ᠣᠶᠢᠷ᠎ᠠ ᠶᠢᠨ ᠬᠤᠭᠤᠴᠠᠭᠠᠨ ᠳᠤ᠂ ᠡᠷᠢᠶᠡᠨ ᠬᠤᠳᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠪᠣᠯᠣᠨ ᠮᠣᠩᠭᠤᠯ ᠤᠯᠤᠰ ᠤᠨ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠥᠯᠥᠪᠵᠢᠭᠦᠯᠭᠡ ᠶᠢᠨ | ᠲᠣᠪᠴᠢ︾ ᠶᠢ ᠦᠨᠳᠦᠰᠦᠯᠡᠵᠦ᠂ ︽ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ | ᠤᠯᠤᠰ ᠤᠨ ᠬᠠᠷᠢᠶ᠎ᠠ ᠪᠥᠬᠦᠢ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠬᠡᠷᠡᠭᠵᠢᠭᠦᠯᠬᠦ ᠠᠷᠭ᠎ᠠ ︵ | ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠨ ᠬᠡᠷᠡᠭᠵᠢᠭᠦᠯᠪᠡ᠃ ᠲᠤᠰ ︽ᠠᠷᠭ᠎ᠠ︾ ᠶᠢ 9 ᠳ᠋ᠤᠭᠡᠷ ᠰᠠᠷ᠎ᠠ ᠠᠴᠠ | ᠡᠬᠢᠯᠡᠨ ᠬᠡᠷᠡᠭᠵᠢᠭᠦᠯᠬᠦ ᠪᠥᠭᠡᠳ ᠡᠮᠦᠨᠡᠬᠢ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠠᠷᠭ᠎ᠠ ᠶᠢ ᠬᠦᠴᠦᠨ | ᠤᠢᠭᠡᠢ ᠪᠣᠯᠭᠠᠨ᠎ᠠ᠂ ᠱᠠᠩᠨᠠᠭᠳᠠᠬᠤ ᠡᠲᠡᠭᠡᠳ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠡᠷᠢᠶᠡᠨ ᠬᠤᠲᠠ ᠳᠠᠬᠢ ᠣᠯᠠᠨ ᠤᠯᠤᠰ ᠤᠨ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠬᠤ ᠮᠣᠩᠭᠤᠯ ᠤᠯᠤᠰ ᠤᠨ | ᠬᠠᠷᠢᠶ᠎ᠠ ᠪᠥᠬᠦᠢ ᠰᠤᠷᠤᠭᠴᠢ ᠵᠢᠴᠢ ᠡᠷᠢᠶᠡᠨ ᠬᠤᠲᠠ ᠶᠢᠨ ᠡᠯ᠎ᠡ ᠬᠠᠷᠢᠶᠠᠲᠤ ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠲᠤ ᠰᠤᠷᠤᠯᠴᠠᠵᠤ ᠪᠠᠶᠢᠬᠤ ᠮᠣᠩᠭᠤᠯ ᠤᠯᠤᠰ ᠤᠨ ᠬᠠᠷᠢᠶ᠎ᠠ ᠪᠥᠬᠦᠢ ᠰᠤᠷᠤᠭᠴᠢ ᠪᠠᠶᠢᠵᠤ᠂ | ᠭᠤᠣᠯᠳᠠᠭᠤ ᠮᠣᠩᠭᠤᠯ ᠤᠯᠤᠰ ᠤᠨ ᠬᠠᠷᠢᠶ᠎ᠡ ᠪᠥᠬᠦᠢ ᠰᠤᠷᠤᠭᠴᠢᠳ ᠲᠤ ᠰᠤᠷᠤᠯᠭ᠎ᠠ ᠶᠢᠨ ᠰᠤᠯᠠ ᠵᠠᠷᠤᠳᠠᠯ᠂ | ᠬᠤᠭᠤᠯᠠᠨ ᠤ ᠨᠥᠬᠦᠪᠥᠷᠢ ᠮᠥᠩᠭᠦ᠂ ᠠᠮᠢᠳᠤᠷᠠᠯ ᠤᠨ ᠨᠥᠬᠦᠪᠥᠷᠢ ᠮᠥᠡᠭᠭᠦ ᠥᠭᠬᠦ ᠱᠠᠩᠨᠠᠯ ᠤᠨ ᠨᠥᠬᠦᠪᠥᠷᠢ ᠪᠣᠯᠣᠨ᠎ᠠ᠃ | | ︽ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠤᠯᠤᠰ ᠤᠨ ᠬᠠᠷᠢᠶ᠎ᠠ ᠪᠥᠬᠦᠢ | ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ︾ ᠶᠢ ︽ᠪᠦᠬᠦ ᠲᠣᠭᠠᠨ ᠤ ᠰᠤᠷᠤᠯᠭ᠎ᠠ ᠶᠢᠨ ᠱᠠᠩᠨᠠᠯ ᠤᠨ | ᠮᠥᠩᠭᠦ︾᠂ ︽ᠬᠡᠰᠡᠭ ᠰᠤᠷᠤᠯᠭ᠎ᠠ ᠶᠢᠨ ᠱᠠᠩᠨᠠᠯ ᠤᠨ ᠮᠥᠩᠭᠦ︾ ᠪᠣᠯᠣᠨ ︽ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠨᠥᠬᠦᠪᠦᠷᠢ ᠮᠥᠩᠭᠦ︾ ᠭᠤᠷᠪᠠᠨ ᠵᠦᠢᠯ ᠤᠨ ᠬᠡᠯᠪᠡᠷᠢ ᠪᠣᠯᠭᠠᠨ ᠬᠤᠪᠢᠶᠠᠨ᠎ᠠ᠃ ︽ᠪᠦᠬᠦ | ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠬᠥᠮᠦᠨ ᠤ ᠲᠣᠭᠠᠨ ᠤ ᠬᠠᠷᠢᠴᠠᠯ ᠨᠢ ᠡᠯ᠎ᠡ | ᠰᠤᠷᠭᠠᠭᠤᠯᠢ ᠶᠢᠨ ᠮᠣᠩᠭᠤᠯ ᠤᠯᠤᠰ ᠤᠨ ᠬᠠᠷᠢᠶ᠎ᠡ ᠪᠥᠬᠦᠢ ᠰᠤᠷᠤᠭᠴᠢᠳ ᠤᠨ 20% ᠶᠢ ᠡᠵᠡᠯᠡᠵᠦ᠂ | ᠰᠤᠷᠭᠠᠭᠤᠯᠢ ᠶᠢᠨ ᠬᠢᠷᠢ ᠪᠦᠲᠦᠮᠵᠢ᠂ ᠰᠠᠬᠢᠯᠭ᠎ᠠ ᠪᠠᠲᠤ ᠶᠣᠰᠣ ᠮᠣᠷᠠᠯ᠂ ᠳᠤᠮᠳᠠᠳᠤ ᠮᠣᠩᠭᠤᠯ ᠤᠨ ᠨᠥᠬᠦᠷᠰᠡᠭ ᠢ | ᠠᠬᠢᠭᠤᠯᠤᠭᠰᠠᠨ ᠢᠯᠡᠷᠡᠯ ᠵᠡᠷᠭᠡ ᠲᠠᠯ᠎ᠠ ᠶᠢ ᠦᠨᠳᠦᠰᠦᠯᠡᠨ ᠰᠢᠯᠭᠠᠷᠠᠭᠤᠯᠵᠤ᠂ ᠱᠠᠩᠨᠠᠬᠤ ᠪᠠᠷᠢᠮᠵᠢᠶ᠎ᠠ ᠨᠢ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠲᠠ ᠳᠠᠬᠢ ᠣᠯᠠᠨ ᠤᠯᠤᠰ ᠤᠨ ᠳᠡᠭᠡᠳᠦ | ᠰᠤᠷᠭᠠᠭᠤᠯᠢ ᠶᠢᠨ ᠮᠣᠩᠭᠤᠯ ᠤᠯᠤᠰ ᠤᠨ ᠬᠠᠷᠢᠶ᠎ᠠ ᠪᠥᠬᠦᠢ ᠰᠤᠷᠤᠭᠴᠢ ᠪᠣᠯᠭᠠᠨ ᠳᠤ ᠵᠢᠯ ᠪᠦᠷᠢ 17660 | ᠲᠥᠭᠦᠷᠢᠭ︔ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠬᠢᠲᠠᠳ ᠬᠡᠯᠡᠨ ᠤ ᠲᠤᠰᠬᠠᠶ ᠪᠣᠯᠪᠠᠰᠤᠷᠠᠯ ᠤᠨ | ᠠᠩᠭᠢ ᠶᠢᠨ ᠮᠣᠩᠭᠤᠯ ᠤᠯᠤᠰ ᠤᠨ ᠬᠠᠷᠢᠶ᠎ᠡ ᠪᠥᠬᠦᠢ ᠰᠤᠷᠤᠭᠴᠢ ᠪᠣᠯᠭᠠᠨ ᠳᠤ ᠵᠢᠯ ᠪᠦᠷᠢ 13500 ᠲᠥᠭᠦᠷᠢᠭ︔ | ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠠᠩᠬᠢ ᠶᠢ ᠲᠠᠭᠠᠨ ᠰᠤᠷᠤᠯᠴᠠᠵᠤ ᠪᠠᠶᠢᠬᠤ ᠮᠣᠩᠭᠤᠯ ᠤᠯᠤᠰ ᠤᠨ | ᠬᠠᠷᠢᠶ᠎ᠡ ᠪᠥᠬᠦᠢ ᠰᠤᠷᠤᠭᠴᠢ ᠪᠣᠯᠭᠠᠨ ᠳᠤ ᠵᠢᠯ ᠪᠦᠷᠢ 9500 ᠲᠥᠭᠦᠷᠢᠭ ᠪᠣᠯᠤᠨ᠎ᠠ᠃ ︽ᠬᠡᠰᠡᠭ ᠨᠥᠬᠦᠪᠦᠷᠢ | ᠮᠥᠡᠭᠭᠦ︾ ᠶᠢᠨ ᠪᠠᠷᠢᠮᠵᠢᠶ᠎ᠠ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠲᠠ ᠳᠠᠬᠢ | ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠮᠣᠩᠭᠤᠯ ᠤᠯᠤᠰ ᠤᠨ ᠬᠠᠷᠢᠶ᠎ᠠ ᠪᠥᠬᠦᠢ ᠰᠤᠷᠤᠭᠴᠢ ᠪᠣᠯᠭᠠᠨ ᠳᠤ | ᠵᠢᠯ ᠪᠦᠷᠢ 7400 ᠲᠥᠭᠦᠷᠢᠭ︔ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠬᠢᠲᠠᠳ ᠬᠡᠯᠡᠨ ᠤ ᠲᠤᠰᠬᠠᠶ | ᠪᠣᠯᠪᠠᠰᠤᠷᠠᠯ ᠤᠨ ᠠᠩᠭᠢ ᠶᠢᠨ ᠮᠣᠩᠭᠤᠯ ᠤᠯᠤᠰ ᠤᠨ ᠬᠠᠷᠢᠶ᠎ᠡ ᠪᠥᠬᠦᠢ ᠰᠤᠷᠤᠭᠴᠢ ᠪᠣᠯᠭᠠᠨ ᠳᠤ ᠵᠢᠯ ᠪᠦᠷᠢ 6000 | ᠲᠥᠭᠦᠷᠢᠭ︔ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠠᠩᠬᠢ ᠳᠠᠭᠠᠵᠤ ᠰᠤᠷᠤᠯᠴᠠᠵᠤ ᠪᠠᠶᠢᠬᠤ ᠮᠣᠩᠭᠤᠯ | ᠤᠯᠤᠰ ᠤᠨ ᠬᠠᠷᠢᠶ᠎ᠡ ᠪᠥᠬᠦᠢ ᠰᠤᠷᠤᠭᠴᠢ ᠪᠣᠯᠭᠠᠨ ᠳᠤ ᠵᠢᠯ ᠪᠦᠷᠢ 2000 ᠲᠥᠭᠦᠷᠢᠭ ᠪᠣᠯᠤᠨ᠎ᠠ᠃ ︽ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠩᠨᠠᠯ ᠤᠨ ᠨᠥᠬᠦᠪᠦᠷᠢ ᠮᠥᠩᠭᠦ︾ ᠪᠠᠷᠢᠮᠵᠢᠶ᠎ᠠ ᠨᠢ ᠬᠡᠦᠬᠡᠳ ᠤᠨ | ᠴᠡᠴᠡᠷᠯᠢᠭ ᠤᠨ ᠪᠦᠬᠦ ᠰᠤᠷᠤᠯᠭ᠎ᠠ ᠶᠢᠨ ᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ 1650 ᠲᠥᠭᠦᠷᠢᠭ᠂ | ᠬᠤᠭᠤᠯᠠᠨ ᠤ ᠨᠥᠬᠦᠪᠥᠷᠢ ᠮᠥᠩᠭᠦ 1000 ᠲᠥᠭᠦᠷᠢᠭ᠂ ᠰᠤᠷᠤᠭᠴᠢ ᠪᠣᠯᠭᠠᠨ ᠳᠤ ᠵᠢᠯ ᠪᠦᠷᠢ ᠨᠡᠶᠢᠲᠡ 2650 | ᠲᠥᠭᠦᠷᠢᠭ ᠪᠣᠯᠤᠨ᠎ᠠ᠃ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠤᠯᠤᠰ ᠤᠨ ᠬᠠᠷᠢᠶ᠎ᠠ | ᠪᠥᠬᠦᠢ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠪᠠᠶᠢᠭᠤᠯᠤᠭᠳᠠᠭᠰᠠᠨ ᠨᠢ ᠯᠠᠪᠲᠠᠢ ᠨᠡᠩ ᠣᠯᠠᠨ | ᠮᠣᠩᠭᠤᠯ ᠤᠯᠤᠰ ᠤᠨ ᠬᠠᠷᠢᠶ᠎ᠠ ᠪᠥᠬᠦᠢ ᠰᠤᠷᠤᠭᠴᠢ ᠶᠢ ᠡᠷᠢᠶᠡᠨ ᠬᠤᠲᠠ ᠳᠤ ᠲᠡᠳᠡᠨ ᠠᠪᠴᠢᠷᠠᠵᠤ ᠬᠢᠲᠠᠳ ᠬᠡᠯᠡ | ᠰᠤᠷᠬᠤ ᠪᠣᠯᠭᠠᠵᠤ᠂ ᠬᠢᠲᠠᠳ ᠬᠡᠯᠡ ᠶᠢᠨ ᠳᠡᠯᠭᠡᠷᠡᠭᠦᠯᠦᠯᠲᠡ ᠶᠢᠨ ᠠᠵᠢᠯ ᠢ ᠠᠬᠢᠭᠤᠯᠤᠨ ᠰᠢᠨ᠎ᠡ ᠠᠯᠬᠤᠮ ᠢ ᠠᠯᠬᠤᠵᠤ | ᠂ ᠳᠤᠮᠳᠠᠳᠤ ᠮᠣᠩᠭᠤᠯ ᠬᠤᠶᠠᠷ ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠭᠦᠨ | ᠳᠠᠪᠬᠤᠷᠭ᠎ᠠ ᠲᠡᠰᠢ ᠬᠥᠭᠵᠢᠬᠦ ᠶᠢ ᠠᠬᠢᠭᠤᠯᠬᠤ ᠪᠣᠯᠣᠨ᠎ᠠ᠃ | ᠣᠳᠣᠬᠠᠨ ᠳᠤ᠂ ᠡᠷᠢᠶᠡᠨ ᠬᠤᠲᠠ ᠳᠤ ᠰᠤᠷᠤᠯᠴᠠᠵᠤ ᠪᠠᠶᠢᠬᠤ ᠮᠣᠩᠭᠤᠯ ᠤᠯᠤᠰ ᠤᠨ ᠬᠠᠷᠢᠶ᠎ᠡ ᠪᠥᠬᠦᠢ | ᠰᠤᠷᠤᠭᠴᠢ ᠨᠡᠶᠢᠲᠡ 436 ︵ᠡᠭᠦᠨ ᠳᠤ᠂ 79 ᠭᠠᠳᠠᠭᠠᠳᠤ ᠳᠤ ᠰᠤᠷᠤᠯᠴᠠᠬᠤ ᠰᠤᠷᠤᠭᠴᠢ᠂ 332 ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢ᠂ 25 ᠬᠡᠦᠬᠡᠳ︶ ᠪᠠᠶᠢᠵᠤ᠂ ᠡᠷᠢᠶᠡᠨ ᠬᠤᠲᠠ ᠶᠢᠨ ᠶᠡᠭᠡ ᠰᠤᠷᠭᠠᠭᠤᠯᠢ ᠳᠤ | ᠰᠤᠷᠤᠯᠴᠠᠵᠤ ᠪᠠᠶᠢᠬᠤ ᠮᠣᠩᠭᠤᠯ ᠤᠯᠤᠰ ᠤᠨ ᠬᠠᠷᠢᠶ᠎ᠡ ᠪᠥᠬᠦᠢ ᠪᠥᠬᠦ ᠰᠤᠷᠤᠭᠴᠢ ᠨᠢᠭᠡᠨᠲᠡ 3000 ᠭᠠᠷᠤᠶ | ᠬᠥᠮᠦᠨ ᠪᠣᠯᠪᠠ᠃ |