬᠤ ᠦᠰᠦ ᠵᠠᠰᠠᠬᠤ᠂ ᠰᠠᠷ᠎ᠠ ᠳᠤ ᠰᠠᠭᠤᠭᠴᠢ ᠳᠤ | ᠦᠢᠯᠡᠴᠢᠯᠡᠭᠴᠢ᠂ ᠨᠡᠶᠢᠭᠡᠮ ᠲᠣᠭᠤᠷᠢᠭ ᠤᠨ ᠬᠠᠷᠠᠭᠠᠯᠵᠠᠯ ᠦᠢᠯᠡᠴᠢᠯᠡᠭᠡ᠂ ᠮᠠᠯ ᠤᠨᠤᠭ᠎ᠠ ᠲᠡᠵᠢᠭᠡᠨ ᠦᠷᠡᠵᠢᠭᠦᠯᠬᠦ᠂ | ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠮᠡᠷᠭᠡᠵᠢᠯ ᠤᠨ ᠴᠢᠳᠠᠪᠤᠷᠢ ᠵᠡᠷᠭᠡ ᠵᠠᠬ᠎ᠠ ᠳᠡᠯᠭᠡᠭᠦᠷ ᠲᠠᠬᠢ | ᠢᠷᠡᠭᠡᠳᠦᠶ ᠶᠢᠨ ᠲᠥᠯᠥᠪ ᠰᠠᠶᠢᠲᠠᠶ᠂ ᠠᠵᠢᠯ ᠣᠯᠭᠤᠯᠲᠠ ᠶᠢᠨ ᠨᠤᠷᠮ᠎ᠠ ᠥᠨᠳᠥᠷ ᠠᠵᠢᠯ ᠲᠥᠷᠥᠯ ᠳᠤ | ᠪᠣᠯᠪᠠᠰᠤᠷᠠᠭᠤᠯᠤᠯ ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠭᠤᠯᠲᠠ ᠶᠢ ᠨᠡᠩ ᠰᠠᠶᠢᠲᠤᠷ | ᠠᠬᠢᠭᠤᠯᠪᠠ᠃ | ᠭᠤᠷᠪᠠ ᠳᠤ᠂ ᠪᠣᠯᠪᠠᠰᠤᠷᠠᠭᠤᠯᠤᠯ ᠤᠨ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠪᠡ᠃ ᠮᠠᠯᠴᠢᠨ | ᠲᠠᠷᠢᠶᠠᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠳᠠᠭᠠᠭᠠᠴᠢᠯᠠᠯᠲᠠ ᠵᠠᠷᠯᠠᠬᠤ ᠠᠷᠭ᠎ᠠ | ᠮᠠᠶ᠋ᠢᠭ ᠢᠶᠠᠷ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠭᠲᠠᠭᠠᠪᠠ᠃ ᠡᠯ᠎ᠡ ᠬᠤᠰᠢᠭᠤ ᠲᠣᠭᠤᠷᠢᠭ ᠤᠨ | ᠬᠥᠳᠡᠯᠮᠦᠷᠢ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠰᠢᠭᠤᠳ ᠬᠠᠷᠢᠶ᠎ᠠ ︵ | ᠬᠠᠮᠢᠶᠠᠷᠤᠯᠲᠠ ᠶᠢᠨ︶ ᠬᠥᠮᠦᠵᠢᠯ ᠪᠣᠯᠪᠠᠰᠤᠷᠠᠭᠤᠯᠤᠯ ᠤᠨ ᠪᠠᠶᠢᠭᠤᠯᠤᠮᠵᠢ ᠪᠤᠶᠤ ᠬᠥᠳᠡᠯᠮᠦᠷᠢ ᠶᠢᠨ ᠪᠠᠲᠤᠯᠠᠭ᠎ᠠ ᠶᠢᠨ | ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠪᠤᠰᠤᠳ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠮᠠᠯᠴᠢᠨ | ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠬᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ | ᠥᠷᠨᠢᠭᠦᠯᠪᠡ᠃ ᠪᠣᠯᠪᠠᠰᠤᠷᠠᠯ ᠨᠢ ᠲᠥᠪᠯᠡᠷᠡᠭᠦᠯᠦᠨ ᠨᠢᠭᠤᠷᠳᠠᠨ ᠵᠢᠭᠠᠬᠤ ᠪᠠᠷ ᠭᠤᠣᠯ ᠪᠣᠯᠭᠠᠵᠤ᠂ ᠲᠤᠰᠬᠠᠶ | ᠮᠡᠷᠭᠡᠵᠢᠯ ᠤᠨ ᠬᠥᠮᠥᠰ ᠬᠢᠴᠢᠶᠡᠯᠯᠡᠵᠦ᠂ ᠴᠠᠬᠢᠯᠭᠠᠨᠴᠢᠯᠠᠭᠰᠠᠨ ᠵᠢᠭᠠᠨ ᠰᠤᠷᠭᠠᠯᠲᠠ ᠶᠢ ᠠᠪᠤᠪᠠ᠃ ᠮᠠᠯᠴᠢᠨ | ᠲᠠᠷᠢᠶᠠᠴᠢᠳ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠦᠨ᠎ᠡ ᠲᠥᠯᠥᠪᠦᠷᠢ ᠦᠭᠡᠢ ᠪᠠᠷ | ᠣᠷᠣᠯᠴᠠᠬᠤ ᠪᠥᠭᠡᠳ ᠲᠡᠳᠡᠠ ᠳᠤ ᠪᠣᠯᠪᠠᠰᠤᠷᠠᠭᠤᠯᠤᠯ ᠤᠨ ᠵᠠᠷᠤᠳᠠᠯ ᠤᠨ ᠨᠥᠬᠦᠪᠥᠷᠢ ᠣᠯᠭᠤᠵᠤ᠂ | ᠪᠣᠯᠪᠠᠰᠤᠷᠠᠭᠤᠯᠤᠯ ᠤᠨ ᠨᠥᠬᠦᠪᠥᠷᠢ ᠨᠢ ᠪᠣᠯᠪᠠᠰᠤᠷᠠᠭᠤᠯᠤᠯ ᠤᠨ ᠥᠪᠡᠷ ᠤᠨ ᠥᠷᠳᠡᠭ ᠠᠴᠠ ᠳᠣᠣᠷ᠎ᠠ ᠦᠭᠡᠶ ᠵᠠᠷᠴᠢᠮ | ᠶᠣᠰᠣᠭᠠᠷ᠂ ᠠᠳᠠᠯᠢ ᠪᠤᠰᠤ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠳᠤ ᠬᠠᠨᠳᠤᠭᠤᠯᠵᠤ᠂ ᠪᠣᠳᠠᠲᠤ | ᠪᠠᠶᠢᠳᠠᠯ ᠲᠠᠢ ᠨᠡᠶᠢᠴᠡᠬᠦ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠶᠢ ᠲᠤᠰ ᠲᠤᠰ ᠬᠡᠷᠡᠭᠵᠢᠭᠦᠯᠪᠡ᠃ | ᠲᠦᠷᠪᠡ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠢᠯᠭᠠᠨ ᠲᠣᠭᠲᠠᠭᠠᠯᠲᠠ ᠶᠢ ᠥᠷᠨᠢᠭᠦᠯᠪᠡ᠃ | ᠲᠤᠰ ᠲᠣᠪᠴᠢᠶ᠎ᠠ ᠨᠢ ᠬᠥᠮᠦᠨ ᠬᠡᠷᠡᠭᠯᠡᠬᠦ ᠨᠢᠭᠡᠴᠡ᠂ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠬᠤᠲᠠ ᠣᠷᠣᠵᠤ | ᠠᠵᠢᠯ ᠬᠥᠳᠡᠯᠮᠦᠷᠢ ᠬᠢᠵᠦ ᠪᠠᠶᠢᠭ᠎ᠠ ᠬᠥᠳᠡᠭᠡ ᠲᠣᠰᠬᠤᠨ ᠤ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠢᠯᠭᠠᠨ ᠲᠣᠭᠲᠠᠭᠠᠯᠲᠠ ᠳᠤ ᠢᠳᠡᠪᠬᠢᠲᠡᠶ ᠪᠠᠷ ᠣᠷᠣᠯᠴᠠᠬᠤ ᠶᠢ ᠢᠳᠡᠪᠬᠢᠲᠡᠶ ᠪᠠᠷ ᠬᠥᠲᠥᠯᠥᠨ | ᠵᠢᠯᠣᠭᠤᠳᠤᠨ ᠵᠣᠷᠢᠭᠵᠢᠭᠤᠯᠵᠤ᠂ ᠰᠢᠯᠵᠢᠭᠰᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠭᠠᠳᠠᠭᠰᠢ | ᠭᠠᠷᠤᠭᠠᠳ ᠠᠵᠢᠯ ᠣᠯᠬᠤ ᠳᠤ ᠮᠡᠷᠭᠡᠵᠢᠯ ᠲᠠᠢ ᠪᠠᠶᠢᠬᠤ ᠪᠠᠷ ᠪᠠᠷᠠᠬᠤ ᠦᠭᠡᠶ᠂ ᠪᠠᠰᠠ ︽ᠵᠠᠮ ᠤᠨ ᠦᠨᠡᠮᠯᠡᠯ︾ | ᠣᠯᠭᠤᠵᠤ᠂ ᠪᠦᠬᠦ ᠬᠤᠲᠠ ᠶᠢᠨ ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠬᠤ ᠳᠤ ᠪᠠᠲᠤᠯᠠᠭ᠎ᠠ | ᠬᠠᠩᠭᠠᠬᠤ ᠶᠢ ᠤᠯᠠᠮ ᠨᠢᠭᠡ ᠠᠯᠬᠤᠮ ᠲᠥᠷᠭᠡᠳᠬᠡᠪᠡ᠃ | ᠣᠳᠣᠬᠠᠨ ᠳᠤ᠂ ᠪᠦᠬᠦ ᠬᠤᠲᠠᠨ ᠳᠤ ᠨᠡᠶᠢᠲᠡ 122426 ᠲᠠᠷᠢᠶᠠᠯᠠᠬᠤ ᠮᠠᠯᠵᠢᠬᠤ ᠣᠷᠣᠨ ᠤ ᠦᠯᠡᠭᠦᠦ | ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠵᠦ᠂ 7791 ᠮᠠᠯᠴᠢᠨ ᠲᠠᠷᠢᠶᠠᠴᠢᠳ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠵᠤ᠂ ᠡᠭᠦᠨ ᠳᠤ ᠰᠢᠨ᠎ᠡ ᠦᠶ᠎ᠡ ᠶᠢᠨ | ᠮᠠᠯᠴᠢᠨ ᠲᠠᠷᠢᠶᠠᠴᠢᠨ ᠬᠦᠴᠦ ᠶᠠᠪᠤᠭᠰᠠᠳ 1381 ᠬᠥᠮᠦᠨ ᠪᠤᠢ᠃ |