ᠠᠯᠠᠱᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠴᠠᠭ ᠲᠤᠬᠠᠶ ᠳᠤᠨᠢ ᠪᠠᠭᠤᠯᠭᠠᠪᠠ
ᠨᠡᠶᠢᠲᠡᠯᠡᠭᠰᠡᠨ ᠴᠠᠭ᠄
2015/11/5
     ᠭᠠᠴᠠᠭ᠎ᠠ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠠᠰ ᠠᠰ ᠢᠶᠠᠷ ᠨᠢ  ᠵᠥᠪᠯᠡᠭᠰᠡᠨ ᠤ ᠡᠳ᠋ ᠤᠨ ᠵᠠᠰᠠᠭ ᠠᠴᠠ ᠱᠠᠩᠨᠠᠵᠤ ᠲᠤᠰᠠᠯᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠤᠰᠠᠳᠠ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠠᠬᠢ ᠡᠳ᠋ ᠤᠨ ᠵᠠᠰᠠᠭ ᠎ ᠠᠴᠠ ᠱᠠᠩᠨᠠᠵᠤ ᠲᠤᠰᠠᠯᠠᠬᠤ ᠪᠡᠯᠡ ᠮᠥᠩᠭᠦ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠮᠥᠩᠭᠦ ﹇2015﹈ 1243 ᠳ᠋ᠤᠭᠠᠷ ᠲᠣᠭᠠᠲᠤ︶᠎ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠲᠣᠭᠲᠠᠭᠠᠬᠤ ᠪᠣᠳᠠᠲᠠᠶ ᠲᠠᠢ ᠤᠶᠠᠯᠳᠤᠭᠤᠯᠤᠨ᠂ ᠣᠶᠢᠷ᠎ᠠ ᠳᠤ᠂   ᠠᠯᠠᠱᠠᠨ ᠠᠶᠢᠮᠠᠭ ᠤᠨ ᠡᠳ᠋ ᠤᠨ ᠵᠠᠰᠠᠭ ᠠᠴᠠ ᠡᠵᠡᠨ᠎ᠡ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠠᠬᠢ ᠡᠳ᠋ ᠤᠨ ᠵᠠᠰᠠᠭ ᠎ ᠠᠴᠠ  ᠱᠠᠩᠨᠠᠵᠤ ᠲᠤᠰᠠᠯᠠᠬᠤ ᠪᠡᠯᠡ ᠮᠥᠩᠭᠦ 1000 ᠲᠦᠮᠡᠨ ᠲᠥᠭᠦᠷᠢᠭ ᠢ ᠰᠠᠯᠭᠠᠨ ᠥᠭᠭᠦᠭᠰᠡᠨ ᠪᠦᠭᠡᠳ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠄      ᠨᠢᠭᠡ ᠳᠤ ᠲᠥᠰᠦᠪ ᠤᠨ ᠭᠦᠢᠴᠡᠳᠬᠡᠯ ᠪᠠ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠥᠷᠭᠡᠳᠬᠡᠬᠦ ᠬᠡᠷᠡᠭᠲᠡᠶ᠃ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠲᠥᠷᠥᠯ ᠵᠦᠢᠯ ᠢ ᠬᠡᠷᠡᠭᠵᠢᠭᠦᠯᠬᠦ᠂ ᠲᠥᠷᠥᠯ ᠵᠦᠢᠯ ᠢ ᠰᠢᠯᠭᠠᠨ ᠠᠪᠬᠤ ᠪᠠ ᠪᠡᠯᠡ ᠮᠥᠩᠭᠦ ᠥᠭᠬᠦ ᠠᠬᠢᠴᠠ ᠶᠢ ᠲᠦᠷᠭᠡᠳᠬᠡᠨ᠂ ᠠᠰ ᠠᠰ ᠢᠶᠠᠷ ᠨᠢ ᠵᠥᠪᠯᠡᠭᠰᠡᠨ ᠤ ᠡᠳ᠋ ᠤᠨ ᠵᠠᠰᠠᠭ ᠠᠴᠠ ᠱᠠᠩᠨᠠᠵᠤ ᠲᠤᠰᠠᠯᠠᠬᠤ ᠲᠥᠷᠥᠯ ᠵᠦᠢᠯ ᠪᠣᠯᠣᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ ᠲᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠯᠦᠭᠡ ᠵᠤᠯᠭᠠᠯᠳᠤᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠪᠣᠯᠣᠨ ᠠᠰ ᠠᠰ ᠢᠶᠠᠷ ᠨᠢ ᠵᠥᠪᠯᠡᠭᠰᠡᠨ ᠤ ᠡᠳ᠋ ᠤᠨ ᠵᠠᠰᠠᠭ ᠠᠴᠠ ᠱᠠᠩᠨᠠᠵᠤ ᠲᠤᠰᠠᠯᠠᠬᠤ ᠲᠥᠷᠥᠯ ᠵᠦᠢᠯ ᠪᠣᠯ ᠴᠥᠮ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠬᠦ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ ᠡᠨᠡ ᠬᠤᠶᠠᠷ ᠤᠨ ᠬᠤᠭᠤᠷᠣᠨᠳᠣ ᠬᠠᠷᠢᠯᠴᠠᠨ  ᠰᠣᠯᠪᠢᠴᠠᠭᠰᠠᠨ ᠬᠦᠷᠢᠶ᠎ᠡ ᠬᠡᠪᠴᠢᠶ᠎ᠡ ᠪᠠᠶᠢᠳᠠᠭ ᠲᠤᠯᠠ᠂ ᠬᠠᠷᠢᠯᠴᠠᠨ ᠬᠦᠴᠦ ᠪᠠᠨ ᠠᠰᠢᠭᠯᠠᠨ᠂ ᠬᠠᠷᠢᠯᠴᠠᠨ  ᠨᠥᠬᠦᠪᠦᠷᠢᠯᠡᠵᠦ᠂ ᠬᠠᠮᠲᠤ ᠪᠠᠷ ᠪᠦᠳᠦᠭᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠲᠠᠷᠢᠶᠠᠯᠠᠬᠤ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠯ᠎ᠠ ᠳᠤ ᠬᠦᠴᠦᠯᠡᠵᠦ᠂ ᠲᠥᠷᠥᠯ ᠵᠦᠢᠯ ᠢ ᠳᠠᠪᠬᠤᠷᠳᠠᠭᠤᠯᠤᠨ ᠪᠦᠳᠦᠭᠡᠨ ᠪᠠᠶᠢᠭᠤᠯᠬᠤ᠂ ᠪᠡᠯᠡ ᠮᠥᠩᠭᠦ ᠶᠢ ᠳᠠᠪᠬᠤᠷᠳᠠᠭᠤᠯᠤᠨ ᠣᠷᠣᠭᠤᠯᠬᠤ ᠠᠴᠠ ᠵᠠᠶᠢᠯᠠᠰᠬᠢᠬᠦ ᠬᠡᠷᠡᠭᠲᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号