ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠳᠣᠲᠣᠭᠠᠳᠤ ᠶᠢ ᠬᠠᠮᠠᠭᠠᠯᠠᠬᠤ ᠠᠷᠠᠳ ᠲᠤ ᠲᠦᠬᠦᠮ ᠦᠵᠡᠭᠦᠯᠬᠦ ᠠᠩᠬᠠᠳᠠᠭᠴᠢ ᠦᠢᠯᠡᠴᠢᠯᠡᠭᠡᠨ ᠤ ᠲᠠᠪᠴᠠᠩ ᠤᠯᠠᠭᠠᠨᠬᠠᠳᠠ ᠳᠤ ᠡᠬᠢᠯᠡᠪᠡ
ᠨᠡᠶᠢᠲᠡᠯᠡᠭᠰᠡᠨ ᠴᠠᠭ᠄
2015/11/3
     10 ᠳ᠋ᠤᠭᠠᠷ ᠰᠠᠷ᠎ᠠ ᠶᠢᠨ 30᠎ ᠤ ᠡᠳᠦᠷ᠂ ᠤᠯᠠᠭᠠᠨᠬᠠᠳᠠ ᠬᠤᠲᠠ ᠶᠢᠨ ᠰᠦᠯᠵᠢᠶᠡᠨ ᠳᠡᠭᠡᠷᠡᠬᠢ ᠳᠣᠲᠣᠭᠠᠳᠤ ᠶᠢ ᠬᠠᠮᠠᠭᠠᠯᠠᠬᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠤᠯᠠᠭᠠᠨᠬᠠᠳᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠤᠷᠠᠯᠳᠤᠪᠠ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠳᠣᠲᠣᠭᠠᠳᠤ ᠶᠢ ᠬᠠᠮᠠᠭᠠᠯᠠᠬᠤ ᠠᠷᠠᠳ ᠲᠤ ᠲᠦᠬᠦᠮ ᠦᠵᠡᠭᠦᠯᠬᠦ ᠠᠩᠬᠠᠳᠠᠭᠴᠢ ᠦᠢᠯᠡᠴᠢᠯᠡᠭᠡᠨ ᠤ ᠲᠠᠪᠴᠠᠩ ᠪᠣᠯᠣᠨ᠎ᠠ᠃ ᠰᠦᠯᠵᠢᠶᠡᠨ ᠳᠡᠭᠡᠷᠡᠬᠢ ᠳᠣᠲᠣᠭᠠᠳᠤ ᠶᠢ ᠬᠠᠮᠠᠭᠠᠯᠠᠬᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠳᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠫᠣᠷᠲ᠋ᠧᠯ ᠭᠤᠣᠯ ᠰᠦᠯᠵᠢᠶ᠎ᠡ᠂ 13 ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢᠶᠠᠷᠢ ᠰᠦᠯᠵᠢᠶ᠎ᠡ᠂ 224 ᠲᠣᠮᠢᠯᠠᠭᠰᠠᠨ ᠰᠠᠯᠪᠤᠷᠢ ᠶᠢᠨ ᠬᠤᠪᠢᠶᠠᠷᠢ ᠰᠦᠯᠵᠢᠶ᠎ᠡ ᠪᠣᠯᠣᠨ 1131 ᠰᠦᠯᠵᠢᠶᠡᠨ ᠳᠡᠭᠡᠷᠡᠬᠢ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠲᠠᠰᠤᠭ ᠤᠨ ᠬᠤᠪᠢᠶᠠᠷᠢ ᠰᠦᠯᠵᠢᠶ᠎ᠡ ᠭᠡᠬᠦ ᠳᠥᠷᠪᠡᠨ ᠳᠠᠪᠬᠤᠷ ᠬᠡᠯᠬᠢᠶᠡᠰᠦᠨ ᠰᠢᠰᠲ᠋ᠧᠮᠵᠢ ᠶᠢ ᠪᠠᠭᠲᠠᠭᠠᠵᠤ᠂ ᠴᠠᠭᠳᠠᠭᠠᠨ ᠤ ᠲᠠᠯ᠎ᠠ ᠶᠢᠨ ᠬᠢᠨ ᠤ ᠮᠡᠳᠡᠭᠡ ᠵᠠᠩᠭᠢ᠂ ᠴᠠᠭᠳᠠᠭᠠᠨ ᠤ ᠶᠠᠪᠤᠳᠠᠯ ᠢ ᠢᠯᠡ ᠪᠣᠯᠭᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ ᠳᠣᠯᠣᠭᠠᠨ ᠶᠡᠭᠡ ᠬᠡᠰᠡᠭ ᠢ ᠭᠤᠣᠯᠳᠠᠯᠭ᠎ᠠ ᠲᠠᠢ ᠭᠠᠷᠭᠠᠵᠤ᠂ ᠥᠷᠭᠡᠨ ᠤᠯᠠᠨ ᠲᠦᠮᠡᠨ ᠭᠡᠷ ᠠᠴᠠ ᠢᠶᠠᠨ ᠭᠠᠷᠤᠯ ᠦᠭᠡᠢ ᠪᠠᠷ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠯᠠᠪᠯᠠᠬᠤ ᠵᠡᠷᠭᠡ ᠳᠣᠲᠣᠭᠠᠳᠤ ᠶᠢ ᠬᠠᠮᠠᠭᠠᠯᠠᠬᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠪᠣᠯᠣᠨ ᠮᠡᠳᠡᠭᠡ ᠵᠠᠩᠭᠢ ᠶᠢ  ᠭᠦᠢᠴᠡᠳᠬᠡᠵᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号