ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠰᠢᠷᠢᠰ ᠰᠠᠨᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠬᠤᠲᠠ ᠶᠢᠨ ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ | ᠲᠥᠯᠥᠭᠡ᠂ ᠣᠶᠢᠷ᠎ᠠ ᠳᠤ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ︽ᠨᠠᠮ ᠤᠨ ᠣᠯᠠᠨ ᠲᠦᠮᠡᠨ ᠤ | ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠯᠠᠭᠠᠨᠴᠠᠪ ᠬᠤᠲᠠ ᠶᠢᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ | ᠢ ᠲᠣᠭᠲᠠᠭᠠᠨ ᠨᠡᠶᠢᠲᠡᠯᠡᠵᠦ᠂ ᠰᠢᠨ᠎ᠡ ᠪᠠᠶᠢᠳᠠᠯ ᠳᠣᠣᠷᠠᠬᠢ ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠤᠨ | ᠶᠡᠷᠦᠩᠬᠡᠶ ᠱᠠᠭᠠᠷᠳᠠᠯᠭ᠎ᠠ᠂ ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠤᠨ ᠤᠳᠤᠷᠢᠳᠤᠯᠭ᠎ᠠ ᠪᠠᠨ | ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠪᠦᠯᠬᠦᠮ ᠤᠨ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠪᠦᠬᠦ ᠲᠠᠯ᠎ᠠ ᠪᠠᠷ ᠠᠬᠢᠭᠤᠯᠵᠤ᠂ ᠣᠯᠠᠨ ᠲᠦᠮᠡᠨ ᠤ ᠪᠦᠯᠬᠦᠮ ᠤᠨ ᠠᠵᠢᠯ ᠢ ᠳᠡᠮᠵᠢᠬᠦ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠢᠴᠢ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠬᠤ ᠵᠡᠷᠭᠡ ᠲᠠᠯ᠎ᠠ ᠪᠠᠷ ᠲᠣᠳᠣᠷᠬᠠᠶ ᠲᠣᠭᠲᠠᠭᠠᠯ | ᠭᠠᠷᠭᠠᠭᠰᠠᠨ ᠪᠠᠶᠢᠨ᠎ᠠ᠃ | ︽ᠰᠠᠨᠠᠯ︾ ᠳᠤ ᠵᠢᠭᠠᠵᠤ ᠭᠠᠷᠭᠠᠭᠰᠠᠨ ᠨᠢ᠂ ᠰᠢᠨ᠎ᠡ ᠪᠠᠶᠢᠳᠠᠯ ᠳᠣᠣᠷᠠᠬᠢ ᠨᠠᠮ ᠤᠨ ᠣᠯᠠᠨ ᠲᠦᠮᠡᠨ ᠤ | ᠪᠦᠯᠬᠦᠮ ᠤᠨ ᠠᠵᠢᠯ ᠢ ᠴᠢᠩᠭᠠᠬᠠᠨ ᠰᠠᠶᠢᠵᠢᠷᠠᠭᠤᠯᠬᠤ ᠨᠢ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠬᠤᠶᠠᠷ ᠨᠢᠭᠡ ᠵᠠᠭᠤᠨ ᠵᠢᠯ︾ ᠤᠨ ᠲᠡᠮᠡᠴᠡᠯ ᠤᠨ | ᠬᠠᠷᠠᠯᠲᠠ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠨ | ᠵᠡᠭᠦᠳᠦ ᠶᠢ ᠪᠡᠶᠡᠯᠡᠭᠦᠯᠬᠦ ᠲᠤᠯᠭᠠᠮ᠎ᠠ ᠱᠠᠭᠠᠷᠳᠠᠯᠭ᠎ᠠ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ | ᠵᠣᠬᠢᠴᠠᠬᠤ᠂ ᠣᠯᠠᠨ ᠲᠦᠮᠡᠨ ᠤ ᠪᠦᠯᠬᠦᠮ ᠤᠨ ᠠᠵᠢᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠲᠤᠯᠭᠠᠮ᠎ᠠ ᠬᠡᠷᠡᠭᠴᠡᠭᠡ᠂ ︽ᠭᠤᠷᠪᠠᠨ ᠵᠣᠬᠢᠶᠠᠯ︾ ᠢ ᠰᠠᠶᠢᠲᠤᠷ ᠪᠢᠴᠢᠵᠦ᠂ ︽ᠲᠠᠪᠤᠨ ᠬᠤᠳᠠ ᠶᠢ ᠬᠤᠯᠪᠣᠭᠠᠯᠠᠨ | ᠪᠠᠶᠢᠭᠤᠯᠬᠤ︾ ᠶᠢ ᠲᠦᠯᠬᠢᠨ ᠠᠬᠢᠭᠤᠯᠬᠤ᠂ ︽ᠠᠷᠪᠠ ᠶᠢ ᠪᠦᠷᠢᠨ ᠪᠦᠷᠬᠦᠭᠦᠯᠬᠦ︾ ᠶᠢ ᠪᠡᠶᠡᠯᠡᠭᠦᠯᠬᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠣᠨ᠎ᠠ᠃ ᠰᠢᠨ᠎ᠡ ᠪᠠᠶᠢᠳᠠᠯ ᠳᠣᠣᠷᠠᠬᠢ | ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ᠂ ᠨᠠᠮ ᠤᠨ ᠣᠯᠠᠨ | ᠲᠦᠮᠡᠨ ᠤ ᠪᠦᠯᠬᠦᠮ ᠤᠨ ᠠᠵᠢᠯ ᠤᠨ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠵᠤ᠂ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠦᠢᠯᠡᠴᠢᠯᠡᠬᠦ ᠠᠵᠢᠯ ᠢ ᠠᠮᠢᠨ ᠰᠤᠳᠠᠯ ᠢᠶᠠᠨ ᠪᠤᠯᠭᠠᠬᠤ ᠶᠢ | ᠪᠠᠷᠢᠮᠲᠠᠯᠠᠵᠤ᠂ ᠴᠠᠭ ᠦᠶ᠎ᠡ ᠲᠠᠢ ᠵᠡᠷᠭᠡᠪᠡᠷ ᠣᠷᠣᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠬᠠᠤᠯᠢ ᠶᠣᠰᠣᠭᠠᠷ ᠲᠦᠷᠢᠮ ᠶᠣᠰᠣᠭᠠᠷ ᠪᠡᠶ᠎ᠡ ᠪᠠᠨ ᠳᠠᠭᠠᠭᠠᠵᠤ ᠡᠵᠡᠨ ᠮᠡᠳᠡᠨ ᠠᠵᠢᠯ ᠢᠶᠠᠨ | ᠥᠷᠨᠢᠭᠦᠯᠬᠦ ᠶᠢ ᠪᠠᠷᠢᠮᠲᠠᠯᠠᠵᠤ᠂ ᠡᠭᠦᠨ ᠤ ᠤᠯᠠᠮ ᠢᠶᠠᠷ ᠢᠳᠡᠪᠬᠢ ᠬᠦᠴᠦᠨ ᠵᠦᠢᠯ ᠪᠦᠬᠦᠨ ᠢ ᠬᠠᠮᠤᠭ ᠤᠨ ᠶᠡᠭᠡ | ᠬᠡᠮᠵᠢᠶ᠎ᠡ ᠪᠠᠷ ᠲᠠᠶᠢᠴᠢᠯᠠᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ | ᠬᠦᠴᠦᠨ ᠢ ᠦᠷᠭᠦᠯᠵᠢᠯᠡᠨ ᠬᠦᠭᠵᠢᠭᠡᠵᠦ᠂ ᠨᠠᠮ ᠤᠨ ᠤᠳᠤᠷᠢᠳᠬᠤ ᠴᠢᠳᠠᠪᠤᠷᠢ ᠪᠠ ᠬᠢᠷᠢ ᠬᠡᠮᠵᠢᠶ᠎ᠡ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠪᠦᠬᠦ ᠬᠤᠲᠠ ᠶᠢᠨ ᠣᠯᠠᠨ ᠲᠦᠮᠡᠨ ᠤ ᠪᠦᠯᠬᠦᠮ ᠤᠨ ᠠᠵᠢᠯ ᠤᠨ ᠰᠢᠨ᠎ᠡ ᠪᠠᠶᠢᠳᠠᠯ ᠢ | ᠲᠠᠰᠣᠷᠠᠯᠲᠠ ᠣᠢᠭᠡᠢ ᠪᠤᠢ ᠪᠣᠯᠭᠠᠬᠤ ᠡᠴᠦᠰ ᠤᠨ ᠵᠣᠷᠢᠯᠭ᠎ᠠ ᠳᠠᠭᠠᠨ ᠬᠦᠷᠬᠦ ᠬᠡᠷᠡᠭᠲᠡᠢ ᠭᠡᠵᠡᠢ᠃ | ︽ᠰᠠᠨᠠᠯ︾ ᠳᠤ ᠴᠢᠬᠤᠯᠠᠴᠢᠯᠠᠭᠰᠠᠨ ᠨᠢ᠂ ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠳᠠᠪᠬᠤᠷ ᠤᠳᠤᠷᠢᠳᠬᠤ ᠦᠢᠯᠡᠳᠦᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ | ᠪᠦᠯᠬᠦᠮ ᠤᠨ ᠠᠵᠢᠯ ᠤᠨ ᠴᠢᠬᠤᠯᠠ ᠶᠡᠭᠡ ᠵᠦᠢᠯᠡᠰ ᠤᠨ ᠰᠤᠳᠤᠯᠤᠯ ᠤᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠪᠠᠷ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ | ᠳᠠᠭᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠳᠠᠬᠢ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠭᠤᠣᠯ ᠲᠤᠯᠭᠠᠭᠤᠷᠢ ᠪᠣᠯᠬᠤ | ᠦᠢᠯᠡᠳᠦᠯ ᠢ ᠪᠦᠲᠦᠮᠵᠢᠲᠠᠢ ᠪᠠᠳᠠᠷᠠᠭᠤᠯᠬᠤ ᠶᠢᠨ ᠬᠠᠮᠲᠤ ᠣᠯᠠᠨ ᠲᠦᠮᠡᠨ ᠤ ᠪᠦᠯᠬᠦᠮ ᠤᠨ ᠠᠵᠢᠯ ᠤᠨ ᠤᠨᠤᠯ | ᠪᠣᠯᠣᠨ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠰᠤᠳᠤᠯᠭᠠᠨ ᠢ ᠴᠢᠩᠭᠠᠳᠬᠠᠬᠤ ᠶᠢ ᠬᠦᠨᠳᠦᠳᠬᠡᠬᠦ ᠬᠡᠷᠡᠭᠲᠡᠢ | ᠭᠡᠪᠡ᠃ | ︽ᠰᠠᠨᠠᠯ︾ ᠳᠤ ᠱᠠᠭᠠᠷᠳᠠᠭᠰᠠᠨ ᠨᠢ᠂ ᠣᠯᠠᠨ ᠲᠦᠮᠡᠨ ᠤ ᠪᠦᠯᠬᠦᠮ ᠤᠨ ᠠᠵᠢᠯ ᠤᠨ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠥᠷᠭᠡᠨ ᠤᠯᠠᠨ ᠲᠦᠮᠡᠨ ᠢ ᠥᠭᠡᠷᠡᠴᠢᠯᠡᠯᠲᠡ | ᠬᠦᠭᠵᠢᠯᠲᠡ ᠶᠢᠨ ᠭᠤᠣᠯ ᠬᠦᠴᠦᠨ ᠪᠣᠯᠭᠠᠬᠤ ᠪᠠᠷ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ᠂ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠰᠢᠰᠲ᠋ᠧᠮᠵᠢ ᠶᠢᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠴᠢᠬᠤᠯᠠᠴᠢᠯᠠᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠨᠡᠶᠢᠭᠡᠮ ᠤᠨ ᠠᠷᠠᠳᠴᠢᠯᠠᠯ ᠳᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠤᠯᠠᠨ | ᠲᠦᠮᠡᠨ ᠤ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ | ᠠᠵᠢᠯ ᠳᠤ ᠣᠷᠣᠯᠴᠠᠬᠤ ᠶᠢ ᠳᠡᠳᠬᠦᠵᠦ᠂ ᠨᠡᠶᠢᠭᠡᠮ ᠵᠢᠷᠤᠮ ᠤᠨ ᠡᠶ᠎ᠡ ᠵᠣᠬᠢᠴᠠᠯᠲᠤ ᠬᠥᠳᠡᠯᠮᠦᠷᠢ ᠶᠢᠨ ᠬᠠᠷᠢᠴᠠᠭ᠎ᠠ ᠶᠢ | ᠬᠦᠴᠦᠯᠡᠨ ᠪᠠᠶᠢᠭᠤᠯᠬᠤ ᠶᠢᠨ ᠬᠠᠮᠲᠤ ᠣᠯᠠᠨ ᠲᠦᠮᠡᠨ ᠤ ᠪᠦᠯᠬᠦᠮ ᠤᠨ ᠠᠵᠢᠯ ᠢ ᠳᠡᠮᠵᠢᠬᠦ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠄ ᠨᠢᠭᠡ ᠳᠤ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠂ ᠬᠤᠶᠠᠷ ᠲᠤ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠵᠠᠷᠤᠳᠠᠯ ᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ᠂ | ᠭᠤᠷᠪᠠ ᠳᠤ ᠣᠯᠠᠨ ᠲᠦᠮᠡᠨ ᠤ ᠪᠦᠯᠬᠦᠮ ᠤᠨ ᠠᠵᠢᠯ ᠢ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ | ᠬᠡᠷᠡᠭᠲᠡᠢ ᠭᠡᠪᠡ᠃ | ︽ᠰᠠᠨᠠᠯ︾ ᠳᠤ ᠪᠠᠰᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠣᠬᠠᠢ ᠪᠣᠳᠠᠲᠠᠶ ᠱᠠᠭᠠᠷᠳᠠᠯᠭ᠎ᠠ ᠳᠤᠷᠠᠳᠪᠠ᠄ ᠤᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠣᠨᠴᠠᠯᠢᠭ ᠲᠤ ᠴᠢᠭᠯᠡᠭᠦᠯᠦᠨ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠬᠤ ᠶᠢᠨ ᠳᠠᠭᠠᠤ ᠣᠯᠠᠨ | ᠲᠦᠮᠡᠨ ᠤ ᠪᠦᠯᠬᠦᠮ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠭᠦᠨ ᠤ ᠬᠠᠮᠲᠤ ᠤᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ | ᠴᠢᠩᠭᠠᠳᠬᠠᠬᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠺᠠᠳ᠋ᠷᠴᠤᠳ ᠤᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠬᠤ ᠬᠡᠷᠡᠭᠲᠡᠢ ᠭᠡᠪᠡ᠃ |