ᠤᠶᠢᠷ᠎ᠠ ᠳᠤ᠃ ᠤᠯᠠᠭᠠᠨᠬᠠᠳᠠ ᠬᠤᠲᠠ ᠶᠢᠨ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠦᠷᠲᠡᠭᠡ | ᠨᠢ ᠪᠦᠬᠦ ᠤᠯᠤᠰ ᠤᠨ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮᠵᠢ ︵ | ᠭᠤᠷᠪᠠᠳᠤᠭᠠᠷ ᠬᠤᠭᠤᠴᠠᠭ᠎ᠠ︶ ᠶᠢ ᠵᠢᠩᠬᠢᠨᠢ ᠪᠠᠷ ᠡᠬᠢᠯᠡᠵᠦ ᠬᠡᠷᠡᠭᠯᠡᠨ᠂ ᠬᠤᠷᠤᠭᠤᠨ ᠤ ᠬᠡ ᠪᠠᠷ ᠰᠢᠯᠭᠠᠨ | ᠲᠣᠭᠲᠠᠭᠠᠬᠤ ᠴᠢᠳᠠᠪᠤᠷᠢ ᠨᠡᠮᠡᠭᠳᠡᠭᠦᠯᠪᠡ᠃ ᠤᠶᠢᠯᠭᠠᠭᠰᠠᠨ ᠢᠶᠠᠷ᠂ ᠤᠯᠠᠭᠠᠨᠬᠠᠳᠠ ᠬᠤᠲᠠ ᠶᠢᠨ ᠲᠡᠩᠬᠡᠷᠡᠭᠦᠯᠦᠨ | ᠲᠤᠰᠠᠯᠠᠬᠤ ᠬᠠᠮᠢᠶᠠᠷᠤᠯᠲᠠ ᠶᠢᠨ ᠦᠷᠲᠡᠭᠡ ᠨᠢ ᠪᠦᠬᠦ ᠤᠯᠤᠰ ᠤᠨ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ | ᠮᠡᠳᠡᠭᠡ ᠵᠠᠩᠬᠢ ᠶᠢᠨ ᠰᠢᠰᠲ᠋ᠧᠮᠵᠢ ᠶᠢ ᠡᠬᠢᠯᠡᠵᠦ ᠬᠡᠷᠡᠭᠯᠡᠨ᠂ ᠬᠤᠷᠤᠭᠤᠨ ᠤ ᠬᠡ ᠪᠠᠷ ᠰᠢᠯᠭᠠᠨ ᠲᠣᠭᠲᠠᠭᠠᠬᠤ | ᠴᠢᠳᠠᠪᠤᠷᠢ ᠨᠡᠮᠡᠭᠳᠡᠭᠦᠯᠦᠭᠰᠡᠨ ᠶᠠᠪᠤᠳᠠᠯ ᠨᠢ᠂ ᠲᠤᠰᠠᠯᠠᠭᠤᠯᠤᠭᠴᠢ ᠶᠢᠨ ᠪᠡᠶ᠎ᠡ ᠶᠢᠨ ᠬᠢᠷᠢ ᠭᠡᠮ ᠢ ᠢᠯᠭᠠᠨ | ᠪᠠᠶᠢᠴᠠᠭᠠᠬᠤ ᠶᠢ ᠪᠦᠲᠦᠮᠵᠢᠲᠡᠶ ᠴᠢᠩᠭᠠᠳᠬᠠᠨ᠂ ᠳᠣᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠬᠢᠨ ᠭᠡᠷᠡᠯ | ᠵᠢᠷᠤᠭ ᠪᠠ ᠬᠤᠷᠤᠭᠤᠨ ᠤ ᠬᠡ ᠵᠡᠷᠭᠡ ᠮᠡᠳᠡᠭᠡ ᠵᠠᠩᠬᠢ ᠶᠢ ᠦᠨᠳᠦᠰᠦᠯᠡᠨ ᠲᠤᠰᠠᠯᠠᠭᠤᠯᠤᠭᠴᠢ ᠶᠢᠨ ᠮᠡᠳᠡᠭᠡ ᠵᠠᠩᠬᠢ ᠶᠢ | ᠤᠶᠢᠯᠭᠠᠬᠤ ᠳᠤ ᠠᠰᠢᠭᠲᠠᠢ ᠪᠣᠯᠭᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠤᠭᠤᠷᠤᠨᠳᠤᠬᠢ | ᠬᠠᠮᠵᠢᠯᠴᠠᠭ᠎ᠠ ᠶᠢ ᠴᠢᠩᠭᠠᠳᠬᠠᠨ᠂ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢ ᠬᠠᠮᠲᠤᠪᠡᠷ | ᠡᠳ᠋ᠯᠡᠬᠦ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠪᠡ᠃ | ᠣᠳᠣᠬᠠᠨ ᠳᠤ ᠤᠯᠠᠭᠠᠨᠬᠠᠳᠠ ᠬᠤᠲᠠ ᠶᠢᠨ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠦᠷᠲᠡᠭᠡ | ᠬᠤᠷᠤᠭᠤᠨ ᠤ ᠭᠡ ᠶᠢᠨ ᠬᠡᠮᠵᠢᠭᠦᠷ ᠵᠡᠷᠭᠡ ᠲᠦᠬᠦᠭᠡᠷᠦᠮᠵᠢ ᠨᠡᠮᠡᠵᠦ᠂ ᠡᠬᠢᠨ ᠤ ᠨᠢᠭᠤᠴᠠ ᠲᠡᠮᠳᠡᠭ ᠲᠤ ᠵᠠᠠᠰᠪᠤᠷᠢ | ᠤᠷᠤᠭᠤᠯᠵᠤ᠂ ᠪᠠᠶᠢᠭᠤᠯᠭ᠎ᠠ ᠶᠢᠨ ᠮᠡᠳᠡᠭᠡ ᠵᠠᠩᠬᠢ ᠶᠢ ᠳᠠᠩᠰᠠᠯᠠᠨ ᠲᠡᠮᠳᠡᠭᠯᠡᠵᠦ᠂ ᠠᠵᠢᠯᠲᠠᠨ ᠤ ᠪᠠᠶᠢᠳᠠᠯ ᠵᠡᠷᠭᠡ ᠶᠢ | ᠰᠢᠩᠭᠡᠭᠡᠨ ᠤᠷᠤᠭᠤᠯᠵᠤ᠂ ᠰᠢᠨ᠎ᠡ ᠰᠢᠰᠲ᠋ᠧᠮ ᠤᠨ ᠤᠷᠤᠭᠰᠢᠲᠠᠢ ᠠᠵᠢᠯᠯᠠᠭᠠᠨ ᠲᠠᠢ ᠪᠠᠶᠢᠬᠤ ᠶᠢ ᠥᠨᠡᠨᠬᠦ ᠪᠠᠲᠤᠯᠠᠪᠠ᠃ | ᠬᠤᠲᠠ ᠶᠢᠨ ᠲᠡᠩᠬᠡᠷᠡᠭᠦᠯᠦᠨ ᠲᠣᠰᠠᠯᠠᠬᠤ ᠦᠷᠲᠡᠭᠡ ᠶᠢᠨ ᠠᠵᠢᠯᠲᠠᠳ ᠡᠯ᠎ᠡ ᠬᠤᠰᠢᠭᠤ ᠰᠢᠶᠠᠨ ᠲᠣᠭᠤᠷᠢᠭ ᠲᠤ | ᠬᠦᠷᠴᠦ ᠲᠡᠩᠬᠡᠷᠡᠭᠦᠯᠦᠨ ᠲᠤᠰᠠᠯᠠᠭᠤᠯᠤᠭᠴᠢ ᠶᠢ ᠲᠣᠰᠴᠤ ᠬᠦᠷᠭᠡᠬᠦ ᠳᠣᠬᠢᠶᠠᠯ ᠢ ᠠᠰᠢᠭᠯᠠᠨ ᠠᠷᠤ ᠬᠤᠷᠴᠢᠨ | ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ ᠵᠡᠷᠭᠡ 12 ᠬᠤᠰᠢᠭᠤ ᠰᠢᠶᠠᠨ | ᠲᠣᠭᠤᠷᠢᠭ ᠤᠨ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠦᠷᠲᠡᠭᠡ ᠳᠤ ᠬᠦᠷᠴᠦ ᠮᠡᠳᠡᠭᠡ ᠵᠠᠩᠬᠢ ᠶᠢᠨ | ᠰᠢᠰᠲ᠋ᠧᠮᠵᠢ ᠶᠢᠨ ᠬᠡᠷᠡᠭᠯᠡᠯᠲᠡ᠂ ᠬᠠᠮᠠᠭᠠᠯᠠᠯᠲᠠ ᠪᠠ ᠬᠠᠲᠠᠭᠤ ᠵᠦᠭᠡᠯᠡᠨ ᠬᠡᠷᠡᠭᠰᠡᠯ ᠤᠨ ᠱᠠᠭᠠᠷᠳᠠᠯᠭ᠎ᠠ ᠪᠠᠷ ᠨᠢ | ᠴᠢᠬᠤᠯᠴᠢᠯᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠲᠡᠩᠬᠡᠷᠡᠭᠦᠯᠦᠨ ᠲᠤᠰᠠᠯᠠᠬᠤ ᠦᠷᠲᠡᠭᠡ ᠶᠢᠨ | ᠴᠢᠬᠤᠯᠠᠴᠢᠯᠠᠨ ᠦᠵᠡᠬᠦ ᠬᠡᠮᠵᠢᠶ᠎ᠡ ᠶᠢ ᠳᠡᠭᠡᠭᠰᠢᠯᠡᠭᠦᠯᠪᠡ᠃ 10 ᠳ᠋ᠤᠭᠠᠷ ᠰᠠᠷ᠎ᠠ ᠶᠢᠨ ᠳᠤᠮᠳᠠᠴᠢ ᠪᠠᠷ᠂ ᠡᠯ᠎ᠡ | ᠬᠤᠰᠢᠭᠤ ᠰᠢᠶᠠᠨ ᠲᠣᠭᠤᠷᠢᠭ ᠤᠨ ᠰᠢᠰᠲ᠋ᠧᠮ ᠢ ᠬᠠᠮᠠᠭᠠᠯᠠᠬᠤ ᠠᠵᠢᠯᠲᠠᠳ ᠬᠠᠮᠢᠶ᠎ᠠ ᠪᠦᠬᠦᠢ ᠪᠣᠯᠪᠠᠰᠤᠷᠠᠭᠤᠯᠤᠯ ᠢ | ᠬᠦᠷᠲᠡᠵᠦ᠂ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠤᠨ ᠰᠢᠰᠲ᠋ᠧᠮ ᠤᠨ ᠴᠢᠳᠠᠪᠤᠷᠢ ᠪᠠ | ᠠᠵᠢᠯᠯᠠᠭᠤᠯᠬᠤ ᠱᠠᠭᠠᠷᠳᠠᠯᠭ᠎ᠠ ᠶᠢ ᠪᠣᠯᠪᠠᠰᠤᠷᠠᠩᠭᠤᠶ ᠪᠣᠯᠭᠠᠬᠤ ᠶᠢ ᠪᠠᠲᠤᠯᠠᠪᠠ᠃ ᠡᠭᠦᠨ ᠠᠴᠠ ᠭᠠᠳᠠᠨ᠎ᠠ | ᠤᠶᠢᠯᠭᠠᠭᠰᠠᠨ ᠢᠶᠠᠷ᠂ ᠨᠢᠩᠴᠧᠩ ᠰᠢᠶᠠᠨ ᠪᠠ ᠯᠢᠨᠰᠢ ᠰᠢᠶᠠᠨ ᠨᠢᠭᠡᠨᠲᠡ ᠪᠦᠬᠦ ᠤᠯᠤᠰ ᠤᠨ ᠲᠡᠩᠬᠡᠷᠡᠭᠦᠯᠦᠨ | ᠲᠤᠰᠠᠯᠠᠬᠤ ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠭᠤᠷᠪᠠᠳᠤᠭᠠᠷ ᠬᠤᠭᠤᠴᠠᠭ᠎ᠠ ᠶᠢ ᠨᠡᠪᠲᠡᠷᠡᠭᠦᠯᠵᠦ᠂ | ᠪᠣᠰᠤᠳ ᠬᠤᠰᠢᠭᠤ ᠰᠢᠶᠠᠨ ᠲᠣᠭᠤᠷᠢᠭ ᠤᠳ ᠤᠳᠠᠯ ᠤᠢᠭᠡᠢ ᠵᠠᠯᠭᠠᠭ᠎ᠠ ᠪᠠᠷ ᠨᠡᠪᠲᠡᠷᠡᠭᠦᠯᠬᠦ ᠪᠠᠷ ᠪᠠᠶᠢᠨ᠎ᠠ᠃ |