ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠭᠠᠳᠠᠭᠰᠢ ᠭᠠᠷᠭᠠᠯᠲᠠ ᠶᠢᠨ ᠤᠯᠤᠭᠰᠠᠨ ᠭᠠᠳᠠᠭᠠᠲᠤ ᠭᠤᠪᠢᠭᠤᠯᠭ᠎ᠠ ᠨᠢ 3 ᠳ᠋ᠦᠡᠭᠰᠢᠭᠤᠷ ᠳ᠋ᠤᠯᠯᠠᠷ ᠲᠤ ᠬᠦᠷᠪᠡ
ᠨᠡᠶᠢᠲᠡᠯᠡᠭᠰᠡᠨ ᠴᠠᠭ᠄
2015/11/27
      10 ᠳ᠋ᠤᠭᠠᠷ ᠰᠠᠷ᠎ᠠ ᠶᠢᠨ ᠰᠡᠬᠦᠯᠴᠢ ᠪᠤᠯᠲᠠᠯ᠎ᠠ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠭᠠᠳᠠᠭᠰᠢ ᠭᠠᠷᠭᠠᠯᠲᠠ ᠶᠢᠨ ᠬᠡᠮᠵᠢᠶ᠎ᠡ ᠨᠢ 3 ᠳ᠋ᠦᠡᠭᠰᠢᠭᠤᠷ ᠭᠠᠷᠤᠢ ᠳ᠋ᠤᠯᠯᠠᠷ ᠲᠤ ᠬᠦᠷᠪᠡ᠃ ᠡᠬᠦᠨ ᠳᠤ᠂ ᠲᠦᠪᠡᠳ ᠬᠠᠰᠢ ᠶᠢᠨ ᠭᠠᠷᠭᠠᠯᠲᠠ ᠨᠢ 3000 ᠲᠦᠮᠡᠨ ᠳ᠋ᠤᠯᠯᠠᠷ᠂ ᠦᠷ᠎ᠡ ᠴᠦᠮ᠎ᠡ ᠶᠢᠨ ᠵᠦᠢᠯ ᠤᠨ ᠭᠠᠷᠭᠠᠯᠲᠠ ᠨᠢ 1.5 ᠳ᠋ᠦᠡᠭᠰᠢᠭᠤᠷ ᠳ᠋ᠤᠯᠯᠠᠷ᠂  ᠯᠢᠶᠠᠨ ᠪᠠᠨᠭ᠌ ᠡᠮ ᠦᠢᠯᠡᠳᠬᠦ ᠡᠷᠳᠡᠨᠢ ᠰᠢᠰᠢ ᠶᠢ ᠨᠠᠷᠢᠯᠢᠭᠵᠢᠭᠤᠯᠤᠨ ᠪᠤᠯᠪᠠᠰᠤᠷᠠᠭᠤᠯᠬᠤ ᠦᠢᠯᠡᠳᠬᠦᠨ ᠤ ᠭᠠᠷᠭᠠᠯᠲᠠ ᠨᠢ 1 ᠳ᠋ᠦᠡᠭᠰᠢᠭᠤᠷ ᠭᠠᠷᠤᠢ  ᠳ᠋ᠤᠯᠯᠠᠷ᠂ ᠬᠠᠭᠤᠷᠠᠢ ᠨᠤᠭᠤᠭ᠎ᠠ ᠶᠢᠨ ᠭᠠᠷᠭᠠᠯᠲᠠ ᠨᠢ 1500 ᠲᠦᠮᠡᠨ ᠳ᠋ᠤᠯᠯᠠᠷ᠂ ᠴᠢᠨ᠋ᠸ᠎ᠠ ᠶᠢᠨ ᠬᠠᠷᠮᠠᠭ ᠤᠨ ᠭᠠᠷᠭᠠᠯᠲᠠ ᠨᠢ 150 ᠲᠦᠮᠡᠨ ᠳ᠋ᠤᠯᠯᠠᠷ ᠪᠠᠶᠢᠵᠤ᠂ ᠬᠤᠨᠢᠨ ᠮᠢᠬ᠎ᠠ᠂ ᠨᠤᠯᠤᠭᠤᠷ ᠤᠨ ᠨᠡᠭᠡᠮᠡᠯ ᠪᠠᠷᠠᠭ᠎ᠠ ᠵᠡᠷᠭᠡ ᠶᠢᠨ ᠭᠠᠳᠠᠭᠰᠢ ᠭᠠᠷᠭᠠᠯᠲᠠ ᠶᠢᠨ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠪᠡ᠃ ᠤᠷᠲᠤ ᠬᠤᠭᠤᠴᠠᠭᠠᠨ ᠤ ᠰᠢᠨᠳᠠᠷᠠᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠪᠠᠶᠠᠨᠨᠠᠭᠤᠷ ᠬᠤᠲᠠ ᠶᠢᠨ ᠰᠢᠯᠢᠳᠡᠭ ᠤᠨᠴᠠᠯᠢᠭ ᠪᠦᠬᠦᠢ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠨᠢ ᠭᠠᠳᠠᠭᠰᠢ ᠭᠠᠷᠭᠠᠯᠲᠠ ᠶᠢᠨ ︽ᠭᠤᠤᠯ ᠬᠦᠴᠦᠨ︾ ᠪᠤᠯᠵᠤ᠂ 6 ᠵᠢᠯ ᠳᠠᠷᠠᠭᠠᠯᠠᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠭᠠᠳᠠᠭᠰᠢ ᠭᠠᠷᠭᠠᠯᠲᠠ ᠶᠢᠨ ᠲᠡᠷᠢᠬᠦᠨ ᠪᠠᠶᠢᠷᠢ ᠶᠢ ᠡᠵᠡᠯᠡᠪᠡ᠃ ᠭᠠᠳᠠᠭᠰᠢ ᠭᠠᠷᠭᠠᠯᠲᠠ ᠶᠢᠨ ᠲᠠᠸᠠᠷ ᠨᠢ ᠲᠠᠪᠤᠨ ᠶᠡᠭᠡ ᠲᠢᠪ ᠤᠨ 86 ᠤᠯᠤᠰ ᠪᠤᠯᠤᠨ ᠭᠠᠵᠠᠷ ᠤᠷᠤᠨ ᠲᠠᠢ ᠬᠤᠯᠪᠤᠭᠳᠠᠵᠤ᠂ ᠦᠷᠬᠡᠨ ᠤᠯᠠᠨ ᠭᠠᠳᠠᠭᠠᠲᠤ ᠶᠢᠨ ᠬᠡᠷᠡᠭᠯᠡᠭᠴᠢᠳ ᠤᠨ ᠬᠦᠷᠢᠶᠡᠯᠡᠯ ᠢ ᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号