ᠠᠯᠠᠱᠠ ᠠᠶᠢᠮᠠᠭ ᠤᠨ ᠨᠡᠶᠢᠭᠡᠮ ᠤᠨ ᠲᠤᠰᠠᠯᠠᠮᠵᠢ ᠶᠢᠨ ᠠᠵᠢᠯ ᠨᠢ ︽ᠨᠡᠶᠢᠭᠡᠮ ᠤᠨ ᠲᠤᠰᠠᠯᠠᠮᠵᠢ ᠶᠢᠨ ᠲᠦᠷ | ᠬᠡᠷᠡᠭᠵᠢᠭᠦᠯᠬᠦ ᠠᠷᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠳᠦᠷᠢᠮᠵᠢᠭᠰᠡᠨ | ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠤᠰᠠᠯᠠᠮᠵᠢ ᠶᠢᠨ ᠲᠣᠭᠲᠠᠴᠠ ᠪᠠ ᠪᠠᠶᠢᠭᠤᠯᠤᠯ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠳᠤᠤᠷᠠᠬᠢ ᠬᠡᠳᠦᠨ ᠵᠦᠢᠯ ᠤᠨ ᠠᠷᠭ᠎ᠠ ᠶᠢ ᠠᠪᠴᠤ | ᠳᠤᠤᠷ᠎ᠠ ᠬᠠᠭᠠᠰ ᠵᠢᠯ ᠤᠨ ᠨᠡᠶᠢᠭᠡᠮ ᠤᠨ ᠲᠤᠰᠠᠯᠠᠮᠵᠢ ᠶᠢᠨ ᠠᠵᠢᠯ ᠢ ᠲᠣᠭᠲᠠᠭᠤᠨ ᠢᠶᠠᠷ ᠲᠦᠯᠬᠢᠨ ᠠᠬᠢᠭᠤᠯᠬᠤ ᠶᠢ | ᠪᠠᠲᠤᠯᠠᠵᠤ ᠪᠣᠢ᠃ | ᠨᠢᠭᠡ᠂ ᠣᠷᠣᠯᠭ᠎ᠠ ᠨᠢ ᠳᠣᠣᠷ᠎ᠠ ᠬᠥᠮᠥᠰ ᠢ ᠶᠡᠷᠦᠩᠬᠡᠶᠢᠯᠡᠨ ᠪᠠᠲᠤᠯᠠᠨ ᠲᠣᠭᠲᠠᠭᠠᠬᠤ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠵᠡᠢ᠃ ᠣᠷᠣᠯᠭ᠎ᠠ ᠨᠢ ᠳᠣᠣᠷ᠎ᠠ ᠬᠥᠮᠥᠰ ᠢ ᠪᠠᠲᠤᠯᠠᠨ ᠲᠣᠭᠲᠠᠭᠠᠬᠤ ᠠᠵᠢᠯ ᠤᠨ | ᠳᠦᠷᠢᠮᠵᠢᠭᠰᠡᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠣᠷᠣᠯᠭ᠎ᠠ ᠨᠢ ᠳᠣᠣᠷ᠎ᠠ ᠬᠥᠮᠥᠰ ᠢ ᠶᠡᠷᠦᠩᠬᠡᠶᠢᠯᠡᠨ | ᠪᠠᠲᠤᠯᠠᠨ ᠲᠣᠭᠲᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠪᠠ ᠤᠨᠤᠪᠴᠢᠲᠦ ᠴᠢᠨᠠᠷ ᠢ ᠳᠡᠭᠡᠭᠰᠢᠯᠡᠭᠦᠯᠦᠨ᠂ | ᠬᠦᠴᠢᠷᠳᠡᠯᠲᠡᠢ ᠣᠯᠠᠨ ᠲᠦᠮᠡᠨ ᠤ ᠪᠠᠲᠤᠯᠠᠬᠤ ᠶᠤᠰᠤᠲᠠᠢ ᠶᠢ ᠨᠢ ᠪᠠᠲᠤᠯᠠᠵᠤ᠂ ᠭᠠᠷᠭᠠᠬᠤ ᠶᠤᠰᠤᠲᠠᠢ ᠶᠢ ᠨᠢ | ᠭᠠᠷᠭᠠᠬᠤ ᠶᠢ ᠦᠨᠡᠨᠬᠦ ᠪᠠᠲᠤᠯᠠᠵᠠᠢ᠃ ᠠᠶᠢᠮᠠᠭ ᠤᠨ ᠵᠠᠬᠢᠷᠭ᠎ᠠ ᠠᠴᠠ ︽ᠠᠯᠠᠱᠠ ᠠᠶᠢᠮᠠᠭ ᠤᠨ ᠣᠷᠣᠯᠭ᠎ᠠ ᠨᠢ ᠳᠣᠣᠷ᠎ᠠ | ᠬᠥᠮᠥᠰ ᠢ ᠶᠡᠷᠦᠩᠬᠡᠶᠢᠯᠡᠨ ᠪᠠᠲᠤᠯᠠᠨ ᠲᠣᠭᠲᠠᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠬᠤ | ᠠᠵᠢᠯ ᠤᠨ ᠵᠢᠯᠣᠭᠤᠳᠬᠤ ᠰᠠᠨᠠᠯ︾ ᠢ ᠨᠡᠶᠢᠲᠡᠯᠡᠵᠦ᠂ ᠡᠯ᠎ᠡ ᠬᠤᠰᠢᠭᠤ ︵ᠳᠤᠭᠤᠷᠢᠭ︶ ︽ᠰᠠᠨᠠᠯ︾ ᠤᠨ | ᠵᠢᠯᠣᠭᠤᠳᠤᠯᠭ᠎ᠠ ᠳᠣᠣᠷ᠎ᠠ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠯᠭ᠎ᠠ ᠨᠢ | ᠳᠣᠣᠷ᠎ᠠ ᠬᠥᠮᠥᠰ ᠢ ᠶᠡᠷᠦᠩᠬᠡᠶᠢᠯᠡᠨ ᠪᠠᠲᠤᠯᠠᠨ ᠲᠣᠭᠲᠠᠭᠠᠬᠤ ᠶᠢᠨ ᠬᠡᠷᠡᠭᠵᠢᠭᠦᠯᠬᠦ ᠠᠷᠭ᠎ᠠ ᠬᠢᠭᠡᠳ ᠨᠠᠷᠢᠨ ᠳᠦᠷᠢᠮ ᠢ | ᠵᠠᠯᠭ᠎ᠠ ᠪᠠᠷ ᠨᠡᠶᠢᠲᠡᠯᠡᠵᠦ᠂ ᠵᠢᠩᠬᠢᠨᠢ ᠪᠠᠷ ᠳᠠᠷᠤᠮᠠᠯᠯᠠᠨ ᠲᠠᠷᠬᠠᠭᠠᠵᠠᠢ᠂ 10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ | ᠪᠦᠬᠦ ᠠᠶᠢᠮᠠᠭ 1044 ᠬᠦᠮᠦᠨ ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠠᠴᠠ ᠭᠠᠷᠭᠠᠵᠤ ︵ᠡᠭᠦᠨ ᠳᠤ | ᠬᠤᠲᠠ ᠶᠢᠨ ᠬᠦᠮᠦᠨ 497 ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ 547 ᠪᠣᠢ︶᠂ 550 ᠬᠥᠮᠥᠨ | ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠲᠡᠭᠴᠡᠳ ᠢᠶᠠᠷ ᠰᠢᠨ᠎ᠡ ᠪᠠᠷ ᠨᠡᠮᠡᠭᠳᠡᠵᠡᠢ ︵ᠡᠭᠦᠨ ᠳᠤ | ᠬᠤᠲᠠ ᠶᠢᠨ ᠬᠥᠮᠥᠨ 322 ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ 228 ᠪᠣᠢ︶᠃ | ᠬᠤᠶᠠᠷ᠂ ︽ᠠᠯᠠᠱᠠ ᠠᠶᠢᠮᠠᠭ ᠤᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠡᠢ᠃ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠠᠭᠤᠯᠭ᠎ᠠ ᠶᠢ ᠨᠢᠬᠡᠲᠦᠭᠦᠯᠵᠦ᠂ ᠠᠯᠠᠱᠨ ᠵᠡᠭᠦᠨ | ᠬᠤᠰᠢᠭᠤ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠠᠩᠰᠠ ᠡᠪᠬᠡᠮᠡᠯ ᠢ ᠰᠤᠭᠤᠴᠢᠨ ᠪᠠᠶᠢᠴᠠᠭᠠᠵᠤ᠂ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠤᠷᠤᠭᠤᠯᠬᠤ ᠨᠢ ᠳᠦᠷᠢᠮᠵᠢᠯ ᠲᠠᠢ ᠡᠰᠡᠬᠦ ᠶᠢ ᠬᠢᠨᠠᠨ | ᠬᠠᠷᠭᠤᠭᠤᠯᠵᠤ᠂ ᠴᠠᠭᠠᠰᠤᠲᠤ ᠳᠠᠩᠰᠠ ᠡᠪᠬᠡᠮᠡᠯ ᠬᠢᠭᠡᠳ ᠰᠢᠰᠲ᠋ᠧᠮ ᠤᠨ ᠲᠤᠳᠤᠭᠠᠳᠤᠬᠢ ᠮᠡᠳᠡᠭᠡ ᠵᠠᠩᠭᠢ ᠶᠢ | ᠬᠠᠷᠢᠯᠴᠠᠨ ᠬᠠᠷᠭᠤᠭᠤᠯᠵᠤ᠂ ᠠᠰᠠᠭᠤᠳᠠᠯ ᠢ ᠨᠢ ᠡᠷᠢᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠲᠥᠰᠥᠯ | ᠳᠤᠷᠠᠳᠤᠨ᠂ ᠡᠯ᠎ᠡ ᠬᠤᠰᠢᠭᠤ ︵ᠲᠤᠭᠤᠷᠢᠭ︶ ᠢ ︽ᠭᠤᠷᠪᠠᠨ ᠳᠡᠪᠲᠡᠷ᠂ ᠳᠥᠷᠪᠡᠨ ᠬᠦᠰᠦᠨᠦᠭ᠂ ᠬᠤᠶᠠᠷ | ᠲᠡᠮᠳᠡᠭᠯᠡᠯ︾ ᠶᠤᠰᠤᠭᠠᠷ ᠳᠦᠷᠢᠮᠵᠢᠭᠦᠯᠦᠨ ᠤᠷᠤᠭᠤᠯᠬᠤ ᠪᠠ ᠬᠠᠮᠢᠶᠠᠷᠬᠤ ᠶᠢ ᠱᠠᠭᠠᠷᠳᠠᠵᠠᠢ᠃ | ᠭᠤᠷᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ | ︽ᠬᠢᠨᠠᠨ ᠪᠣᠳᠣᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠪᠠᠴᠢᠮ ᠮᠡᠳᠡᠭᠳᠡᠯ︾ ᠪᠠ ︽ᠬᠤᠳᠠ ᠬᠥᠳᠡᠭᠡ ᠶᠢᠨ ᠠᠮᠢᠳᠤᠷᠠᠯ ᠤᠨ ᠳᠤᠤᠷ᠎ᠠ ᠪᠠᠲᠤᠯᠠᠭ᠎ᠠ ᠶᠢ | ᠬᠢᠨᠠᠨ ᠪᠣᠳᠣᠬᠤ ᠲᠤᠰᠬᠠᠶ ᠵᠦᠢᠯ ᠤᠨ ᠴᠡᠭᠴᠡᠯᠡᠨ ᠰᠠᠶᠢᠵᠢᠷᠠᠭᠤᠯᠬᠤ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠶ | ᠮᠡᠳᠡᠭᠳᠡᠯ︾ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠠᠶᠢᠮᠠᠭ ᠡᠨᠡ ᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠬᠤᠷᠠᠯ | ᠬᠤᠷᠠᠯᠳᠤᠭᠤᠯᠵᠤ᠂ ᠡᠯ᠎ᠡ ᠬᠤᠰᠢᠭᠤ ︵ᠲᠤᠭᠤᠷᠢᠭ︶ ᠳᠤ ᠡᠳ᠋ ᠤᠨ ᠵᠠᠰᠠᠭ ᠠᠴᠠ ᠠᠰᠠᠷᠠᠨ ᠬᠠᠷᠠᠭᠠᠯᠵᠠᠵᠤ ᠪᠠᠶᠢᠭ᠎ᠠ | ᠬᠦᠮᠦᠰ ᠲᠣᠭᠲᠠᠭᠠᠯ ᠠᠴᠠ ᠵᠥᠷᠢᠴᠡᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠵᠦ ᠪᠠᠶᠢᠬᠤ ᠶᠢ | ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠬᠤ ᠬᠡᠷᠡᠭᠲᠡᠢ ᠭᠡᠵᠦ ᠱᠠᠭᠠᠷᠳᠠᠪᠠ᠃ 11 ᠳ᠋ᠦ᠋ᠭᠡᠷ ᠰᠠᠷ᠎ᠠ ᠶᠢᠨ 10 ᠤ | ᠡᠳᠦᠷ ᠪᠤᠯᠬᠤ ᠳᠤ᠂ ᠠᠯᠠᠱᠠ ᠠᠶᠢᠮᠠᠭ ᠲᠣᠭᠲᠠᠭᠠᠯ ᠠᠴᠠ ᠵᠥᠷᠢᠴᠡᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠠᠷᠠᠭᠠᠯᠵᠠᠯ ᠬᠦᠷᠲᠡᠵᠦ ᠪᠠᠶᠢᠭᠰᠠᠨ ᠬᠥᠮᠦᠰ ᠢ ᠪᠠᠲᠤᠯᠠᠭ᠎ᠠ ᠠᠴᠠ ᠭᠠᠷᠭᠠᠬᠤ ᠪᠤᠶᠤ ᠪᠡᠯᠡ ᠮᠥᠩᠭᠦ ᠶᠢ | ᠨᠡᠬᠡᠮᠵᠢᠯᠡᠨ ᠲᠤᠰᠢᠶᠠᠯᠭᠠᠬᠤ ᠠᠵᠢᠯ ᠢ ᠨᠢᠭᠡᠨᠲᠡ ᠪᠡᠶᠡᠯᠡᠭᠦᠯᠪᠡ᠃ 48198 ᠲᠥᠭᠦᠷᠢᠭ ᠤᠨ ᠪᠡᠯᠡ ᠮᠥᠩᠭᠦ ᠨᠡᠬᠡᠨ | ᠠᠪᠴᠢᠷᠠᠵᠤ ᠴᠥᠮ ᠲᠤᠬᠠᠶ ᠶᠢᠨ ᠭᠠᠵᠠᠷ ᠤᠨ ᠡᠳ᠋ ᠤᠨ ᠵᠠᠰᠠᠭ ᠤᠨ ᠤᠯᠤᠰ ᠤᠨ ᠬᠦᠮᠦᠷᠭᠡ ᠳᠤ ᠲᠤᠰᠢᠶᠠᠪᠠ᠃ | ᠲᠦᠷᠪᠡ᠂ ︽ᠠᠯᠠᠱᠠ ᠠᠶᠢᠮᠠᠭ ᠤᠨ ᠬᠤᠳᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ | ᠲᠤᠷᠰᠢᠨ ᠬᠡᠷᠡᠭᠵᠢᠭᠦᠯᠬᠦ ᠠᠷᠭ᠎ᠠ︾ ᠳᠤ ᠳᠠᠬᠢᠨ ᠵᠠᠰᠠᠪᠤᠷᠢ ᠤᠷᠤᠭᠤᠯᠪᠠ᠃ ︽ᠠᠷᠭ᠎ᠠ︾ ᠳᠤ ᠲᠥᠷᠥ ᠶᠢᠨ | ᠪᠤᠳᠤᠯᠭ᠎ᠠ ᠶᠢᠨ ᠬᠡᠪᠴᠢᠶᠡᠨ ᠳᠣᠲᠣᠷ᠎ᠠ᠂ ᠡᠩ ᠤᠨ ᠡᠪᠡᠳᠴᠢᠨ ᠡᠮᠬᠡᠭ ᠤᠯᠤᠭᠰᠠᠨ ᠭᠤᠣᠯᠳᠠᠯᠭ᠎ᠠ ᠲᠠᠢ ᠠᠪᠤᠷᠠᠨ | ᠲᠤᠰᠠᠯᠠᠬᠤ ᠡᠲᠡᠭᠡᠳ ᠤᠨ ᠲᠣᠭᠲᠠᠭᠰᠠᠨ ᠴᠢᠬ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠲᠤ | ᠰᠠᠭᠤᠭᠰᠠᠨ ᠵᠠᠷᠤᠳᠠᠯ ᠠᠴᠠ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠵᠢᠴᠢ ᠡᠯ᠎ᠡ ᠵᠦᠢᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ᠂ | ᠬᠤᠳᠠᠯᠳᠤᠭᠠᠨ ᠤ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠬᠦ ᠵᠠᠷᠤᠳᠠᠯ | ᠳᠤ ᠵᠢᠯ ᠤᠨ ᠠᠪᠤᠷᠠᠨ ᠲᠤᠰᠠᠯᠠᠬᠤ ᠬᠡᠮᠵᠢᠶ᠎ᠡ ᠶᠢ 70 % ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠣᠷᠣᠨ | ᠨᠤᠲᠤᠭ ᠤᠨ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠪᠠᠶᠢᠩᠭᠤ ᠰᠠᠭᠤᠭ᠎ᠠ ᠬᠥᠮᠦᠨ ᠠᠮᠠ ᠪᠦᠷᠢ ᠶᠢᠨ 12 | ᠲᠥᠭᠦᠷᠢᠭ ᠤᠨ ᠪᠠᠷᠢᠮᠵᠢᠶ᠎ᠠ ᠠᠴᠠ ᠳᠤᠤᠷ᠎ᠠ ᠪᠠᠶᠢᠯᠭᠠᠬᠤ ᠦᠭᠡᠢ ᠪᠠᠷ ᠡᠮᠨᠡᠯᠭᠡ ᠶᠢᠨ ᠠᠪᠤᠷᠠᠨ ᠲᠤᠰᠠᠯᠠᠬᠤ ᠪᠡᠯᠡ | ᠮᠥᠩᠭᠦ ᠶᠢ ᠢᠵᠢ ᠪᠦᠷᠢᠳᠦᠭᠦᠯᠵᠦ᠂ ᠠᠶᠢᠮᠠᠭ᠂ ᠬᠤᠰᠢᠭᠤᠨ ᠤ ᠡᠳ᠋ ᠤᠨ ᠵᠠᠰᠠᠭ 2:8 ᠤᠨ ᠬᠠᠷᠢᠴᠠᠯ ᠢᠶᠠᠷ ᠱᠠᠳᠤ | ᠬᠤᠪᠢᠶᠠᠨ ᠡᠭᠦᠷᠭᠡᠯᠡᠬᠦ ᠬᠡᠷᠡᠭᠲᠡᠢ ᠭᠡᠵᠦ ᠲᠤᠳᠤᠷᠬᠠᠢ ᠲᠤᠭᠲᠠᠭᠠᠵᠠᠢ᠃ ᠡᠭᠦᠨ ᠤ ᠵᠡᠷᠭᠡᠴᠡᠭᠡᠪᠡᠷ ᠡᠮᠴᠢᠯᠡᠭᠡ ᠶᠢᠨ | ᠰᠢᠰᠲ᠋ᠧᠮ ᠤᠨ ᠠᠪᠤᠷᠠᠨ ᠲᠤᠰᠠᠯᠠᠬᠤ ᠬᠠᠷᠢᠴᠠᠯ ᠳᠤ ᠵᠠᠰᠠᠪᠤᠷᠢ ᠣᠷᠣᠭᠤᠯᠵᠤ᠂ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠪᠦᠷᠢᠨᠰᠡᠭᠦᠯᠵᠡᠢ᠃ | ᠲᠠᠪᠤ᠂ ︽ᠠᠯᠠᠱᠠ ᠠᠶᠢᠮᠠᠭ ᠤᠨ ᠠᠪᠤᠷᠠᠨ ᠲᠤᠰᠠᠯᠠᠬᠤ ᠶᠢ ᠲᠦᠷ ᠴᠠᠭ ᠤᠨ ᠬᠡᠷᠡᠭᠵᠢᠭᠦᠯᠬᠦ ᠠᠷᠭ᠎ᠠ︾ ᠶᠢ | ᠳᠠᠬᠢᠨ ᠨᠡᠶᠢᠲᠡᠯᠡᠭᠡᠳ᠂ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠪᠤᠷᠠᠨ ᠲᠤᠰᠠᠯᠠᠬᠤ ᠪᠠᠷᠢᠮᠵᠢᠶ᠎ᠠ ᠶᠢ | ᠳᠡᠭᠡᠭᠰᠢᠯᠡᠭᠦᠯᠵᠦ᠂ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠲᠡᠰ ᠳᠠᠷᠠᠭᠠᠯᠠᠯ ᠢ ᠳᠦᠬᠦᠮᠴᠢᠯᠡᠵᠦ᠂ ᠬᠤᠲᠠ | ᠬᠥᠳᠡᠭᠡ ᠶᠢᠨ ᠣᠯᠠᠨ ᠲᠦᠮᠡᠨ ᠤ ᠭᠡᠨᠡᠳᠲᠡ ᠶᠢᠨ ᠴᠢᠨᠠᠷ ᠲᠠᠢ᠂ ᠲᠤᠯᠭᠠᠮ᠎ᠠ ᠴᠢᠨᠠᠷ ᠲᠠᠢ ᠪᠠ ᠲᠦᠷ ᠴᠠᠭ ᠤᠨ | ᠴᠢᠨᠠᠷᠲᠠᠶ ᠠᠮᠢᠳᠦᠷᠠᠯ ᠤᠨ ᠬᠦᠢᠴᠢᠷᠳᠡᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠲᠦᠷ ᠴᠠᠭ ᠤᠨ ᠠᠪᠤᠷᠠᠨ | ᠲᠤᠰᠠᠯᠠᠬᠤ ᠲᠦᠷᠢᠮ ᠤᠨ ᠨᠠᠭᠠᠳᠤ ᠵᠠᠬ᠎ᠠ ᠶᠢᠨ ᠬᠢᠵᠠᠭᠠᠷ ᠱᠤᠭᠤᠮ ᠳᠤ ᠲᠦᠰᠢᠵᠦ᠂ ᠬᠦᠴᠢᠷᠳᠡᠯ ᠢ ᠪᠠᠴᠢᠮ | ᠲᠤᠰᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠠᠢ᠃ | ᠵᠢᠷᠭᠤᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ | ᠨᠡᠮᠡᠭᠳᠡᠭᠦᠯᠵᠡᠢ᠃ ᠠᠯᠠᠱᠠ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠤᠬᠠᠭᠤᠯᠭ᠎ᠠ ᠶᠢᠨ | ᠵᠦᠭᠯᠡᠭᠦᠷ ᠢᠶᠠᠨ ᠳᠠᠬᠢᠨ ᠰᠢᠨ᠎ᠡ ᠪᠠᠷ ᠵᠠᠰᠠᠵᠤ ᠨᠠᠶᠢᠷᠠᠭᠤᠯᠤᠨ᠂ ᠲᠦᠮᠡᠨ ᠳᠡᠪᠲᠡᠷ ᠲᠠᠷᠤᠮᠠᠯᠯᠠᠵᠤ᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ | ︶ ᠳᠤ ᠲᠠᠷᠬᠠᠭᠠᠵᠤ᠂ ᠵᠦᠭᠯᠡᠭᠦᠷ ᠲᠤ ᠨᠡᠶᠢᠭᠡᠮ ᠤᠨ ᠠᠪᠤᠷᠠᠨ ᠲᠤᠰᠠᠯᠠᠬᠤ ᠠᠭᠤᠯᠭ᠎ᠠ ᠪᠠ ᠠᠪᠤᠷᠠᠨ ᠲᠤᠰᠠᠯᠠᠬᠤ | ᠪᠠᠷᠢᠮᠵᠢᠶ᠎ᠠ ᠵᠢᠴᠢ ᠠᠪᠤᠷᠠᠨ ᠲᠤᠰᠠᠯᠠᠭᠤᠯᠬᠤ ᠪᠠᠷ ᠭᠤᠶᠤᠴᠢᠯᠠᠬᠤ ᠴᠤᠪᠤᠷᠠᠯ ᠢ ᠲᠤᠳᠤᠷᠬᠠᠶᠢᠯᠠᠵᠤ᠂ ᠦᠭᠡ ᠬᠡᠯᠡ ᠨᠢ | ᠲᠣᠪᠴᠢ ᠠᠪᠰᠠᠷᠬᠠᠨ᠂ ᠳᠦᠬᠦᠮ ᠣᠶᠢᠯᠠᠭᠠᠮᠵᠢᠲᠠᠶ ᠪᠠᠶᠢᠯᠭᠠᠬᠤ᠂ ᠠᠷᠠᠳ ᠢᠷᠭᠡᠳ ᠢ ᠲᠦᠷᠦ ᠶᠢᠨ ᠪᠤᠳᠤᠯᠭ᠎ᠠ ᠶᠢ | ᠤᠶᠢᠯᠭᠠᠵᠤ᠂ ᠨᠥᠬᠦᠴᠡᠯ ᠶᠣᠰᠣᠭᠠᠷ ᠰᠠᠨᠠᠭᠠᠴᠢᠯᠠᠭ᠎ᠠ ᠠᠴᠠ ᠪᠠᠨ ᠭᠤᠶᠤᠴᠢᠯᠠᠯ ᠭᠠᠷᠭᠠᠬᠤ ᠪᠤᠯᠭᠠᠵᠤ᠂ ᠬᠦᠴᠢᠷᠳᠡᠯᠲᠡᠶ | ᠤᠯᠠᠨ ᠲᠦᠮᠡᠨ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ᠂ ᠬᠦᠴᠢᠷᠳᠡᠯᠲᠡᠶ ᠤᠯᠠᠨ | ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠵᠠᠢ᠃ |