ᠨᠠᠮ ᠤᠨ ᠲᠥᠪ ᠬᠤᠷᠢᠶ᠎ᠠ ᠠᠴᠠ ᠳᠤᠷᠠᠳᠤᠭᠰᠠᠨ ︽ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ ᠬᠠᠮᠲᠤ ᠶᠢᠨ ᠭᠡᠷ ᠣᠷᠣᠨ ᠢ ᠪᠠᠶᠢᠭᠤᠯᠬᠤ︾ ᠪᠠᠶᠢᠯᠳᠤᠬᠤ | ᠪᠤᠳᠤᠯᠭ᠎ᠠ ᠶᠢᠨ ᠡᠭᠦᠷᠭᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠤᠨ ᠲᠦᠯᠦᠭᠡ᠂ ᠡᠪᠦᠯ ᠤᠨ ᠤᠯᠠᠷᠢᠯ | ᠬᠦᠷᠴᠦ ᠢᠷᠡᠬᠦ ᠲᠠᠰᠢᠷᠠᠮ ᠳᠤ᠂ ᠬᠥᠬᠡᠬᠤᠲᠠ ᠶᠢᠨ ᠵᠠᠭᠤᠨ ᠬᠥᠮᠦᠨ ᠵᠠᠭᠤᠨ ᠳᠤᠭᠤᠶᠢᠯᠠᠩ ᠵᠠᠭᠤᠨ ᠲᠦᠮᠡᠨ | ᠬᠥᠮᠦᠨ ᠢ ᠳᠠᠶᠢᠴᠢᠯᠠᠬᠤ ᠢᠨᠵᠧᠨᠧᠷᠢᠩ ᠤᠨ ᠵᠣᠬᠢᠶᠠᠨ ᠪᠠᠶᠢᠭᠤᠯᠬᠤ ᠺᠤᠮᠢᠰ ᠤᠨ ᠠᠯᠪᠠᠨ ᠭᠡᠷ ᠬᠤᠯᠪᠣᠭᠳᠠᠯ ᠪᠦᠬᠦᠢ | ᠨᠢᠭᠡᠴᠠ ᠲᠠᠢ ᠬᠠᠮᠲᠤᠷᠠᠵᠦ᠂ ᠡᠪᠦᠯ ᠤᠨ ᠤᠯᠠᠷᠢᠯ ᠳᠤ ᠰᠣᠶᠣᠯ ᠢᠶᠠᠷ ᠳᠤᠯᠠᠭᠠᠯᠠᠬᠤ ᠨᠡᠶᠢᠲᠡ ᠶᠢᠨ ᠠᠰᠠᠷᠠᠮᠵᠢ ᠶᠢᠨ | ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠬᠦ ᠪᠠᠷ ᠲᠤᠭᠲᠠᠵᠠᠢ᠃ ᠡᠨᠡ ᠤᠳᠠᠭᠠᠨ ᠤ ᠠᠵᠢᠯᠯᠠᠭ᠎ᠠ ᠨᠢ | ︽ᠬᠠᠬᠢᠷ ᠡᠪᠦᠯ ᠬᠠᠯᠠᠭᠤᠨ ᠳᠤᠯᠠᠭᠠᠨ ᠬᠦᠷᠭᠡᠵᠦ᠂ ᠬᠥᠬᠡᠬᠤᠲᠠ ᠳᠠᠭᠠᠨ ᠦᠯᠡᠮᠵᠢ ᠬᠠᠶᠢᠷᠠᠲᠠᠢ ︾ — — | ᠵᠠᠭᠤᠨ ᠬᠥᠮᠦᠨ ᠵᠠᠭᠤᠨ ᠳᠤᠭᠤᠶᠢᠯᠠᠩ ᠭᠠᠷ ᠭᠠᠷ ᠢᠶᠠᠨ ᠬᠤᠯᠪᠤᠯᠴᠠᠵᠤ ᠰᠣᠶᠣᠯ ᠤᠨ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠶᠢ ᠦᠷᠨᠢᠭᠦᠯᠬᠦ ᠪᠠᠷ ᠭᠤᠤᠯ ᠰᠡᠳᠦᠪ ᠪᠤᠯᠭᠠᠵᠡᠢ᠃ | ᠡᠨᠡ ᠤᠳᠠᠭ᠎ᠠ ᠶᠢᠨ ᠠᠵᠢᠯᠯᠠᠭ᠎ᠠ ᠨᠢ 2015 ᠤᠨ ᠤ 11 ᠰᠠᠷ᠎ᠠ ᠶᠢᠨ 6 ᠤ ᠡᠳᠦᠷ ᠠᠴᠠ 2016 | ᠤᠨ ᠤ 1 ᠰᠠᠷ᠎ᠠ ᠶᠢᠨ 31 ᠤ ᠡᠳᠦᠷ ᠬᠦᠷᠲᠡᠯ᠎ᠡ᠂ ᠬᠤᠳᠠ ᠶᠢᠨ ᠨᠡᠶᠢᠭᠡᠮ ᠲᠣᠭᠤᠷᠢᠭ᠂ ᠬᠡᠰᠡᠭ ᠰᠤᠷᠭᠠᠭᠤᠯᠢ᠂ | ᠰᠢᠶᠠᠩ ᠪᠠᠯᠭᠠᠰᠤ ᠬᠥᠳᠡᠭᠡ ᠲᠣᠰᠬᠤᠨ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠠᠵᠠᠷ ᠤᠳ ᠲᠤ ᠶᠠᠪᠤᠭᠳᠠᠨ᠎ᠠ᠃ | ᠲᠤᠰ ᠠᠵᠢᠯᠯᠠᠭ᠎ᠠ ᠶᠢ ᠬᠥᠬᠡᠬᠤᠲᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ | ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠰᠣᠶᠣᠯ ᠤᠨ | ᠴᠢᠳᠠᠪᠤᠷᠢᠲᠠᠨ ᠤ ︵ᠬᠥᠮᠥᠷᠭᠡ︶ ᠵᠠᠭᠤᠨ ᠬᠥᠮᠦᠨ ᠵᠠᠭᠤᠨ ᠳᠤᠭᠤᠶᠢᠯᠠᠩ ᠵᠠᠭᠤᠨ ᠲᠦᠮᠡᠨ ᠬᠥᠮᠦᠨ ᠳᠠᠶᠢᠴᠢᠯᠠᠬᠤ | ᠢᠨᠵᠧᠨᠧᠷᠢᠩ ᠤᠨ ᠵᠣᠬᠢᠶᠠᠨ ᠪᠠᠶᠢᠭᠤᠯᠬᠤ ᠺᠣᠮᠢᠰ ᠤᠨ ᠠᠯᠪᠠᠨ ᠭᠡᠷ᠂ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠶᠢᠨ ᠤᠳᠬ᠎ᠠ ᠤᠷᠠᠯᠢᠭ ᠤᠨ ᠨᠡᠪᠲᠡᠷᠡᠭᠦᠯᠭᠡ᠂ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ | ᠵᠠᠯᠭᠠᠮᠵᠢᠯᠠᠨ ᠰᠤᠷᠤᠯᠴᠠᠬᠤ ᠳᠡᠯᠭᠡᠨ ᠦᠵᠡᠭᠦᠯᠦᠯᠭᠡ ᠶᠢᠨ ᠣᠷᠳᠣᠨ᠂ ᠰᠣᠶᠣᠯ ᠢ ᠨᠡᠶᠢᠭᠡᠮ ᠲᠣᠭᠤᠷᠢᠭ ᠲᠤ | ᠤᠷᠤᠭᠤᠯᠬᠤ ᠲᠤᠮᠤ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠺᠤᠮᠢᠰ ᠤᠨ | ᠠᠯᠪᠠᠨ ᠭᠡᠷ ᠳᠠᠭᠠᠭᠠᠨ ᠡᠷᠬᠢᠯᠡᠨ᠎ᠡ᠃ | ᠪᠣᠳᠠᠲᠠᠶ ᠠᠵᠢᠯᠯᠠᠭᠠᠨ ᠤ ᠠᠭᠤᠯᠭ᠎ᠠ ᠳᠤ᠄ ᠨᠡᠶᠢᠭᠡᠮ ᠲᠣᠭᠤᠷᠢᠭ ᠲᠠᠬᠢ ᠶᠠᠳᠠᠭᠤ ᠬᠦᠴᠢᠷᠳᠡᠯᠲᠡᠶ ᠭᠡᠷ ᠪᠦᠯᠢ | ᠪᠠ ᠣᠨᠴᠠᠭᠠᠶ ᠬᠥᠮᠦᠰ ᠲᠤ ᠰᠣᠶᠣᠯ ᠢᠶᠠᠷ ᠲᠤᠯᠠᠭᠠᠯᠠᠬᠤ ᠪᠠ ᠬᠤᠪᠴᠠᠰᠤ ᠬᠤᠨᠠᠷ ᠢᠶᠠᠷ ᠲᠤᠰᠠᠯᠠᠬᠤ ᠪᠠᠷ ᠭᠤᠣᠯ | ᠪᠣᠯᠭᠠᠭᠰᠠᠨ ᠠᠵᠢᠯᠯᠠᠭ᠎ᠠ ᠤᠳ ᠪᠠᠭᠲᠠᠨ᠎ᠠ᠂ ᠡᠨᠡᠬᠦ ᠠᠵᠢᠯᠯᠠᠭ᠎ᠠ ᠪᠠᠷ ᠳᠠᠮᠵᠢᠭᠤᠯᠤᠨ᠂ ᠳᠤᠮᠳᠠᠳᠤ ᠶᠢᠨ | ᠦᠨᠳᠦᠰᠦᠲᠡᠨ ᠤ ᠲᠦᠭᠡᠮᠡᠯ ᠬᠠᠶᠢᠷ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠠᠮ ᠪᠠ ᠵᠠᠰᠠᠭ ᠤᠨ | ᠣᠷᠳᠣᠨ ᠠᠴᠠ ᠪᠠᠭᠤᠷᠠᠶᠢᠴᠤᠤᠯ ᠢ ᠬᠠᠯᠠᠮᠵᠢᠯᠠᠨ ᠬᠠᠷᠠᠭᠠᠯᠵᠠᠵᠤ ᠪᠠᠶᠢᠬᠤ ᠶᠢ ᠢᠯᠡᠷᠡᠭᠦᠯᠦᠨ᠎ᠡ︔ ᠲᠡᠦᠬᠡ ᠶᠢᠨ | ᠡᠷᠳᠡᠮᠲᠡᠨ᠂ ᠲᠤᠰᠬᠠᠶ ᠮᠡᠷᠭᠡᠵᠢᠯᠲᠡᠨ ᠢ ᠤᠷᠢᠵᠤ ᠰᠤᠷᠭᠠᠭᠤᠯᠢ ᠲᠠᠢ ᠬᠠᠮᠲᠤᠷᠠᠨ ᠤᠤᠷ ᠰᠤᠶᠤᠯ ᠤᠨ ᠲᠠᠶᠢᠯᠤᠮᠵᠢ | ᠡᠷᠬᠢᠯᠡᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠲᠤᠬᠠᠢ ᠲᠤᠰᠬᠠᠶ ᠰᠡᠳᠦᠪᠲᠦ ᠶᠠᠷᠢᠶ᠎ᠠ ᠢᠯᠡᠳᠬᠡᠯ | ᠬᠢᠯᠭᠡᠵᠦ᠂ ︽ᠰᠢᠳᠤᠷᠭᠤ︾ ︽ᠡᠯᠪᠡᠷᠢᠯ︾ ︽ᠶᠣᠰᠣᠯᠠᠯ︾ ︽ᠵᠢᠷᠦᠮ︾ ︽ᠢᠲᠡᠭᠡᠯ︾ ᠤᠨ ᠤᠯᠠᠮᠵᠢᠯᠠᠯᠲᠤ | ᠰᠠᠶᠢᠨ ᠰᠠᠶᠢᠬᠠᠨ ᠶᠣᠰᠣ ᠮᠣᠷᠠᠯ ᠤᠨ ᠲᠠᠶᠢᠯᠤᠮᠵᠢ ᠬᠢᠯᠭᠡᠬᠦ ᠪᠠᠷ ᠳᠠᠮᠵᠢᠭᠤᠯᠤᠨ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠮᠠᠨ ᠤ ᠤᠯᠤᠰ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ ᠶᠣᠰᠣ | ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠠᠪᠤ ᠡᠵᠢ ᠪᠣᠯᠤᠨ ᠪᠠᠭᠰᠢ ᠳᠠᠭᠠᠨ ᠲᠠᠯᠠᠷᠬᠠᠵᠤ᠂ ᠠᠵᠠ ᠵᠢᠷᠭᠠᠯᠲᠤ | ᠠᠮᠢᠳᠤᠷᠠᠯ ᠳᠠᠭᠠᠨ ᠲᠠᠯᠠᠷᠬᠠᠵᠤ᠂ ᠡᠷᠦᠭᠡ ᠭᠡᠷ ᠡᠬᠡ ᠤᠷᠤᠨ ᠢᠶᠠᠨ ᠬᠠᠶᠢᠷᠠᠯᠠᠬᠤ ᠰᠡᠳᠬᠢᠯᠭᠡ ᠶᠢ ᠢ ᠭᠦᠭᠵᠢᠭᠡᠵᠦ᠂ | ᠬᠠᠮᠢᠶ᠎ᠠ ᠪᠥᠬᠦᠢ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠭᠡᠷ ᠪᠦᠯᠢ ᠶᠢᠨ | ᠡᠮ ᠤᠨ ᠬᠠᠶᠢᠷᠴᠠᠭ ᠢ ᠲᠦᠮᠡᠨ ᠡᠷᠦᠬᠡ ᠳᠤ ᠤᠷᠤᠭᠤᠯᠬᠤ ᠳᠡᠯᠭᠡᠷᠡᠭᠦᠯᠦᠯᠲᠡ ᠶᠢᠨ ᠠᠵᠢᠯᠯᠠᠭ᠎ᠠ ᠶᠢ ᠡᠷᠬᠢᠯᠡᠵᠦ᠂ | ᠬᠢᠲᠠᠳ ᠡᠮᠨᠡᠯᠭᠡ ᠶᠢᠨ ᠰᠤᠪᠢᠯᠠᠯᠲᠠ ᠡᠷᠡᠭᠦᠯᠵᠢᠯ ᠤᠨ ᠮᠡᠷᠭᠡᠵᠢᠯᠲᠡᠨ ᠢ ᠤᠷᠢᠵᠤ᠂ ᠬᠢᠲᠠᠳ ᠡᠮ ᠡᠮᠨᠡᠯᠭᠡ ᠶᠢᠨ | ᠰᠤᠪᠢᠯᠠᠯᠲᠠ ᠡᠷᠡᠭᠦᠯᠵᠢᠯ ᠤᠨ ᠲᠤᠰᠬᠠᠶ ᠰᠡᠳᠦᠪᠲᠦ ᠲᠠᠶᠢᠯᠤᠮᠵᠢ ᠦᠷᠨᠢᠭᠦᠯᠵᠦ᠂ ᠳᠥᠷᠪᠡᠨ ᠤᠯᠠᠷᠢᠯ ᠤᠨ ᠪᠡᠶ᠎ᠡ | ᠰᠤᠪᠢᠯᠠᠬᠤ ᠮᠡᠳᠡᠯᠭᠡ ᠶᠢ ᠲᠦᠭᠡᠮᠡᠯᠵᠢᠭᠦᠯᠬᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠡᠳᠦ ᠪᠠᠨ | ᠬᠠᠮᠠᠭᠠᠯᠠᠬᠤ ᠤᠬᠠᠮᠰᠠᠷ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ︔ ᠨᠠᠰᠤᠲᠠᠨ ᠢ ᠠᠰᠠᠷᠠᠬᠤ | ᠬᠦᠷᠢᠶᠡᠯᠡᠩ ᠤᠨ ᠦᠨᠦᠴᠢᠨ ᠦᠷᠦᠭᠡᠰᠦᠨ ᠭᠤᠨᠢ ᠨᠠᠰᠤᠲᠠᠳ ᠢ ᠲᠣᠬᠤᠨᠢᠭᠤᠯᠬᠤ ᠵᠡᠷᠭᠡ ᠠᠵᠢᠯᠯᠠᠭ᠎ᠠ ᠶᠢ | ᠥᠷᠨᠢᠭᠦᠯᠵᠦ᠂ ᠬᠤᠭᠤᠯᠠ ᠬᠦᠷᠭᠡᠬᠦ ᠶᠢᠨ ᠬᠠᠮᠲᠤ ᠪᠤᠳᠠᠰ ᠤᠨ ᠪᠤᠰᠤv ᠰᠤᠶᠤᠯ ᠤᠨ ᠦᠪ ᠤᠨ ᠳᠤᠭᠤᠦᠶᠢᠯᠠᠩ | ᠪᠤᠯᠤᠨ ᠤᠷᠠᠨ ᠪᠢᠴᠢᠯᠭᠡ ᠤᠷᠠᠨ ᠵᠢᠷᠤᠭ ᠤᠨ ᠳᠤᠭᠤᠶᠢᠯᠠᠩ ᠤ ᠭᠡᠰᠢᠭᠦᠳ ᠢ ᠵᠣᠬᠢᠶᠠᠨ ᠪᠠᠶᠢᠭᠤᠯᠵᠤ᠂ ᠨᠠᠰᠤᠲᠠᠨ ᠢ | ᠠᠰᠠᠷᠠᠬᠤ ᠬᠦᠷᠢᠶᠡᠯᠡᠩ ᠤᠨ ᠤᠷᠠᠨ ᠪᠢᠴᠢᠯᠭᠡ ᠳᠤ ᠳᠤᠷ᠎ᠠ ᠪᠠᠭ᠋ᠠᠲᠠᠢ ᠨᠠᠰᠤᠲᠠᠨ ᠲᠠᠢ ᠬᠠᠮᠲᠤ ᠪᠠᠷ ᠬᠠᠷᠢᠯᠴᠠᠨ | ᠬᠦᠨᠳᠦᠳᠬᠡᠨ᠂ ᠬᠠᠷᠢᠯᠴᠠᠨ ᠰᠤᠷᠤᠯᠴᠠᠵᠤ᠂ ᠤᠷ᠎ᠠ ᠮᠡᠷᠭᠡᠵᠢᠯ ᠢᠶᠠᠨ ᠰᠤᠯᠢᠯᠴᠠᠵᠤ᠂ ᠨᠠᠰᠤᠲᠠᠳ ᠲᠤ ᠰᠤᠶᠤᠯ ᠤᠨ | ᠬᠠᠪᠤ ᠴᠡᠩᠭᠡᠯ ᠢ ᠭᠦᠢᠴᠡᠳ ᠤᠶᠢᠯᠠᠭᠠᠭᠤᠯᠵᠤ᠂ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ | ᠬᠦᠷᠲᠡᠭᠡᠨ᠎ᠡ᠃ ᠡᠭᠦᠨ ᠠᠴᠠ ᠭᠠᠳᠠᠨ᠎ᠠ ᠪᠠᠰᠠ ᠠᠷᠠᠳ ᠢᠷᠭᠡᠳ ᠤᠨ ᠠᠮᠢᠳᠤᠷᠠᠯ ᠤᠨ ᠦᠵᠡᠰᠬᠦᠯᠡᠩ ᠢ | ᠭᠠᠶᠢᠬᠠᠭᠤᠯᠬᠤ᠂ ᠬᠤᠳᠠ ᠶᠢᠨ ᠠᠷᠠᠳ ᠤᠨ ᠤᠷᠠᠯᠢᠭ ᠤᠨ ᠲᠤᠮᠤ ᠲᠠᠶᠢᠰᠠ ᠶᠢ ᠰᠤᠨᠢᠷᠬᠠᠭᠤᠯᠬᠤ᠂ ᠴᠠᠭᠠᠨ ᠰᠠᠷ᠎ᠠ ᠶᠢ | ᠤᠭᠲᠤᠨ᠂ ᠬᠤᠣᠰ ᠤᠶᠠᠩᠭ᠎ᠠ ᠪᠢᠴᠢᠬᠦ᠂ ᠴᠣᠩᠬᠤᠨ ᠬᠤᠸᠠᠷ ᠬᠠᠶᠢᠴᠢᠯᠠᠬᠤ ᠵᠡᠷᠭᠡ ᠤᠯᠠᠮᠵᠢᠯᠠᠯᠲᠤ ᠰᠣᠶᠣᠯ ᠢ | ᠲᠦᠮᠡᠨ ᠡᠷᠦᠬᠡ ᠳᠤ ᠣᠷᠣᠭᠤᠯᠬᠤ ᠵᠡᠷᠭᠡ ᠰᠢᠷᠢᠰ ᠠᠵᠢᠯᠯᠠᠭ᠎ᠠ ᠶᠢ ᠦᠷᠨᠢᠭᠦᠯᠦᠨ᠎ᠡ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠂ ᠰᠣᠶᠣᠯ ᠢᠶᠠᠷ ᠲᠤᠯᠠᠭᠠᠯᠠᠬᠤ ᠠᠵᠢᠯᠯᠠᠭ᠎ᠠ ᠪᠠᠷ ᠳᠠᠮᠵᠢᠭᠤᠯᠤᠨ | ᠲᠦᠪ ᠬᠤᠲᠠ ᠶᠢᠨ ᠤᠯᠠᠨ ᠲᠦᠮᠡᠨ ᠤ ᠰᠤᠶᠤᠯ ᠢ ᠤᠯᠠᠮ ᠨᠢᠭᠡ ᠠᠯᠬᠤᠮ ᠴᠡᠴᠡᠭᠯᠡᠭᠦᠯᠦᠨ ᠬᠦᠭᠵᠢᠭᠦᠯᠬᠦ ᠪᠠ | ᠬᠥᠭᠵᠢᠶᠡᠨᠲᠡᠶ ᠪᠤᠯᠭᠠᠵᠤ᠂ ᠰᠣᠶᠣᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠬᠠᠯᠠᠭᠤᠨ ᠰᠡᠳᠬᠢᠯ ᠲᠠᠢ | ᠬᠢᠵᠦ ᠪᠠᠶᠢᠭ᠎ᠠ ᠠᠵᠤ ᠠᠬᠤᠶᠢᠯᠠᠯ ᠪᠤᠯᠤᠨ ᠬᠤᠳᠠᠯᠳᠤᠭᠠᠴᠢᠨ ᠲᠠᠢ ᠬᠠᠮᠲᠤ ᠪᠠᠷ ᠬᠥᠮᠦᠨ ᠪᠦᠬᠦᠨ ᠰᠣᠶᠣᠯ ᠳᠤ | ᠤᠷᠤᠯᠴᠠᠬᠤ᠂ ᠬᠥᠮᠦᠨ ᠪᠦᠬᠦᠨ ᠰᠣᠶᠣᠯ ᠢ ᠡᠭᠦᠳᠦᠨ ᠪᠦᠲᠦᠭᠡᠬᠦ᠂ ᠬᠥᠮᠦᠨ ᠪᠦᠬᠦᠨ ᠰᠣᠶᠣᠯ ᠤᠨ ᠬᠦᠷᠲᠡᠭᠡᠯ | ᠤᠯᠬᠤ ᠰᠢᠨ᠎ᠡ ᠠᠭᠤᠷ ᠠᠮᠢᠰᠬᠤᠯ ᠢ ᠪᠤᠢ ᠪᠤᠯᠭᠠᠵᠤ᠂ ᠨᠢᠭᠡ ᠪᠦᠯᠦᠭ ᠰᠣᠶᠣᠯ ᠤᠨ ᠤᠨᠴᠠᠯᠢᠭᠲᠤ ᠨᠡᠷᠡᠲᠤ ᠲᠡᠮᠲᠡᠭ ᠢ | ᠡᠭᠦᠳᠴᠦ᠂ ᠲᠦᠪ ᠬᠤᠲᠠ ᠶᠢᠨ ᠲᠡᠷᠢᠭᠦᠨ ᠳᠡᠰ ᠤᠨ ᠰᠤᠶᠤᠯ ᠢ ᠡᠭᠦᠳᠦᠨ ᠪᠠᠶᠢᠭᠤᠯᠤᠨ᠎ᠠ᠃ |