2015 ᠣᠨ ᠤ ᠵᠢᠯ ᠤᠨ ᠡᠴᠦᠰ ᠪᠣᠯᠲᠠᠯ᠎ᠠ ᠪᠠᠰᠠ ᠬᠤᠶᠠᠷ ᠰᠠᠷ᠎ᠠ ᠪᠠᠶᠢᠵᠤ᠂ 2016 ᠣᠨ ᠰᠢᠨ᠎ᠡ | ᠵᠢᠯ ᠤᠨ ᠭᠠᠯᠲᠤ ᠲᠡᠷᠭᠡᠨ ᠪᠢᠯᠧᠲ ᠢ ᠬᠤᠳᠠᠯᠳᠤᠵᠤ ᠡᠬᠢᠯᠡᠭᠰᠡᠨ ᠲᠤᠯᠠ᠂ ᠭᠠᠳᠠᠭᠰᠢ ᠶᠠᠪᠤᠬᠤ ᠪᠠᠷ ᠪᠠᠶᠢᠭ᠎ᠠ | ᠠᠶᠠᠨᠴᠢᠳ ᠪᠢᠯᠧᠲ ᠬᠤᠳᠠᠯᠳᠤᠨ ᠠᠪᠬᠤ ᠶᠠᠪᠤᠳᠠᠯ ᠢᠶᠠᠨ ᠤᠷᠢᠳᠠᠬᠢᠨ ᠰᠠᠶᠢᠲᠤᠷ ᠬᠢᠵᠦ ᠪᠣᠯᠤᠨ᠎ᠠ᠃ ᠢᠷᠡᠬᠦ ᠰᠢᠨ᠎ᠡ | ᠵᠢᠯ ᠤᠨ ᠰᠢᠨ᠎ᠡ ᠶᠢᠨ ᠨᠢᠭᠡᠨ ᠤ ᠠᠮᠠᠷᠠᠯᠲᠠ ᠶᠢ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 3 ᠤ | ᠡᠳᠦᠷ ᠬᠦᠷᠲᠡᠯ᠎ᠡ ᠲᠣᠬᠢᠷᠠᠭᠤᠯᠪᠠ᠃ ᠪᠦᠬᠦ ᠤᠯᠤᠰ ᠤᠨ ᠭᠠᠯᠲᠤ ᠲᠡᠷᠭᠡᠨ ᠪᠢᠯᠧᠲ ᠢ 60 ᠡᠳᠦᠷ ᠤᠷᠢᠳᠴᠢᠯᠠᠨ | ᠬᠤᠳᠠᠯᠳᠤᠬᠤ ᠲᠣᠭᠲᠠᠭᠠᠯ ᠢ ᠦᠨᠳᠦᠰᠦᠯᠡᠪᠡᠯ᠂ 3 ᠡᠳᠦᠷ ᠤᠨ ᠠᠶᠠᠨᠴᠢᠳ 2016 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠤᠨ ᠭᠠᠯᠲᠤ ᠲᠡᠷᠭᠡᠨ ᠪᠢᠯᠧᠲ ᠢ ᠬᠤᠳᠠᠯᠳᠤᠨ ᠠᠪᠴᠤ ᠪᠣᠯᠤᠨ᠎ᠠ᠃ 12306 ᠰᠦᠯᠵᠢᠶ᠎ᠡ᠂ ᠭᠠᠷ | ᠤᠲᠠᠰᠤᠨ ᠵᠣᠴᠢᠨ ᠡᠷᠥᠭᠡ ᠶᠢᠨ ᠲᠠᠪᠴᠠᠩ᠂ ᠳ᠋ᠢᠶᠠᠩᠬᠤᠸᠠ ᠵᠡᠷᠭᠡ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ | ᠤᠷᠢᠳᠠᠪᠡᠷ ᠬᠤᠳᠠᠯᠳᠤᠵᠤ᠂ ᠭᠠᠯᠲᠤ ᠲᠡᠷᠭᠡᠨ ᠪᠢᠯᠧᠲ ᠣᠷᠣᠯᠠᠨ ᠬᠤᠳᠠᠯᠳᠤᠬᠤ ᠴᠢᠭ᠋ ᠪᠠ ᠭᠠᠯᠲᠤ ᠲᠡᠷᠭᠡᠨ | ᠦᠷᠲᠡᠭᠡ ᠶᠢᠨ ᠴᠣᠩᠬᠤ ᠬᠤᠶᠠᠷ ᠡᠳᠦᠷ ᠤᠨ ᠳᠠᠷᠠᠭ᠎ᠠ ᠠᠴᠠ ᠡᠬᠢᠯᠡᠵᠦ ᠬᠤᠳᠠᠯᠳᠤᠨ᠎ᠠ᠃ ᠡᠭᠦᠨ ᠠᠴᠠ ᠭᠠᠳᠠᠨ᠎ᠠ᠂ | 2016 ᠣᠨ ᠤ 2 ᠳ᠋ᠤᠭᠠᠷ ᠰᠠᠷ᠎ᠠ ᠶᠢᠨ 8 ᠤ ᠡᠳᠦᠷ ᠪᠣᠯ ᠴᠠᠭᠠᠨ ᠰᠠᠷ᠎ᠠ ᠶᠢᠨ ᠪᠠᠶᠠᠷ ᠪᠣᠯᠬᠤ ᠲᠤᠯᠠ᠂ 12 | ᠳ᠋ᠤᠭᠠᠷ ᠰᠠᠷ᠎ᠠ ᠶᠢᠨ10 ᠤ ᠡᠳᠦᠷ ᠢᠨᠲ᠋ᠧᠷ ᠰᠦᠯᠵᠢᠶ᠎ᠡ ᠪᠠᠷ ᠪᠢᠲᠡᠭᠦᠨ ᠤ ᠡᠳᠦᠷ ᠤᠨ ᠭᠠᠯᠲᠤ ᠲᠡᠷᠭᠡᠨ ᠪᠢᠯᠧᠲ ᠢ | ᠡᠬᠢᠯᠡᠵᠦ ᠬᠤᠳᠠᠯᠳᠤᠨ᠎ᠠ᠃ 2016 ᠣᠨ ᠤ ᠡᠪᠦᠯ ᠤᠨ ᠠᠮᠠᠷᠠᠯᠲᠠ ᠶᠢᠨ ᠰᠤᠷᠤᠭᠴᠢᠳ ᠲᠤ ᠬᠠᠷᠠᠭᠠᠯᠵᠠᠯ | ᠦᠵᠡᠭᠦᠯᠬᠦ ᠭᠠᠯᠲᠤ ᠲᠡᠷᠭᠡᠨ ᠪᠢᠯᠧᠲ ᠢ ᠪᠠᠰᠠ ᠡᠬᠢᠯᠡᠨ ᠬᠤᠳᠠᠯᠳᠤᠪᠠ᠂ ᠰᠤᠷᠤᠭᠴᠢ ᠠᠶᠠᠨᠴᠢᠳ ᠬᠦᠴᠦᠨ ᠪᠦᠬᠦᠢ | ᠰᠤᠷᠤᠭᠴᠢ ᠶᠢᠨ ᠦᠨᠡᠮᠯᠡᠯ ᠪᠠ ᠪᠡᠶ᠎ᠡ ᠶᠢᠨ ᠦᠨᠡᠮᠯᠡᠯ ᠢᠶᠠᠷ ᠢᠶᠠᠨ 12 ᠳ᠋ᠤᠭᠠᠷ ᠰᠠᠷ᠎ᠠ ᠤᠨ 1 ᠤ ᠡᠳᠦᠷ ᠠᠴᠠ | ᠬᠤᠶᠢᠰᠢ ᠬᠠᠮᠤᠭ ᠤᠨ ᠳᠣᠣᠷ᠎ᠠ ᠬᠠᠭᠠᠰ ᠦᠨ᠎ᠡ ᠪᠠᠷ ᠬᠠᠷᠠᠭᠠᠯᠵᠠᠯ ᠲᠠᠢ ᠭᠠᠯᠲᠤ ᠲᠡᠷᠭᠡᠨ ᠪᠢᠯᠧᠲ ᠢ ᠬᠤᠳᠠᠯᠳᠤᠨ | ᠠᠪᠤᠵᠤ ᠪᠣᠯᠣᠨ᠎ᠠ᠃ |