| | ᠰᠤᠷᠪᠤᠯᠵᠢᠯᠠᠭᠰᠠᠨ ᠴᠠᠭ ᠬᠤᠭᠤᠴᠠᠭ᠎ᠠ᠄ 2015 ᠤᠨ ᠤ 10 ᠳ᠋ᠤᠭᠠᠷ ᠰᠠᠷ᠎ᠠ ᠶᠢᠨ 22 ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ | ᠶᠥᠩ ᠭᠥᠸᠧ | ᠰᠤᠷᠪᠤᠯᠵᠢᠯᠠᠭ᠎ᠠ ᠶᠢᠨ ᠲᠤᠪᠴᠢ ᠲᠠᠨᠢᠯᠴᠠᠭᠤᠯᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠠ᠂ ᠲᠦᠷᠪᠡᠳᠦᠭᠡᠷ ᠪᠦᠬᠦᠳᠡ ᠬᠤᠷᠠᠯ ᠠᠴᠠ ᠨᠠᠰᠢ᠂ ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠭᠡᠨ ᠠᠬᠢᠭᠤᠯᠬᠤ | ᠲᠠᠯ᠎ᠠ ᠪᠠᠷ ᠰᠢᠨ᠎ᠡ ᠪᠠᠶᠢᠷᠢᠯᠠᠭᠤᠯᠤᠯᠳᠠ ᠬᠢᠵᠤ᠂ ᠰᠢᠨ᠎ᠡ ᠱᠠᠭᠠᠷᠳᠠᠯᠭ᠎ᠠ ᠲᠤᠷᠠᠳᠴᠤ᠂ ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ ᠲᠦᠷᠢᠮ ᠢ | ᠭᠡᠷᠡᠭᠵᠢᠬᠦᠯᠵᠤ᠂ ᠢᠳᠡᠭᠡᠯ ᠢᠶᠠᠨ ᠰᠠᠬᠢᠪᠠᠯ ᠤᠷᠮᠠᠰᠢᠭᠤᠯᠵᠤ᠂ ᠢᠳᠡᠭᠡᠯ ᠢᠶᠠᠨ ᠠᠯᠳᠠᠪᠠᠯ ᠰᠢᠳᠭᠡᠨ ᠵᠠᠯᠬᠠᠭᠠᠬᠤ ᠲᠤᠭᠳᠠᠴᠠ ᠶᠢ ᠪᠠᠶᠢᠭᠤᠯᠵᠤ᠂ ᠢᠳᠡᠭᠡᠮᠵᠢ ᠪᠠᠷ ᠭᠤᠤᠯ | ᠴᠤᠭᠴᠠ ᠪᠤᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠭᠳᠠᠴᠠ ᠵᠡᠷᠭᠡ ᠰᠢᠷᠢᠰ ᠠᠵᠢᠯ ᠤᠨ ᠪᠠᠶᠢᠷᠢᠯᠠᠭᠤᠯᠤᠯᠳᠠ ᠶᠢ | ᠪᠠᠶᠢᠭᠤᠯᠤᠭᠰᠠᠨ ᠪᠠᠶᠢᠨ᠎ᠠ᠃ ᠤᠷᠴᠢᠮ ᠤᠨ ᠵᠢᠯ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠠᠯᠢ ᠤᠯᠠᠨ ᠦᠷ᠎ᠡ | ᠪᠦᠳᠦᠮᠵᠢ ᠤᠯᠪᠠ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠪᠠᠶᠢᠳᠠᠯ ᠢ ᠪᠦᠬᠦ ᠲᠠᠯ᠎ᠠ ᠪᠠᠷ | ᠤᠶᠢᠯᠠᠭᠠᠭᠤᠯᠬᠤ ᠶᠢᠨ ᠲᠤᠰᠠᠳᠠ ᠤᠨᠴᠠᠭᠠᠶᠢᠯᠠᠨ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ | ᠶᠥᠩ ᠭᠥᠸᠧ ᠶᠢ ᠤᠷᠢᠵᠤ ᠰᠤᠷᠪᠤᠯᠵᠢᠯᠠᠨ ᠶᠠᠷᠢᠯᠴᠠᠪᠠ᠃ | ᠬᠦᠳᠦᠯᠦᠭᠴᠢ᠄ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠲᠤᠰ ᠬᠤᠭᠤᠴᠠᠭᠠᠨ ᠤ ︽ᠲᠤᠮᠳᠠᠳᠤ ᠤᠯᠤᠰ ᠦᠪᠦᠷ | ᠮᠤᠩᠭᠤᠯ︾ ᠰᠦᠯᠵᠢᠶᠡᠨ ᠰᠤᠷᠪᠤᠯᠵᠢᠯᠠᠭ᠎ᠠ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ | ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ ᠶᠥᠩ ᠭᠥᠸᠧ ᠶᠢ ᠤᠷᠢᠵᠤ ᠢᠷᠡᠯ᠎ᠡ᠂ ᠲᠡᠷᠡ ᠮᠠᠨ ᠤ | ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠪᠠᠶᠢᠳᠠᠯ ᠤᠨ ᠲᠠᠯ᠎ᠠ ᠪᠠᠷ ᠲᠠ ᠪᠦᠬᠦᠨ ᠲᠠᠢ ᠵᠤᠭᠤᠭᠳᠠᠬᠤ ᠪᠤᠯᠤᠨ᠎ᠠ᠃ ᠺᠧ | ᠡᠷᠬᠢᠯᠡᠭᠴᠢ ᠡ᠂ ᠲᠠᠨ ᠢ ᠪᠠᠶᠠᠷᠯᠠᠨ ᠤᠭᠳᠤᠵᠤ ᠪᠠᠶᠢᠨ᠎ᠠ︕ | ᠬᠦᠳᠦᠯᠦᠭᠴᠢ᠄ ᠺᠧ ᠡᠷᠬᠢᠯᠡᠭᠴᠢ ᠡ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠪᠤᠯ ᠤᠷᠴᠢᠮ ᠤᠨ ᠵᠢᠯ ᠤᠯᠠᠨ ᠢᠶᠠᠷ ᠢᠶᠠᠨ ᠨᠡᠯᠢᠶᠡᠳ | ᠰᠡᠳᠬᠢᠯ ᠲᠠᠯᠪᠢᠵᠤ ᠪᠠᠶᠢᠭ᠎ᠠ ᠨᠢᠬᠡᠨ ᠲᠤᠮᠤ ᠶᠠᠪᠤᠳᠠᠯ ᠪᠤᠯᠤᠨ᠎ᠠ᠂ ᠤᠳᠤᠬᠠᠨ ᠳᠤ ᠶᠠᠮᠠᠷ ᠠᠬᠢᠴᠠ ᠲᠠᠢ ᠪᠠᠶᠢᠨ᠎ᠠ ᠪᠤᠢ︖ | ᠺᠧ ᠡᠷᠬᠢᠯᠡᠭᠴᠢ᠄ ᠬᠦᠳᠦᠯᠦᠭᠴᠢ ᠲᠠ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠ᠂ ᠲᠦᠷᠪᠡᠳᠦᠭᠡᠷ ᠪᠦᠬᠦᠳᠡ ᠬᠤᠷᠠᠯ ᠠᠴᠠ ᠨᠠᠰᠢ᠂ | ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠮᠠᠨ ᠤ ᠤᠷᠤᠨ ᠤ ᠨᠡᠶᠢᠭᠡᠮ | ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠠᠵᠢᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ | ᠪᠠ ᠡᠯ᠎ᠡ ᠰᠠᠯᠠᠭ᠎ᠠ ᠮᠦᠴᠢᠷ ᠤᠨ ᠨᠦᠬᠦᠳ ᠤᠨ ᠬᠠᠮᠳᠤ ᠶᠢᠨ ᠴᠢᠷᠮᠠᠶᠢᠯᠭ᠎ᠠ ᠲᠤᠤᠷ᠎ᠠ ᠵᠤᠬᠢᠬᠤ ᠠᠮᠵᠢᠯᠳᠠ ᠪᠦᠳᠦᠮᠵᠢ ᠤᠯᠤᠭᠰᠠᠨ ᠪᠠᠶᠢᠨ᠎ᠠ᠂ ᠪᠤᠳᠠᠳᠠᠢ ᠲᠤᠤᠷᠠᠬᠢ | ᠭᠡᠳᠦᠨ ᠲᠠᠯ᠎ᠠ ᠪᠠᠷ ᠢᠯᠡᠷᠡᠵᠤ ᠪᠠᠶᠢᠨ᠎ᠠ᠄ ᠨᠢᠬᠡ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ | ᠤᠯᠠᠨ ᠰᠠᠯᠠᠭ᠎ᠠ ᠮᠦᠴᠢᠷ ᠤᠨ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ ᠰᠤᠯᠢᠯᠴᠠᠬᠤ ᠪᠠ ᠬᠠᠮᠳᠤᠪᠡᠷ ᠡᠳ᠋ᠯᠡᠬᠦ ᠶᠢ ᠪᠡᠶᠡᠯᠡᠬᠦᠯᠦᠭᠰᠡᠨ ᠪᠠᠶᠢᠨ᠎ᠠ᠃ | ᠬᠤᠶᠠᠷ ᠲᠤ᠂ ᠢᠳᠡᠭᠡᠮᠵᠢ ᠶᠢᠨ ᠠᠵᠢᠯ ᠤᠨ ᠰᠠᠭᠤᠷᠢ ᠴᠢᠨᠠᠷᠳᠠᠢ ᠲᠦᠷᠢᠮ ᠲᠤᠭᠳᠠᠭᠠᠯ ᠢ ᠲᠤᠭᠳᠠᠭᠠᠨ ᠪᠦᠷᠢᠨᠰᠢᠬᠦᠯᠪᠡ᠃ ᠭᠤᠷᠪᠠ ᠳᠤ᠂ ᠢᠳᠡᠭᠡᠮᠵᠢ ᠶᠢᠨ ᠪᠠᠷᠢᠮᠵᠢᠶ᠎ᠠ | ᠶᠢ ᠵᠢᠷᠤᠮᠵᠢᠭᠤᠯᠤᠨ ᠲᠤᠭᠳᠠᠭᠠᠬᠤ ᠠᠵᠢᠯ ᠢ ᠦᠷᠨᠢᠬᠦᠯᠪᠡ᠃ ᠲᠦᠷᠪᠡ ᠳᠤ᠂ ᠵᠤᠬᠢᠬᠤ ᠬᠡᠪᠴᠢᠶᠡᠨ ᠳᠤ ᠢᠳᠡᠭᠡᠮᠵᠢ ᠶᠢᠨ ᠮᠡᠳᠡᠭᠡ ᠵᠠᠩᠬᠢ ᠶᠢ ᠭᠡᠷᠡᠭᠯᠡᠬᠦ ᠶᠢ | ᠰᠦᠪᠡᠭᠴᠢᠯᠡᠨ ᠦᠷᠨᠢᠬᠦᠯᠪᠡ᠃ | ᠬᠦᠳᠦᠯᠦᠭᠴᠢ᠄ ᠺᠧ ᠡᠷᠬᠢᠯᠡᠭᠴᠢ ᠡ᠂ ᠮᠠᠨ ᠤ ᠤᠷᠤᠨ ᠢᠳᠡᠭᠡᠮᠵᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠲᠠᠯ᠎ᠠ ᠪᠠᠷ ᠶᠠᠮᠠᠷ ᠶᠠᠮᠠᠷ | ᠠᠵᠢᠯ ᠬᠢᠭᠰᠡᠨ ᠪᠤᠢ︖ | ᠺᠧ ᠡᠷᠬᠢᠯᠡᠭᠴᠢ᠄ ᠢᠳᠡᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠢᠳᠡᠭᠡᠮᠵᠢ ᠶᠢᠨ ᠮᠡᠳᠡᠭᠡ ᠵᠠᠩᠬᠢ ᠶᠢ ᠨᠡᠶᠢᠯᠡᠬᠦᠯᠬᠦ᠂ ᠬᠠᠮᠢᠶᠠᠷᠬᠤ᠂ ᠭᠡᠷᠡᠭᠯᠡᠬᠦ ᠵᠡᠷᠭᠡ | ᠵᠠᠩᠬᠢᠯᠠᠭ᠎ᠠ ᠲᠠᠢ ᠬᠤᠯᠪᠤᠭᠳᠠᠬᠤ ᠶᠢᠨ ᠬᠠᠮᠳᠤ ᠢᠳᠡᠬᠡᠮᠵᠢ ᠶᠢᠨ ᠮᠡᠳᠡᠭᠡ ᠵᠠᠩᠬᠢ ᠶᠢ ᠴᠤᠭᠯᠠᠭᠤᠯᠬᠤ ᠪᠠ ᠭᠡᠷᠡᠭᠯᠡᠬᠦ ᠨᠢ ᠪᠦᠬᠦ ᠨᠡᠶᠢᠭᠡᠮ ᠤᠨ ᠨᠢᠬᠡᠴᠡ ᠪᠦᠬᠦᠨ | ᠴᠢᠨᠠᠭᠰᠢᠯᠠᠪᠠᠯ ᠬᠦᠮᠦᠨ ᠪᠦᠬᠦᠨ ᠲᠠᠢ ᠬᠤᠯᠪᠤᠭᠳᠠᠨ᠎ᠠ᠃ ᠡᠶᠢᠮᠤ ᠠᠴᠠ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠨᠢ ᠲᠤᠰ ᠠᠵᠢᠯ ᠢ | ᠰᠠᠶᠢᠳᠤᠷ ᠬᠢᠬᠦ ᠶᠢᠨ ᠰᠠᠭᠤᠷᠢ ᠪᠤᠯᠤᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢᠨ ᠭᠡᠷᠡᠭᠴᠡᠭᠡᠨ ᠤ ᠲᠤᠭᠤᠷᠢᠨ ᠳᠤ᠂ ᠮᠠᠨ ᠤ ᠵᠦᠪᠯᠡᠯ ᠨᠢ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ | ᠲᠤᠪᠴᠢᠶ᠎ᠠ ᠲᠠᠢ ᠬᠠᠮᠳᠤᠷᠠᠵᠤ᠂ ᠢᠳᠡᠭᠡᠮᠵᠢ ᠶᠢᠨ ᠮᠡᠳᠡᠭᠡ ᠵᠠᠩᠬᠢ ᠶᠢᠨ ᠮᠡᠷᠭᠡᠵᠢᠯ᠂ ᠢᠳᠡᠭᠡᠮᠵᠢ ᠶᠢᠨ ᠲᠤᠭ᠎ᠠ ᠪᠠᠷᠢᠮᠳᠠ ᠶᠢᠨ ᠬᠠᠮᠢᠶᠠᠷᠤᠯᠳᠠ ᠪᠠ ᠢᠳᠡᠭᠡᠮᠵᠢ ᠶᠢᠨ ᠠᠵᠢᠯ | ᠤᠨ ᠲᠦᠷᠢᠮ ᠵᠡᠷᠭᠡ ᠭᠤᠷᠪᠠᠨ ᠲᠠᠯ᠎ᠠ ᠪᠠᠷ 8 ᠲᠦᠷᠦᠯ ᠤᠨ ᠪᠠᠷᠢᠮᠵᠢᠶ᠎ᠠ ᠶᠢᠨ ᠵᠢᠷᠤᠮᠵᠢᠯ ᠢ ᠲᠤᠭᠳᠠᠭᠠᠭᠰᠠᠨ ᠪᠠᠶᠢᠨ᠎ᠠ᠃ ᠡᠳᠡᠭᠡᠷ ᠪᠠᠷᠢᠮᠵᠢᠶ᠎ᠠ ᠶᠢᠨ ᠵᠢᠷᠤᠮᠵᠢᠯ ᠢ | ᠲᠤᠭᠳᠠᠭᠠᠭᠰᠠᠨ ᠶᠠᠪᠤᠳᠠᠯ ᠨᠢ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠠᠵᠢᠯ ᠢ ᠵᠢᠷᠤᠮᠵᠢᠭᠤᠯᠬᠤ᠂ ᠠᠯᠬᠤᠮ | ᠲᠠᠷᠠᠭ᠎ᠠ ᠲᠠᠢ ᠦᠷᠨᠢᠬᠦᠯᠬᠦ ᠶᠢ ᠪᠡᠶᠡᠯᠡᠬᠦᠯᠬᠦ ᠪᠤᠯᠤᠨ᠎ᠠ᠃ ᠭᠡᠯᠡᠯᠭᠡᠨ ᠦᠬᠡᠢ᠂ ᠤᠳᠤᠬᠠᠨ ᠳᠤ ᠬᠢᠵᠤ ᠪᠠᠶᠢᠭ᠎ᠠ ᠪᠤᠯ ᠵᠦᠪᠬᠡᠨ ᠨᠢᠬᠡ ᠡᠬᠢᠯᠡᠯᠳᠡ ᠪᠤᠯᠤᠨ᠎ᠠ᠂ ᠬᠤᠶᠢᠰᠢᠳᠠ | ᠪᠢᠳᠡ ᠨᠡᠩ ᠦᠷᠭᠡᠨ ᠬᠡᠪᠴᠢᠶ᠎ᠠ᠂ ᠨᠡᠩ ᠬᠦᠨ ᠲᠠᠪᠬᠤᠷᠭ᠎ᠠ ᠳᠤ ᠲᠤᠰ ᠠᠵᠢᠯ ᠢ ᠲᠦᠯᠬᠢᠨ ᠠᠬᠢᠭᠤᠯᠬᠤ ᠪᠤᠯᠤᠨ᠎ᠠ᠃ | ᠬᠦᠳᠦᠯᠦᠭᠴᠢ᠄ ᠺᠧ ᠡᠬᠢᠯᠡᠭᠴᠢ ᠡ᠂ ᠲᠨ ᠰᠠᠶ᠋ᠢ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠨᠢᠬᠡᠨᠳᠡ ᠪᠠᠶᠢᠭᠤᠯᠵᠤ | ᠲᠠᠭᠤᠰᠬᠠᠪᠠ ᠭᠡᠵᠤ ᠲᠠᠨᠢᠯᠴᠠᠭᠤᠯᠤᠯ᠎ᠠ᠂ ᠤᠳᠤᠬᠠᠨ ᠳᠤ᠂ ᠮᠠᠨ ᠤ ᠤᠷᠤᠨ ᠤ ᠢᠳᠡᠭᠡᠮᠵᠢ ᠶᠢᠨ ᠮᠡᠳᠡᠭᠡ ᠵᠠᠩᠬᠢ ᠶᠢ ᠭᠡᠷᠬᠢᠨ ᠭᠡᠷᠡᠭᠯᠡᠵᠤ ᠪᠠᠶᠢᠬᠤ ᠪᠤᠢ︖ | ᠺᠧ ᠡᠷᠬᠢᠯᠡᠭᠴᠢ᠄ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ ᠪᠤᠯ ᠰᠠᠭᠤᠷᠢ ᠪᠤᠯᠤᠨ᠎ᠠ᠂ ᠮᠡᠳᠡᠭᠡ ᠵᠠᠩᠬᠢ ᠶᠢ ᠬᠤᠷᠢᠶᠠᠨ | ᠴᠤᠭᠯᠠᠭᠤᠯᠴᠢᠬᠠᠭᠠᠳ ︽ᠭᠡᠷᠡᠭᠯᠡᠪᠠᠯ︾ ᠰᠠᠶ᠋ᠢ ᠢᠳᠡᠭᠡᠮᠵᠢ ᠶᠢᠨ ᠪᠠᠶᠢᠭᠤᠯᠤᠯᠳᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ ᠴᠢᠳᠠᠨ᠎ᠠ᠃ ᠤᠳᠤᠬᠠᠨ ᠳᠤ᠂ ᠪᠢᠳᠡ | ᠢᠳᠡᠭᠡᠮᠵᠢ ᠶᠢᠨ ᠮᠡᠳᠡᠭᠡ ᠵᠠᠩᠬᠢ ᠶᠢᠨ ᠭᠡᠷᠡᠭᠯᠡᠭᠡ ᠶᠢ ᠬᠤᠶᠠᠷ ᠲᠠᠯ᠎ᠠ ᠪᠠᠷ ᠰᠦᠪᠡᠭᠴᠢᠯᠡᠨ ᠦᠷᠨᠢᠬᠦᠯᠵᠤ ᠪᠠᠶᠢᠨ᠎ᠠ᠄ ᠨᠢᠬᠡ ᠳᠤ᠂ ︽ᠢᠳᠡᠭᠡᠮᠵᠢᠳᠤ ᠦᠪᠤᠷ ᠮᠤᠩᠭᠤᠯ︾ | ᠪᠠᠷ ᠲᠠᠮᠵᠢᠭᠤᠯᠤᠨ ᠨᠡᠶᠢᠭᠡᠮ ᠨᠡᠶᠢᠳᠡ ᠳᠤ ᠢᠳᠡᠭᠡᠮᠵᠢ ᠶᠢᠨ ᠮᠡᠳᠡᠭᠡ ᠵᠠᠩᠬᠢ ᠶᠢ ᠬᠦᠷᠭᠡᠬᠦ ︽ᠨᠢᠬᠡ ᠦᠷᠳᠡᠭᠡᠳᠤ ᠬᠡᠯᠪᠡᠷᠢ︾ ᠶᠢᠨ ᠠᠰᠠᠭᠤᠨ ᠯᠠᠪᠯᠠᠬᠤ ᠦᠢᠯᠡᠴᠢᠯᠡᠭᠡ ᠶᠢ | ᠬᠠᠩᠭᠠᠵᠤ ᠪᠠᠶᠢᠨ᠎ᠠ᠃ ᠬᠤᠶᠠᠷ ᠲᠤ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠡᠪᠴᠠᠩ ᠢᠶᠠᠷ ᠲᠡᠮᠵᠢᠭᠤᠯᠤᠨ᠂ | ᠦᠪᠡᠷᠳᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠲᠤ ᠮᠡᠳᠡᠭᠡ ᠵᠠᠩᠬᠢ ᠰᠤᠯᠢᠯᠴᠠᠠᠬᠤ ᠪᠠ ᠬᠠᠮᠳᠤᠪᠡᠷ ᠡᠳ᠋ᠯᠡᠬᠦ ᠦᠢᠯᠡᠴᠢᠯᠡᠭᠡ ᠬᠠᠩᠭᠠᠵᠤ᠂ ᠰᠠᠯᠠᠭ᠎ᠠ ᠮᠦᠴᠢᠷ | ᠠᠯᠤᠰᠯᠠᠵᠤ ᠮᠡᠳᠡᠭᠡ ᠵᠠᠩᠬᠢ ᠲᠠᠮᠵᠢᠭᠤᠯᠬᠤ ᠪᠠ ᠲᠤᠭ᠎ᠠ ᠪᠠᠷᠢᠮᠳᠠ ᠶᠢ ᠬᠠᠮᠳᠤᠪᠡᠷ ᠡᠳ᠋ᠯᠡᠬᠦ ᠲᠤᠭᠳᠠᠴᠠ ᠶᠢ ᠪᠠᠶᠢᠭᠤᠯᠤᠭᠰᠠᠨ ᠪᠠᠶᠢᠨ᠎ᠠ᠃ | ᠬᠦᠳᠦᠯᠦᠭᠴᠢ᠄ ᠺᠧ ᠡᠷᠬᠢᠯᠡᠭᠴᠢ ᠡ᠂ ︽ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ ᠲᠦᠷᠢᠮ︾ ᠨᠢ ᠶᠠᠮᠠᠷ ᠤᠳᠬ᠎ᠠ ᠲᠠᠢ ᠪᠤᠢ︖ ᠠᠷᠠᠳ | ᠤᠯᠠᠨ ᠪᠤᠯᠤᠨ ᠠᠵᠤ ᠠᠬᠤᠶᠢᠯᠠᠯ ᠳᠤ ᠶᠠᠮᠠᠷ ᠨᠦᠯᠦᠭᠡ ᠲᠤᠰᠬᠠᠯ ᠲᠠᠢ ᠪᠤᠢ︖ | ᠺᠧ ᠡᠷᠬᠢᠯᠡᠭᠴᠢ᠄ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠨᠤᠮᠧᠷ ᠨᠢ ᠡᠷᠭᠡᠳᠤ ᠠᠷᠠᠳ ᠲᠤ ᠠᠪᠴᠤ ᠬᠡᠯᠡᠪᠡᠯ ᠪᠡᠶ᠎ᠡ ᠶᠢᠨ ᠦᠨᠡᠮᠯᠡᠯ ᠤᠨ ᠨᠤᠮᠧᠷ ᠪᠤᠯᠤᠨ᠎ᠠ᠂ | ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠠᠵᠤ ᠠᠬᠤᠶᠢᠯᠠᠯ ᠳᠤ ᠠᠪᠴᠤ ᠬᠡᠯᠡᠪᠡᠯ ᠲᠠᠷᠤᠢ ᠦᠨᠤ ᠵᠢᠯ ᠤᠨ 6 ᠰᠠᠷ᠎ᠠ ᠳᠤ ᠲᠦᠷᠤ ᠶᠢᠨ ᠶᠠᠪᠤᠳᠠᠯ ᠤᠨ ᠬᠤᠷᠢᠶᠠᠨ | ᠤ ᠵᠢᠩᠬᠢᠨᠢ ᠪᠠᠷ ᠵᠦᠪᠰᠢᠶᠠᠷᠡᠭᠰᠡᠨ ︽ᠬᠠᠤᠯᠢ ᠶᠢᠨ ᠬᠦᠮᠦᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠨᠤᠮᠧᠷ ᠤᠨ | ᠲᠦᠷᠢᠮ ᠤᠨ ᠪᠠᠶᠢᠭᠤᠯᠤᠯᠳᠠ ᠶᠢᠨ ᠶᠡᠷᠦᠩᠬᠡᠢ ᠲᠦᠰᠦᠯ︾ ᠳᠤ ᠲᠤᠭᠳᠠᠭᠠᠭᠰᠠᠨ 18 ᠤᠷᠤᠨᠳᠤ ᠨᠤᠮᠧᠷ ᠪᠤᠯᠤᠨ᠎ᠠ᠃ | ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ ᠲᠦᠷᠢᠮ ᠢ ᠭᠡᠷᠡᠭᠵᠢᠬᠦᠯᠵᠤ ᠪᠠᠶᠢᠭ᠎ᠠ ᠨᠢ ᠠᠷᠠᠳ ᠢᠷᠭᠡᠳ ᠪᠦᠬᠦᠨ᠂ ᠬᠠᠤᠯᠢ ᠶᠢᠨ | ᠬᠦᠮᠦᠨ ᠪᠠ ᠪᠤᠰᠤᠳ ᠵᠤᠬᠢᠶᠠᠨ ᠪᠠᠶᠢᠭᠤᠯᠤᠯᠳᠠ ᠳᠤ ᠤᠯᠭᠤᠭᠰᠠᠨ ᠴᠤᠷ ᠤᠨ ᠭᠠᠭᠴᠠ ᠪᠦᠬᠡᠳ ᠨᠠᠰᠤᠨ ᠲᠤᠷᠰᠢᠳᠠ ᠦᠯᠦ ᠬᠤᠪᠢᠷᠠᠬᠤ ᠭᠤᠤᠯ ᠰᠡᠳᠤᠪᠳᠤ ᠢᠯᠭᠠᠨ | ᠲᠠᠨᠢᠬᠤ ᠨᠤᠮᠧᠷ ᠪᠤᠯᠤᠨ᠎ᠠ᠃ ᠡᠨᠡᠬᠦ ᠨᠤᠮᠧᠷ ᠢᠶᠠᠷ ᠠᠴᠢᠶᠠᠯᠠᠪᠤᠷᠢ ᠪᠤᠯᠭᠠᠵᠤ᠂ ᠠᠷᠠᠳ ᠢᠷᠭᠡᠳ ᠪᠤᠯᠤᠨ ᠬᠠᠤᠯᠢ ᠶᠢᠨ ᠬᠦᠮᠦᠨ ᠤ ᠮᠡᠳᠡᠭᠡ ᠵᠠᠩᠬᠢ ᠶᠢ ᠪᠦᠳᠦᠮᠵᠢᠳᠠᠢ ᠪᠠᠷ | ᠨᠡᠶᠢᠯᠡᠬᠦᠯᠬᠦ ᠨᠢ ᠢᠳᠡᠭᠡᠮᠵᠢ ᠶᠢᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠡᠷ ᠡᠳ᠋ᠯᠡᠬᠦ᠂ ᠨᠡᠶᠢᠭᠡᠮ ᠤᠨ ᠬᠠᠮᠢᠶᠠᠷᠤᠯᠳᠠ ᠶᠢᠨ ᠦᠪᠡᠷ ᠤᠨ ᠦᠷᠳᠡᠭ ᠢ | ᠪᠠᠭᠤᠷᠠᠭᠤᠯᠬᠤ᠂ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ᠂ ᠨᠡᠶᠢᠭᠡᠮ ᠤᠨ ᠵᠠᠰᠠᠯᠳᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠬᠦ ᠳᠤ | ᠠᠰᠢᠭᠳᠠᠢ ᠶᠤᠮ᠃ ᠬᠤᠶᠢᠰᠢᠳᠠ ︽ᠪᠢ ᠪᠤᠯ ᠲᠠᠷᠤᠢ ᠪᠢ︾ ᠪᠤᠯᠬᠤ ᠶᠢ ᠭᠡᠷᠡᠴᠢᠯᠡᠬᠦ ᠬᠠᠴᠢᠨ ᠦᠵᠡᠭᠳᠡᠯ ᠤᠯᠠᠮ ᠠᠴᠠ ᠤᠯᠠᠮ ᠴᠦᠭᠡᠷᠡᠨᠠ᠂ ᠤᠴᠢᠷ ᠨᠢ ᠮᠡᠳᠡᠭᠡ | ᠵᠠᠩᠬᠢ ᠤᠯᠠᠮ ᠲᠦᠪᠯᠡᠷᠡᠬᠦ ᠲᠤᠰᠤᠮ ᠢᠶᠠᠨ ᠨᠡᠶᠢᠭᠡᠮ ᠤᠨ ᠭᠤᠤᠯ ᠴᠤᠭᠴᠠ ᠪᠦᠬᠦᠨ ᠤ ᠪᠠᠶᠢᠳᠠᠯ ᠢ ᠤᠯᠠᠮ ᠦᠨᠡᠨ ᠪᠤᠳᠠᠳᠠᠢ ᠲᠤᠰᠬᠠᠵᠤ ᠂ ᠬᠤᠪᠢ ᠬᠦᠮᠦᠨ ᠤ ᠭᠡᠷᠡᠭ | ᠶᠠᠪᠤᠳᠠᠯ ᠡᠷᠬᠢᠯᠡᠬᠦ ᠳᠤ ᠠᠰᠢᠭᠳᠠᠢ ᠪᠤᠯᠬᠤ ᠮᠦᠷᠳᠡᠭᠡᠨ ᠪᠠᠰᠠ ᠵᠠᠰᠠᠭ ᠤᠨ ᠤᠷᠳᠤᠨ ᠤ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠪᠤᠯᠤᠨ᠎ᠠ᠃ | ᠬᠦᠳᠦᠯᠦᠭᠴᠢ᠄ ᠺᠧ ᠡᠷᠬᠢᠯᠡᠭᠴᠢ ᠡ᠂ ᠪᠢᠳᠡ ᠪᠦᠷ ᠢᠳᠡᠭᠡᠯ ᠠᠯᠳᠠᠪᠠᠯ ᠰᠢᠳᠭᠡᠨ ᠵᠠᠯᠬᠠᠭᠠᠬᠤ ᠶᠠᠪᠤᠳᠠᠯ ᠢ ᠰᠤᠨᠤᠰᠴᠤ ᠦᠩᠭᠡᠷᠡᠪᠠ᠂ ᠲᠡᠭᠡᠪᠡᠯ ᠮᠡᠨ ᠤ | ᠤᠷᠤᠨ ᠢᠳᠡᠭᠡᠯ ᠠᠯᠳᠠᠪᠠᠯ ᠰᠢᠳᠭᠡᠨ ᠵᠠᠯᠬᠠᠭᠠᠬᠤ ᠲᠠᠯ᠎ᠠ ᠪᠠᠷ ᠶᠠᠭᠠᠬᠢᠵᠤ ᠬᠢᠵᠤ ᠪᠠᠶᠢᠨ᠎ᠠ ᠤᠤ︖ | ᠺᠧ ᠡᠷᠬᠢᠯᠡᠭᠴᠢ᠄ ᠢᠳᠡᠭᠡᠯ ᠠᠯᠳᠠᠬᠤ ᠨᠢ ᠵᠦᠪᠯᠡᠯᠴᠡᠭᠡᠷ ᠪᠤᠶᠤ ᠠᠮᠠᠯᠳᠠ ᠠᠴᠠ ᠪᠠᠨ ᠲᠡᠷᠰᠯᠡᠵᠤ᠂ ᠢᠳᠡᠭᠡᠯ ᠢᠶᠠᠨ ᠠᠯᠳᠠᠭᠰᠠᠨ ᠶᠠᠪᠤᠳᠠᠯ ᠪᠤᠯᠬᠤ ᠶᠤᠮ᠃ ︽ᠰᠢᠬᠦᠮᠵᠢ | ᠦᠬᠦᠯᠡᠯ︾ ᠳᠤ ︽ᠬᠦᠮᠦᠨ ᠢᠳᠡᠭᠡᠯ ᠢᠶᠠᠨ ᠠᠯᠳᠠᠪᠠᠰᠤ ᠲᠡᠬᠦᠨ ᠤ ᠶᠠᠭᠤᠨ ᠬᠢᠵᠤ ᠴᠢᠳᠠᠬᠤ ᠶᠢ ᠭᠡᠷᠬᠢᠨ ᠮᠡᠳᠡᠮᠤᠢ︾ ᠬᠡᠮᠡᠨ ᠦᠬᠦᠯᠡᠭᠰᠡᠨ ᠪᠠᠶᠢᠳᠠᠭ᠃ ᠦᠨᠡᠨᠴᠢ | ᠢᠳᠡᠭᠡᠯᠳᠠᠢ ᠪᠠᠶᠢᠬᠤ ᠨᠢ ᠲᠤᠮᠳᠠᠳᠤ ᠶᠢᠨ ᠦᠨᠳᠦᠰᠦᠳᠡᠨ ᠤ ᠡᠷᠳᠡᠨ ᠠᠴᠠ ᠡᠷᠬᠢᠮᠯᠡᠭᠰᠡᠭᠡᠷ ᠢᠷᠡᠭᠰᠡᠨ ᠤᠯᠠᠮᠵᠢᠯᠯᠠᠳᠤ ᠪᠤᠯᠪᠠᠰᠤᠨ ᠰᠤᠷᠳᠠᠯ ᠮᠦᠨ᠂ ᠮᠦᠨᠴᠤ ᠨᠡᠶᠢᠭᠡᠮ | ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠴᠢᠬᠤᠯᠠ ᠠᠭᠤᠯᠭ᠎ᠠ ᠪᠤᠯᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠡᠷᠡᠭᠦᠯ ᠠᠵᠢᠯᠯᠠᠭᠠᠨ ᠤ ︽ᠰᠠᠭᠤᠷᠢ | ︾ ᠮᠦᠨ᠃ ᠤᠳᠤ ᠶᠢᠨ ᠨᠡᠶᠢᠭᠡᠮ ᠤᠨ ᠬᠤᠪᠢ ᠬᠦᠮᠦᠨ ᠪᠠ ᠬᠠᠤᠯᠢ ᠶᠢᠨ ᠭᠦᠮᠦᠨ ᠤ ᠢᠳᠡᠭᠡᠯ ᠠᠯᠳᠠᠬᠤ ᠠᠵᠢᠯᠯᠠᠭ᠎ᠠ ᠨᠢ ᠨᠡᠶᠢᠭᠡᠮ ᠤᠨ ᠭᠤᠤᠯ ᠴᠤᠭᠴᠠ ᠪᠤᠯᠤᠨ | ᠨᠡᠶᠢᠭᠡᠮ ᠤᠨ ᠡᠮᠬᠢ ᠲᠢᠭᠯᠢᠮ ᠳᠤ ᠮᠠᠭᠤ ᠨᠦᠯᠦᠭᠡ ᠲᠤᠰᠬᠠᠯ ᠤᠴᠠᠷᠠᠭᠤᠯᠵᠤ ᠮᠡᠳᠡᠨ᠎ᠡ᠂ ᠡᠶᠢᠮᠤ ᠠᠴᠠ ᠢᠳᠡᠭᠡᠯ ᠠᠯᠳᠠᠵᠤ ᠪᠠᠶᠢᠭ᠎ᠠ ᠭᠤᠤᠯ ᠴᠤᠭᠴᠠ ᠳᠤ ᠬᠠᠮᠳᠤᠷᠠᠨ | ᠰᠢᠳᠭᠡᠯ ᠵᠠᠯᠬᠠᠭᠠᠯ ᠤᠯᠭᠤᠬᠤ ᠨᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠃ | ᠤᠳᠤᠬᠠᠨ ᠳᠤ᠂ ᠮᠠᠨ ᠤ ᠵᠦᠪᠯᠡᠯ ᠲᠦᠷᠦᠬᠦᠯᠵᠤ ︽ᠢᠳᠡᠭᠡᠯ ᠠᠯᠳᠠᠭᠰᠠᠨ ᠢᠶᠠᠷ ᠭᠡᠷᠡᠭᠵᠢᠬᠦᠯᠬᠦ ᠬᠦᠮᠦᠨ︾᠂︽ᠭᠠᠶᠢᠯᠢ ᠲᠠᠳᠠᠪᠤᠷᠢ ᠶᠢᠨ ᠬᠠᠤᠯᠢ ᠠᠴᠠ | ᠵᠦᠷᠢᠴᠡᠭᠰᠡᠨ ᠲᠤᠮᠤ ᠭᠡᠷᠡᠭ ᠤᠨ ᠲᠤᠬᠠᠢ ᠶᠢᠨ ᠬᠦᠮᠦᠨ︾ ᠪᠤᠯᠤᠨ ︽ᠢᠳᠡᠭᠡᠯ ᠠᠯᠳᠠᠭᠰᠠᠨ ᠠᠵᠤ ᠠᠬᠤᠶᠢᠯᠠᠯ︾ ᠳᠤ ᠴᠢᠭᠯᠡᠬᠦᠯᠦᠨ ᠢᠳᠡᠭᠡᠯ ᠠᠯᠳᠠᠭᠰᠠᠳ ᠢ | ᠬᠠᠮᠳᠤᠷᠠᠨ ᠰᠢᠳᠭᠡᠨ ᠵᠠᠯᠬᠠᠭᠠᠬᠤ ᠠᠵᠢᠯ ᠢ ᠲᠦᠯᠬᠢᠨ ᠠᠬᠢᠭᠤᠯᠵᠤ ᠪᠠᠶᠢᠨ᠎ᠠ᠃ ᠡᠨᠡᠬᠦ ᠠᠵᠢᠯ ᠨᠢ ᠦᠪᠡᠷᠳᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠨ | ᠬᠦᠴᠦᠳᠡᠢ ᠲᠡᠮᠵᠢᠯᠭᠡ ᠪᠤᠯᠤᠨ ᠬᠠᠮᠳᠤᠷᠠᠯᠴᠠᠭ᠎ᠠ ᠶᠢ ᠤᠯᠵᠤ ᠪᠤᠢ᠂ ᠲᠠᠷᠠᠭᠠᠴᠢ ᠶᠢᠨ ᠠᠯᠬᠤᠮ ᠳᠤ ᠪᠢᠳᠡ ᠬᠠᠮᠳᠤᠷᠠᠯᠴᠠᠭ᠎ᠠ ᠪᠠᠨ ᠬᠦᠨᠵᠡᠬᠡᠶᠢᠷᠡᠭᠦᠯᠵᠤ᠂ ᠡᠨᠡᠬᠦ ᠠᠵᠢᠯ ᠢ | ᠦᠷᠬᠦᠯᠵᠢᠯᠡᠨ ᠲᠦᠯᠬᠢᠨ ᠠᠬᠢᠭᠤᠯᠵᠤ᠂ ᠦᠨᠡᠨᠴᠢ ᠢᠳᠡᠭᠡᠯ ᠢ ᠡᠷᠬᠢᠮᠯᠡᠳᠡᠭ ᠨᠡᠶᠢᠭᠡᠮ ᠤᠨ ᠤᠷᠴᠢᠨ ᠠᠬᠤᠢ ᠶᠢ ᠪᠠᠶᠢᠭᠤᠯᠬᠤ ᠳᠤ ᠨᠢᠬᠡᠨ ᠮᠦᠷᠤ ᠶᠢᠨ ᠬᠦᠴᠦᠨ ᠴᠢᠳᠡᠯ | ᠢᠶᠠᠨ ᠡᠷᠬᠦᠨ᠎ᠡ᠃ ᠡᠭᠦᠨ ᠤ ᠬᠠᠮᠳᠤ ᠪᠢᠳᠡ ︽ᠢᠳᠡᠭᠡᠯ ᠢ ᠡᠷᠬᠢᠮᠯᠡᠬᠦ︾ ᠨᠡᠶᠢᠭᠡᠮ ᠤᠨ ᠭᠤᠤᠯ ᠴᠤᠭᠴᠠ ᠶᠢ ᠭᠡᠷᠬᠢᠨ ᠤᠷᠮᠠᠰᠢᠭᠤᠯᠬᠤ ᠲᠤᠬᠠᠢ ᠲᠦᠷᠦ ᠶᠢᠨ ᠪᠤᠳᠤᠯᠭ᠎ᠠ | ᠶᠢᠨ ᠠᠷᠭ᠎ᠠ ᠬᠡᠮᠵᠢᠶ᠎ᠠ ᠶᠢ ᠰᠤᠳᠤᠯᠵᠤ᠂ ᠢᠳᠡᠭᠡᠯ ᠢ ᠡᠷᠬᠢᠮᠯᠡᠳᠡᠭ ᠬᠤᠪᠢ ᠬᠦᠮᠦᠨ ᠪᠤᠯᠤᠨ ᠬᠠᠤᠯᠢ ᠶᠢᠨ ᠬᠦᠮᠦᠨ ᠳᠤ ᠬᠦᠮᠦᠨ ᠤ ᠠᠮᠢᠳᠤᠷᠠᠯ ᠤᠨ ︽VIP︾ | ᠤᠯᠭᠤᠮᠵᠢ ᠶᠢ ᠦᠨᠡᠨᠬᠦ ᠬᠦᠷᠳᠡᠭᠡᠨ᠎ᠡ᠃ ᠡᠶᠢᠮᠤ ᠠᠴᠠ᠂ ᠤᠯᠠᠨ ᠳᠤ ᠬᠦᠰᠡᠬᠦ ᠨᠢ ᠦᠪᠡᠷ ᠤᠨ ᠢᠳᠡᠭᠡᠯ ᠬᠦᠨᠳᠤ ᠪᠠᠨ ᠠᠩᠬᠠᠷᠴᠤ᠂ ᠦᠨᠡᠨᠴᠢ ᠢᠳᠡᠭᠡᠯ ᠢ ᠡᠷᠬᠢᠮᠯᠡᠳᠡᠭ | ᠠᠵᠤ ᠠᠬᠤᠶᠢᠯᠠᠯ ᠪᠤᠶᠤ ᠬᠤᠪᠢ ᠬᠦᠮᠦᠨ ᠪᠤᠯᠬᠤ ᠭᠡᠷᠡᠭᠳᠡᠢ᠃ ᠡᠷᠳᠡᠨ ᠤ ᠦᠬᠡᠨ ᠳᠤ ︽ᠭᠦᠳᠡᠯᠮᠦᠷᠢᠴᠢ ᠬᠦᠮᠦᠨ ᠢ ᠲᠡᠭᠷᠢ ᠠᠴᠠ ᠲᠡᠳᠬᠦᠳᠡᠭ︾ ᠭᠡᠳᠡᠭ᠂ | ᠬᠤᠶᠢᠰᠢᠳᠡ ︽ᠬᠦᠳᠡᠯᠮᠦᠷᠢ ᠶᠢ ᠲᠡᠭᠡᠳᠦᠯᠡᠬᠦ︾ ᠮᠦᠷᠳᠡᠭᠡᠨ ᠪᠠᠰᠠ ︽ᠦᠨᠡᠨᠴᠢ ᠢᠳᠡᠭᠡᠯ︾ ᠢ ᠲᠡᠭᠡᠳᠦᠯᠡᠬᠦ ᠭᠡᠷᠡᠭᠳᠡᠢ᠃ | ᠬᠦᠳᠦᠯᠦᠭᠴᠢ᠄ ᠺᠧ ᠡᠷᠬᠢᠯᠡᠭᠴᠢ ᠡ᠂ ᠲᠠᠨ ᠤ ᠰᠠᠶ᠋ᠢ ᠶᠢᠨ ᠲᠠᠨᠢᠯᠴᠠᠭᠤᠯᠤᠭᠰᠠᠨ ᠪᠠᠶᠢᠳᠠᠯ ᠳᠤ ᠪᠢᠳᠡᠨ ᠤ ᠤᠷᠮ᠎ᠠ ᠵᠤᠷᠢᠭ ᠶᠡᠬᠡᠪᠡᠷ ᠬᠦᠭᠵᠢᠵᠤ ᠪᠠᠶᠢᠨ᠎ᠠ᠂ ︽ | ᠢᠳᠡᠭᠡᠮᠵᠢᠳᠤ ᠦᠪᠦᠷ ᠮᠤᠩᠭᠤᠯ︾ ᠤᠨ ᠪᠠᠶᠢᠭᠤᠯᠤᠯᠳᠠ ᠶᠢᠨ ᠬᠠᠷᠠᠯᠳᠠ ᠲᠦᠳᠡᠯ ᠦᠬᠡᠢ ᠪᠡᠶᠡᠯᠡᠭᠳᠡᠬᠦ ᠪᠠᠶᠢᠬ᠎ᠠ᠂ ᠲᠡᠭᠡᠪᠡᠯ ᠲᠠᠷᠠᠭᠠᠴᠢ ᠶᠢᠨ ᠠᠯᠬᠤᠮ ᠳᠤ ᠠᠯᠢ | ᠭᠡᠳᠦᠨ ᠲᠠᠯ᠎ᠠ ᠪᠠᠷ ᠠᠵᠢᠯ ᠢᠶᠠᠨ ᠦᠷᠨᠢᠬᠦᠯᠬᠦ ᠭᠡᠵᠤ ᠪᠠᠶᠢᠨ᠎ᠠ ᠪᠤᠢ︖ | ᠺᠧ ᠡᠷᠬᠢᠯᠡᠭᠴᠢ᠄ ᠭᠦᠳᠦᠯᠦᠭᠴᠢ ᠶᠢᠨ ᠰᠠᠶᠢᠨ ᠰᠠᠶᠢᠬᠠᠨ ᠵᠦᠩᠨᠡᠯ ᠳᠤ ᠪᠠᠶᠠᠷᠯᠠᠯ᠎ᠠ᠂ ︽ᠢᠳᠡᠭᠡᠮᠵᠢᠳᠤ ᠦᠪᠦᠷ ᠮᠤᠩᠭᠤᠯ︾ ᠤᠨ ᠪᠠᠶᠢᠭᠤᠯᠤᠯᠳᠠ ᠪᠤᠯ ᠪᠢᠳᠡᠨ | ᠪᠦᠬᠦᠨ ᠤ ᠬᠠᠮᠳᠤ ᠶᠢᠨ ᠭᠦᠰᠡᠯ ᠡᠷᠡᠮᠡᠯᠵᠢᠯᠡᠯ ᠮᠦᠨ᠂ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ ᠪᠢᠳᠡ ᠡᠯ᠎ᠡ ᠰᠠᠯᠠᠭ᠎ᠠ ᠮᠦᠴᠢᠷ ᠯᠦᠭᠡ | ᠠᠵᠢᠯ ᠤᠨ ᠬᠠᠮᠳᠤᠷᠠᠯᠴᠠᠭ᠎ᠠ ᠪᠠᠶᠢᠭᠤᠯᠵᠤ᠂ ᠡᠯ᠎ᠡ ᠲᠦᠷᠦᠯ ᠤᠨ ᠠᠵᠢᠯ ᠢ ᠦᠷᠬᠦᠯᠵᠢᠯᠡᠨ ᠯᠠᠪᠳᠠᠭᠤᠨ ᠪᠠᠳᠤᠳᠠᠢ ᠠᠬᠢᠭᠤᠯᠤᠨ᠎ᠠ᠃ ᠤᠶᠢᠷ᠎ᠠ ᠶᠢᠨ ᠬᠤᠭᠤᠴᠠᠭᠠᠨ ᠳᠤ | ᠲᠤᠤᠷᠠᠬᠢ ᠭᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠬᠢᠬᠦ ᠪᠠᠷ ᠪᠠᠶᠢᠨ᠎ᠠ᠄ | 1᠂ ᠢᠳᠡᠭᠡᠮᠵᠢ ᠶᠢᠨ ᠬᠠᠤᠯᠢ ᠲᠦᠷᠢᠮ ᠢ ᠦᠷᠬᠦᠯᠵᠢᠯᠡᠨ ᠲᠡᠬᠦᠯᠳᠡᠷᠵᠢᠬᠦᠯᠦᠨ᠎ᠡ᠃ ᠪᠢᠳᠡ ᠡᠯ᠎ᠡ ᠰᠠᠯᠠᠭ᠎ᠠ ᠮᠦᠴᠢᠷ ᠲᠠᠢ ᠬᠠᠮᠳᠤᠷᠠᠵᠤ᠂ ᠤᠳᠤ ᠶᠢᠨ ᠪᠠᠶᠢᠭ᠎ᠠ | ᠬᠠᠤᠯᠢ ᠲᠦᠷᠢᠮ ᠤᠨ ᠰᠠᠭᠤᠷᠢᠨ ᠲᠡᠭᠡᠷ᠎ᠡ ᠮᠠᠨ ᠤ ᠤᠷᠤᠨ ᠤ ᠢᠳᠡᠭᠡᠮᠵᠢ ᠶᠢᠨ ᠬᠠᠤᠯᠢ ᠲᠦᠷᠢᠮ ᠤᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠬᠢ | ᠶᠢᠨ ᠠᠮᠤᠷ ᠲᠦᠪᠰᠢᠨ ᠢ ᠪᠠᠳᠤᠯᠠᠬᠤ ᠪᠠ ᠢᠳᠡᠭᠡᠮᠵᠢ ᠶᠢᠨ ᠭᠤᠤᠯ ᠴᠤᠭᠴᠠ ᠶᠢᠨ ᠡᠷᠭᠡ ᠠᠰᠢᠭ ᠢ ᠬᠠᠮᠠᠭᠠᠯᠠᠭᠰᠠᠨ ᠰᠠᠭᠤᠷᠢᠨ ᠲᠡᠭᠡᠷ᠎ᠡ᠂ ᠢᠳᠡᠭᠡᠮᠵᠢ ᠶᠢᠨ ᠮᠡᠳᠡᠭᠡ | ᠵᠠᠩᠬᠢ ᠶᠢ ᠬᠤᠷᠢᠶᠠᠨ ᠴᠤᠭᠯᠠᠭᠤᠯᠬᠤ᠂ ᠬᠠᠮᠳᠤᠪᠡᠷ ᠡᠳ᠋ᠯᠡᠬᠦ ᠪᠠ ᠬᠠᠮᠢᠶᠠᠷᠬᠤ ᠶᠢ ᠵᠢᠷᠤᠮᠯᠠᠬᠤ ᠬᠠᠤᠯᠢ ᠲᠠᠢ ᠪᠤᠯᠭᠠᠨ᠎ᠠ᠃ ᠡᠭᠦᠨ ᠤ ᠬᠠᠮᠳᠤ᠂ ᠤᠯᠤᠰ ᠤᠨ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠶᠤᠰᠤᠭᠠᠷ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠵᠤ᠂ ᠢᠳᠡᠭᠡᠮᠵᠢ ᠶᠢ ᠦᠨᠡᠯᠡᠬᠦ᠂ ᠢᠳᠡᠭᠡᠮᠵᠢ ᠶᠢᠨ | ᠪᠦᠳᠦᠭᠡᠭᠳᠡᠭᠦᠨ ᠢ ᠭᠡᠷᠡᠭᠯᠡᠬᠦ᠂ ᠢᠳᠡᠭᠡᠮᠵᠢ ᠶᠢᠨ ᠵᠠᠭᠤᠴᠢ ᠪᠠᠶᠢᠭᠤᠯᠤᠮᠵᠢ ᠪᠤᠯᠤᠨ ᠲᠤᠬᠠᠶᠢᠯᠠᠭᠰᠠᠨ ᠠᠵᠢᠯ ᠡᠷᠬᠢᠯᠡᠵᠤ ᠪᠠᠶᠢᠭ᠎ᠠ ᠠᠵᠢᠯᠳᠠᠨ ᠤ ᠬᠠᠮᠢᠶᠠᠷᠤᠯᠳᠠ ᠵᠡᠷᠭᠡ | ᠲᠠᠯ᠎ᠠ ᠪᠠᠷ ᠬᠠᠮᠢᠶ᠎ᠠ ᠪᠦᠬᠦᠢ ᠲᠦᠷᠢᠮ ᠲᠤᠭᠳᠠᠭᠠᠯ ᠢ ᠲᠡᠬᠦᠯᠳᠡᠷᠵᠢᠬᠦᠯᠬᠦ ᠶᠢ ᠲᠦᠷᠭᠡᠳᠭᠡᠨ᠂ ᠨᠡᠶᠢᠭᠡᠮ ᠤᠨ ᠡᠯ᠎ᠡ ᠵᠦᠢᠯ ᠤᠨ ᠠᠵᠢᠯᠯᠠᠭ᠎ᠠ ᠳᠤ ᠬᠠᠤᠯᠢ ᠶᠢᠨ ᠪᠠᠳᠤᠯᠠᠭ᠎ᠠ | ᠬᠠᠩᠭᠠᠨ᠎ᠠ᠃ | ᠺᠧ ᠡᠷᠬᠢᠯᠡᠭᠴᠢ᠄ | 2᠂ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠪᠦᠬᠦ | ᠨᠡᠶᠢᠭᠡᠮ ᠤᠨ ᠡᠯ᠎ᠡ ᠠᠵᠢᠯ ᠲᠦᠷᠦᠯ ᠳᠤ ᠬᠤᠯᠪᠤᠭᠳᠠᠨ᠎ᠠ᠂ ᠤᠳᠤᠬᠠᠨ ᠳᠤ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ | ᠡᠬᠢᠯᠡᠯᠳᠡ ᠶᠢᠨ ᠱᠠᠳᠤᠨ ᠳᠠᠭᠠᠨ ᠪᠠᠶᠢᠵᠤ᠂ ᠠᠵᠢᠯ ᠤᠨ ᠭᠦᠴᠦᠯᠡᠴᠡ ᠮᠦᠨ ᠪᠠᠭᠤᠷᠠᠢ ᠪᠠᠶᠢᠨ᠎ᠠ᠂ ᠲᠤᠰᠬᠠᠶᠢᠵᠢᠭᠰᠠᠨ᠂ ᠰᠢᠷᠭᠠᠭᠠᠤ ᠠᠵᠢᠯᠯᠠᠭᠴᠢ ᠶᠢᠨ ᠲᠤᠬᠠᠶᠢᠯᠠᠭᠰᠠᠨ | ᠠᠵᠢᠯ ᠤᠨ ᠡᠩᠨᠡᠭᠡ ᠲᠠᠢ ᠪᠠᠶᠢᠬᠤ ᠪᠤᠯ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠴᠢᠬᠤᠯᠠ ᠵᠤᠬᠢᠶᠠᠨ | ᠪᠠᠶᠢᠭᠤᠯᠤᠯᠳᠠ ᠶᠢᠨ ᠪᠠᠳᠤᠯᠠᠭ᠎ᠠ ᠮᠦᠨ᠃ ᠡᠶᠢᠮᠤ ᠠᠴᠠ᠂ ᠲᠠᠷᠠᠭᠠᠴᠢ ᠶᠢᠨ ᠠᠯᠬᠤᠮ ᠳᠤ ᠪᠢᠳᠡ ᠤᠯᠠᠨ ᠨᠡᠶᠢᠳᠡ ᠶᠢᠨ ᠮᠡᠳᠡᠭᠡ ᠵᠠᠩᠬᠢ ᠶᠢ ᠴᠤᠭᠯᠠᠭᠤᠯᠬᠤ | ᠪᠠᠶᠢᠭᠤᠯᠤᠮᠵᠢ ᠪᠠᠷ ᠤᠳᠤᠷᠢᠳᠤᠮᠵᠢ ᠪᠤᠯᠭᠠᠭᠰᠠᠨ᠂ ᠰᠠᠯᠠᠭ᠎ᠠ ᠮᠦᠴᠢᠷ ᠤᠨ ᠮᠡᠳᠡᠭᠡ ᠵᠠᠩᠬᠢ ᠶᠢ ᠴᠤᠭᠯᠠᠭᠤᠯᠬᠤ ᠪᠠᠶᠢᠭᠤᠯᠤᠮᠵᠢ ᠪᠠᠷ ᠲᠦᠰᠢᠭ ᠪᠤᠯᠭᠠᠭᠰᠠᠨ᠂ ᠨᠡᠶᠢᠭᠡᠮ | ᠤᠨ ᠮᠡᠳᠡᠭᠡ ᠵᠠᠩᠬᠢ ᠶᠢ ᠴᠤᠭᠯᠠᠭᠤᠯᠬᠤ ᠪᠠᠶᠢᠭᠤᠯᠤᠮᠵᠢ ᠪᠠᠷ ᠨᠦᠬᠦᠪᠦᠷᠢ ᠪᠤᠯᠭᠠᠭᠰᠠᠨ ᠨᠡᠶᠢᠭᠡᠮ ᠤᠨ ᠢᠳᠡᠭᠡᠮᠵᠢ ᠶᠢᠨ ᠪᠠᠶᠢᠭᠤᠯᠤᠯᠳᠠ ᠶᠢᠨ ᠵᠤᠬᠢᠶᠠᠨ ᠪᠠᠶᠢᠭᠤᠯᠤᠯᠳᠠ | ᠶᠢᠨ ᠰᠢᠰᠲ᠋ᠧᠮᠵᠢ ᠶᠢ ᠭᠦᠴᠦᠯᠡᠨ ᠪᠠᠶᠢᠭᠤᠯᠵᠤ᠂ ᠵᠠᠰᠠᠭ ᠤᠨ ᠤᠷᠳᠤᠨ ᠤᠳᠤᠷᠢᠳᠴᠤ᠂ ᠨᠡᠶᠢᠭᠡᠮ ᠨᠡᠶᠢᠳᠡ ᠬᠠᠮᠳᠤᠪᠠᠷ ᠪᠠᠶᠢᠭᠤᠯᠬᠤ ᠭᠦᠭᠵᠢᠯᠳᠡ ᠶᠢᠨ ᠪᠠᠶᠢᠳᠠᠯ ᠢ ᠪᠤᠢ | ᠪᠤᠯᠭᠠᠨ᠎ᠠ᠃ | 3᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠤᠨ ᠴᠢᠳᠠᠮᠵᠢ ᠶᠢ ᠲᠡᠰ ᠲᠡᠪᠰᠢᠬᠦᠯᠦᠨ | ᠲᠡᠬᠦᠯᠳᠡᠷᠵᠢᠬᠦᠯᠦᠨ᠎ᠡ᠃ ᠤᠳᠤᠬᠠᠨ ᠳᠤ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠨᠢᠬᠡᠨᠳᠡ ᠮᠡᠳᠡᠭᠡ ᠵᠠᠩᠬᠢ | ᠶᠢ ᠨᠡᠯᠢᠶᠡᠳ ᠰᠠᠶᠢᠨ ᠬᠤᠷᠢᠶᠠᠨ ᠴᠤᠭᠯᠠᠭᠤᠯᠬᠤ ᠪᠠ ᠬᠠᠮᠢᠶᠠᠷᠬᠤ ᠴᠢᠳᠠᠪᠤᠷᠢ ᠶᠢ ᠪᠦᠷᠢᠯᠳᠦᠬᠦᠯᠪᠠ᠂ ᠲᠠᠷᠠᠭᠠᠴᠢ ᠶᠢᠨ ᠠᠯᠬᠤᠮ ᠳᠤ ᠢᠳᠡᠭᠡᠮᠵᠢ ᠶᠢᠨ ᠮᠡᠳᠡᠭᠡ ᠵᠠᠩᠬᠢ | ᠶᠢᠨ ᠦᠢᠯᠡᠴᠢᠯᠡᠭᠡ ᠪᠠ ᠭᠡᠷᠡᠭᠯᠡᠭᠡᠨ ᠤ ᠴᠢᠳᠠᠪᠤᠷᠢ ᠶᠢ ᠤᠯᠠᠮ ᠲᠡᠰ ᠲᠡᠪᠰᠢᠬᠦᠯᠵᠤ᠂ ᠬᠤᠪᠢ ᠬᠦᠮᠦᠨ ᠪᠤᠯᠤᠨ ᠬᠠᠤᠯᠢ ᠶᠢᠨ ᠬᠦᠮᠦᠨ ᠵᠡᠷᠭᠡ ᠡᠯ᠎ᠡ ᠲᠦᠷᠦᠯ ᠤᠨ | ᠢᠳᠡᠭᠡᠮᠵᠢ ᠶᠢᠨ ᠭᠤᠤᠯ ᠴᠤᠭᠴᠠ ᠳᠤ ᠡᠷᠭᠡ ᠬᠦᠴᠦᠨ ᠪᠦᠬᠦᠢ ᠢᠳᠡᠭᠡᠮᠵᠢ ᠶᠢᠨ ᠭᠡᠷᠡᠭᠯᠡᠭᠡᠨ ᠤ ᠦᠢᠯᠡᠴᠢᠯᠡᠭᠡ ᠶᠢ ᠬᠠᠩᠭᠠᠬᠤ ᠶᠢᠨ ᠬᠠᠮᠳᠤ ᠦᠪᠡᠷᠳᠡᠭᠡᠨ ᠵᠠᠰᠠᠬᠤ | ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠤᠨ ᠲᠠᠪᠴᠠᠩ ᠤᠨ ᠨᠡᠪᠳᠡᠷᠡᠬᠦ ᠴᠢᠳᠠᠪᠤᠷᠢ ᠶᠢ ᠦᠷᠭᠡᠳᠭᠡᠵᠤ᠂ ︽ᠢᠳᠡᠭᠡᠮᠵᠢᠳᠤ ᠲᠤᠮᠳᠠᠳᠤ ᠤᠯᠤᠰ︾ | ᠰᠦᠯᠵᠢᠶ᠎ᠡ ᠪᠤᠯᠤᠨ ᠪᠦᠬᠦ ᠤᠯᠤᠰ ᠤᠨ ᠡᠯ᠎ᠡ ᠮᠤᠵᠢ ᠬᠤᠳᠠ ᠶᠢᠨ ᠢᠳᠡᠭᠡᠮᠵᠢ ᠶᠢᠨ ᠰᠢᠰᠲ᠋ᠧᠮᠵᠢ ᠲᠠᠢ ᠵᠤᠯᠭᠠᠭᠤᠯᠬᠤ ᠶᠢ ᠪᠡᠶᠡᠯᠡᠬᠦᠯᠵᠤ᠂ ᠪᠦᠬᠦ ᠤᠯᠤᠰ ᠤᠨ | ᠢᠳᠡᠭᠡᠮᠵᠢ ᠶᠢᠨ ᠬᠢᠨᠠᠨ ᠬᠠᠮᠢᠶᠠᠷᠤᠯᠳᠠ ᠶᠢ ᠪᠦᠷᠬᠦᠭᠰᠡᠨ ︽ᠲᠤᠤᠷ ᠰᠦᠯᠵᠢᠶ᠎ᠡ︾ ᠶᠢ ᠪᠤᠢ ᠪᠤᠯᠭᠠᠨ᠎ᠠ᠃ | ᠺᠧ ᠡᠷᠬᠢᠯᠡᠭᠴᠢ᠄ | 4᠂ ᠢᠳᠡᠭᠡᠮᠵᠢ ᠶᠢᠨ ᠬᠠᠮᠳᠤᠷᠠᠭᠰᠠᠨ ᠱᠠᠩᠨᠠᠨ ᠲᠤᠷᠭᠠᠬᠤ ᠠᠵᠢᠯ ᠢ ᠬᠦᠨᠵᠡᠬᠡᠢ ᠦᠷᠨᠢᠬᠦᠯᠤᠨ᠎ᠡ᠃ ᠤᠳᠤᠬᠠᠨ ᠳᠤ ᠦᠷᠨᠢᠬᠦᠯᠵᠤ ᠪᠠᠶᠢᠭ᠎ᠠ ᠢᠳᠡᠭᠡᠮᠵᠢ ᠶᠢᠨ | ᠬᠠᠮᠳᠤᠷᠠᠭᠰᠠᠨ ᠰᠢᠳᠭᠡᠨ ᠵᠠᠯᠬᠠᠭᠠᠬᠤ ᠠᠵᠢᠯ ᠨᠢ ᠲᠤᠷᠰᠢᠯᠳᠠ ᠶᠢᠨ ᠱᠠᠳᠤᠨ ᠳᠠᠭᠠᠨ ᠪᠠᠶᠢᠬᠤ ᠲᠤᠯᠠ ᠡᠯ᠎ᠡ ᠰᠠᠯᠠᠭ᠎ᠠ ᠮᠦᠴᠢᠷ ᠦᠵᠡᠯ ᠰᠠᠨᠠᠭ᠎ᠠ ᠪᠠᠨ ᠤᠯᠠᠮ ᠨᠢᠬᠡ | ᠠᠯᠬᠤᠮ ᠴᠢᠯᠦᠬᠡᠯᠡᠵᠤ᠂ ᠡᠭᠦᠳᠦᠯᠳᠡ ᠶᠢᠨ ᠴᠢᠨᠠᠷᠳᠠᠢ ᠠᠵᠢᠯ ᠢᠶᠠᠨ ᠦᠷᠨᠢᠬᠦᠯᠬᠦ ᠴᠢᠬᠤᠯᠠᠳᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ᠂ ᠰᠠᠯᠠᠭ᠎ᠠ ᠮᠦᠴᠢᠷ ᠤᠨ | ᠬᠠᠮᠳᠤᠷᠠᠯᠴᠠᠬᠤ ᠲᠤᠭᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠤ᠂ ᠮᠡᠳᠡᠭᠡ ᠵᠠᠩᠬᠢ ᠶᠢᠨ ᠰᠢᠰᠲ᠋ᠧᠮᠵᠢ ᠶᠢ ᠵᠤᠯᠭᠠᠭᠤᠯᠬᠤ ᠪᠠ ᠲᠤᠬᠠᠶᠢᠯᠠᠭᠰᠠᠨ ᠠᠵᠢᠯ ᠳᠤ | ᠬᠠᠮᠵᠢᠯᠴᠠᠨ ᠬᠢᠨᠠᠵᠤ ᠬᠠᠮᠢᠶᠠᠷᠬᠤ ᠵᠡᠷᠭᠡ ᠠᠵᠢᠯ ᠢ ᠴᠢᠩᠭᠠᠳᠬᠠᠵᠤ᠂ ᠨᠡᠩ ᠪᠦᠷᠢᠨ ᠲᠡᠭᠦᠯᠳᠡᠷᠵᠢᠭᠰᠡᠨ ︽ᠢᠳᠡᠭᠡᠯ ᠢ ᠡᠷᠬᠢᠮᠯᠡᠪᠡᠯ ᠤᠷᠮᠠᠰᠢᠭᠤᠯᠬᠤ︾ ᠪᠠ ︽ᠢᠳᠡᠭᠡᠯ | ᠠᠯᠳᠠᠪᠠᠯ ᠰᠢᠳᠭᠡᠨ ᠵᠠᠯᠬᠠᠭᠠᠬᠤ︾ ᠲᠦᠷᠢᠮ ᠢ ᠲᠤᠭᠳᠠᠭᠠᠵᠤ᠂ ︽ᠢᠳᠡᠭᠡᠮᠵᠢᠳᠤ ᠦᠪᠦᠷ ᠮᠤᠩᠭᠤᠯ︾ ᠤᠨ ᠪᠠᠶᠢᠭᠤᠯᠤᠯᠳᠠ ᠶᠢ ᠪᠦᠬᠦ ᠭᠦᠴᠦᠨ ᠢᠶᠠᠷ ᠢᠶᠠᠨ ᠲᠦᠯᠬᠢᠨ | ᠠᠬᠢᠭᠤᠯᠤᠨ᠎ᠡ᠃ | ᠭᠦᠳᠦᠯᠦᠭᠴᠢ᠄ ᠵᠠ ᠰᠠᠶᠢᠨ ᠪᠤᠯᠤᠯ᠎ᠠ᠂ ᠺᠧ ᠡᠷᠬᠢᠯᠡᠭᠴᠢ ᠶᠢᠨ ᠬᠠᠯᠠᠰᠢᠷᠠᠯ ᠦᠬᠡᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠮᠦᠨᠴᠤ ᠦᠷᠭᠡᠨ ᠤᠯᠠᠨ | ᠰᠦᠯᠵᠢᠶᠡᠨ ᠠᠨᠳᠠ ᠨᠠᠷ ᠤᠨ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠤᠳᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠦᠨᠳᠦᠷᠯᠡᠬᠦ ᠪᠤᠯᠤᠯ᠎ᠠ᠂ ᠲᠠᠷᠠᠭᠠᠴᠢ | ᠶᠢᠨ ᠫᠷᠦᠭᠷᠡᠮ ᠳᠤ ᠪᠠᠶᠠᠷᠳᠠᠢ ᠵᠤᠯᠭᠠᠶ᠎ᠠ︕ | | |