ᠬᠥᠳᠡᠭᠡ ᠲᠣᠰᠬᠤᠨ ᠤ ᠰᠤᠷᠤᠭᠴᠢ ᠶᠢᠨ ᠰᠢᠮ᠎ᠡ ᠲᠡᠵᠢᠭᠡᠯ ᠢ ᠪᠣᠳᠠᠲᠠᠢ ᠪᠠᠷ ᠰᠠᠶᠢᠵᠢᠷᠠᠭᠤᠯᠵᠤ᠂ ᠬᠥᠳᠡᠭᠡ | ᠲᠣᠰᠬᠤᠨ ᠤ ᠰᠤᠷᠤᠭᠴᠢ ᠵᠢᠨᠡᠷᠡᠭᠦᠯ ᠮᠡᠨᠳᠦ ᠶᠢᠨ ᠲᠦᠪᠰᠢᠨ ᠢ ᠲᠠᠰᠤᠷᠠᠯᠲᠠ ᠦᠭᠡᠢ ᠪᠠᠷ ᠳᠡᠭᠡᠭᠰᠢᠯᠡᠭᠦᠯᠦᠨ᠂ | ᠬᠤᠲᠠ ᠬᠥᠳᠡᠭᠡ ᠶᠢᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠪᠠᠷ ᠬᠥᠭᠵᠢᠭᠦᠯᠬᠦ ᠶᠢ ᠲᠦᠷᠭᠡᠳᠬᠡᠬᠦ ᠶᠢᠨ ᠲᠤᠰᠠᠲᠠ | ᠂ ᠥᠪᠡᠷᠲᠡᠭᠡᠨ ᠵᠠᠰᠠᠬᠤ ᠣᠷᠣᠨ ᠤ ᠡᠳ᠋ ᠵᠠᠰᠠᠭ ᠤᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ ᠤᠨ | ︽ᠬᠤᠶᠠᠳᠤᠭᠠᠷ ᠤᠳᠠᠭᠠᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠰᠤᠷᠤᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠲᠥᠪ ᠤᠨ ᠲᠤᠰᠠᠯᠠᠮᠵᠢ ᠶᠢᠨ ᠮᠥᠩᠭᠦ ᠶᠢ | ᠳᠣᠷᠣᠭᠰᠢ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠡᠳ᠋ ᠤᠨ ᠵᠠᠰᠠᠭ ᠰᠤᠷᠭᠠᠨ ﹇2015﹈ 770 ᠲᠣᠭᠠᠲᠤ︶ | ᠪᠢᠴᠢᠭ ᠮᠠᠲ᠋ᠧᠷᠢᠶᠠᠯ ᠢ ᠦᠨᠳᠦᠰᠦᠯᠡᠨ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠣᠷᠴᠢᠮᠬᠠᠨ ᠡᠯ᠎ᠡ | ᠬᠤᠰᠢᠭᠤ ᠰᠢᠶᠠᠨ ᠳᠤ 2015 ᠣᠨ᠂ 2016 ᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠰᠤᠷᠤᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ 1214 ᠲᠦᠮᠡᠨ | ᠲᠥᠭᠦᠷᠢᠭ ᠲᠥᠪ ᠤᠨ ᠲᠤᠰᠠᠯᠠᠮᠵᠢ ᠶᠢᠨ ᠮᠥᠩᠭᠦ ᠶᠢ ᠳᠣᠷᠣᠭᠰᠢ ᠪᠠᠭᠤᠯᠭᠠᠵᠠᠢ᠃ ᠲᠤᠰ ᠲᠥᠷᠥᠯ ᠶᠢᠨ ᠮᠥᠩᠭᠦ ᠨᠢ | 123 ᠰᠤᠷᠭᠠᠭᠤᠯᠢ ᠶᠢ ᠲᠤᠰᠠᠯᠠᠵᠤ᠂ 45230 ᠨᠡᠷ᠎ᠡ ᠰᠤᠷᠤᠭᠴᠢ ᠳᠤ ᠠᠰᠢᠭ ᠬᠦᠷᠲᠡᠭᠡᠵᠡᠢ᠃ |