ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠪᠢᠴᠢᠭ | ᠮᠠᠲ᠋ᠧᠷᠢᠶᠠᠯ ᠪᠠᠭᠤᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ 16 | ᠬᠦᠷᠢᠶᠡᠯᠡᠩ ᠲᠣᠭᠤᠷᠢᠭ ᠢ ᠵᠥᠪᠰᠢᠶᠡᠷᠡᠵᠦ᠂ ᠤᠯᠠᠭᠠᠨᠴᠠᠪ ᠬᠤᠲᠠ ᠶᠢᠨ ︽ᠤᠯᠠᠭᠠᠨᠴᠠᠪ ᠤᠨ ᠰᠢᠩᠾᠧ ᠰᠢᠶᠠᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ︾ ᠪᠣᠯᠤᠨ ︽ᠤᠯᠠᠭᠠᠨᠴᠠᠪ ᠤᠨ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠣᠭᠤᠷᠢᠭ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠪᠦᠯᠦᠭ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠡᠢ᠃ | ᠤᠯᠠᠭᠠᠨᠴᠠᠪ ᠤᠨ ᠰᠢᠩᠾᠧ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ | ᠲᠣᠭᠤᠷᠢᠭ ᠢ ᠰᠢᠩᠾᠧ ᠰᠢᠶᠠᠨ ᠤ ᠲᠢᠶᠠᠨ ᠹᠧᠩ ᠢᠳᠡᠰᠢᠨ ᠨᠣᠭᠤᠭ᠎ᠠ ᠶᠢᠨ ᠲᠠᠷᠢᠶᠠᠴᠢᠨ ᠤ ᠲᠤᠰᠬᠠᠶᠢᠵᠢᠭᠰᠠᠨ | ᠬᠤᠷᠰᠢᠶ᠎ᠠ ᠪᠦᠲᠦᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠨᠢ 3 ᠲᠦᠮᠡᠨ ᠮᠦ ᠭᠠᠵᠠᠷ ᠲᠠᠯᠠᠪᠤᠷ ᠡᠵᠡᠯᠡᠨ᠂ | ᠬᠦᠢᠲᠡᠨ ᠰᠡᠷᠢᠭᠦᠨ ᠣᠷᠣᠨ ᠤ ᠢᠳᠡᠰᠢᠨ ᠨᠣᠭᠤᠭ᠎ᠠ ᠶᠢᠨ ᠲᠠᠷᠢᠮᠠᠯ ᠤᠨ ᠲᠠᠯᠠᠪᠠᠶ ᠨᠢ 2 ᠲᠦᠮᠡᠨ ᠮᠦ ᠪᠠᠶᠢᠵᠤ᠂ | ᠡᠭᠦᠨ ᠳᠤ ᠪᠡᠯᠡᠳᠬᠡᠮᠵᠢᠲᠦ ᠲᠠᠷᠢᠶᠠᠯᠠᠩ ᠨᠢ 60 ᠮᠦ ᠭᠠᠵᠠᠷ ᠡᠵᠡᠯᠡᠵᠦ᠂ ᠭᠤᠣᠯᠳᠠᠭᠤ ᠬᠦᠢᠲᠡᠨ ᠰᠡᠷᠢᠭᠦᠨ ᠤᠯᠠᠷᠢᠯ | ᠤᠨ ᠢᠳᠡᠰᠢᠨ ᠨᠣᠭᠤᠭ᠎ᠠ ᠳᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠪᠣᠯᠵᠤ ᠪᠠᠶᠢᠨ᠎ᠠ᠃ ᠬᠦᠷᠢᠶᠡᠯᠡᠩ | ᠲᠣᠭᠤᠷᠢᠭ ᠤᠨ ᠨᠥᠭᠡᠴᠡᠯᠡᠵᠦ ᠡᠳ᠋ᠰᠢᠭᠦᠯᠬᠦ ᠳᠤ 20 ᠮᠦ ᠭᠠᠵᠠᠷ ᠡᠵᠡᠯᠡᠨ᠂ ᠵᠢᠯ ᠳᠤ 800 ᠲᠦᠮᠡᠨ ᠵᠢᠩ | ᠨᠦᠬᠡᠴᠡᠯᠡᠵᠦ ᠡᠳ᠋ᠰᠢᠭᠦᠯᠵᠦ ᠪᠠᠶᠢᠨ᠎ᠠ᠃ ᠤᠯᠠᠭᠠᠨᠴᠠᠪ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠲᠧᠩ ᠹᠸᠢ ᠲᠠᠷᠢᠶᠠᠴᠢᠨ ᠤ ᠲᠤᠰᠬᠠᠶᠢᠵᠢᠭᠰᠠᠨ ᠬᠤᠷᠰᠢᠶ᠎ᠠ ᠪᠦᠲᠦᠭᠡᠨ ᠪᠠᠶᠢᠭᠤᠯᠵᠤ᠂ | ᠬᠦᠷᠢᠶᠡᠯᠡᠩ ᠲᠣᠭᠤᠷᠢᠭ ᠨᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 5 ᠰᠤᠮᠤ ᠰᠢᠶᠠᠩ ᠪᠠᠯᠭᠠᠰᠤ ᠲᠠᠢ | ᠬᠤᠯᠪᠣᠭᠳᠠᠵᠤ᠂ ᠤᠰᠤᠲᠤ ᠪᠠᠯᠭᠠᠰᠤ ᠪᠠᠷ ᠭᠤᠣᠯ ᠣᠷᠣᠨ ᠪᠣᠯᠭᠠᠵᠤ᠂ 1.2 ᠲᠦᠮᠡᠨ ᠮᠥ ᠭᠠᠵᠠᠷ ᠲᠠᠯᠠᠪᠤᠷ ᠲᠠᠢ︔ | ᠬᠦᠬᠡᠪᠤᠷ ᠪᠠᠯᠭᠠᠰᠤ᠂ ᠲᠡᠰᠬᠢ ᠪᠠᠯᠭᠠᠰᠤ᠂ ᠪᠠᠶᠠᠨ ᠰᠢᠶᠠᠩ᠂ ᠲᠦ᠋ ᠴᠧᠩ ᠽᠢ ᠰᠢᠶᠠᠩ ᠵᠡᠷᠭᠡ ᠪᠠᠯᠭᠠᠰᠤ ᠨᠢ ᠵᠢᠱᠢᠶ᠎ᠡ | ᠦᠵᠡᠭᠦᠯᠬᠦ ᠲᠣᠭᠤᠷᠢᠭ ᠪᠣᠯᠵᠤ᠂ 4 ᠲᠦᠮᠡᠨ ᠮᠦ ᠭᠠᠵᠠᠷ ᠲᠠᠯᠠᠪᠤᠷ ᠲᠠᠢ᠃ ᠪᠦᠭᠦ ᠬᠤᠰᠢᠭᠤᠨ ᠤ 8 ᠲᠦᠮᠡᠨ ᠮᠦ | ᠤᠯᠠᠭᠠᠨ ᠰᠢᠷ᠎ᠠ ᠯᠤᠤᠪᠠᠩ ᠤᠨ ᠲᠠᠷᠢᠶ᠎ᠠ᠂ 20 ᠲᠦᠮᠡᠨ ᠮᠦ ᠲᠥᠮᠥᠰᠥ ᠶᠢᠨ ᠲᠠᠷᠢᠶ᠎ᠠ ᠶᠢ ᠬᠠᠮᠤᠷᠴᠣ ᠪᠤᠢ᠃ | ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ | ᠲᠣᠭᠤᠷᠢᠭ ᠢᠶᠠᠷ ᠦᠨᠡᠯᠡᠭᠳᠡᠭᠰᠡᠨ ᠶᠠᠪᠤᠳᠠᠯ ᠨᠢ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ᠂ ᠲᠠᠷᠢᠶᠠᠯᠠᠩ ᠮᠠᠯ | ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠠᠵᠤ ᠠᠬᠤᠶᠢᠯᠠᠯ ᠢ ᠪᠣᠶᠢᠵᠢᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ | ᠢ ᠬᠦᠭᠵᠢᠭᠦᠯᠬᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠪᠣᠯᠣᠨ ᠲᠠᠷᠢᠶᠠᠯᠠᠩ ᠮᠠᠯ ᠠᠵᠤ | ᠠᠬᠤᠶ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠲᠦᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ |